ᠠᠪᠢᠶᠠᠰ ᠪᠢᠯᠢᠭ ᠢᠶᠠᠨ ᠪᠠᠳᠠᠷᠠᠭᠤᠯᠵᠤ ᠠᠯᠢᠶ᠎ᠠ ᠲᠡᠭᠦᠨᠠᠷ ᠢᠶᠠᠨ ᠭᠥᠳᠥᠯᠤᠯ᠎ᠠ
ᠨᠡᠶᠢᠲᠡᠯᠡᠭᠰᠡᠨ ᠴᠠᠭ᠄
2018-10-12
      ᠶᠡᠭᠡ ᠰᠤᠷᠭᠠᠭᠤᠯᠢ ᠪᠠᠨ ᠲᠡᠭᠦᠰᠭᠡᠭᠡᠳ ᠬᠤᠲᠠ ᠳᠤ ᠦᠯᠡᠳᠡᠭᠰᠡᠨ ᠵᠠᠯᠠᠭᠤᠴᠤᠳ ᠤᠨ ᠳᠤᠮᠳᠠ ᠶᠠᠭᠤ ᠬᠢᠭᠦ  ᠪᠠᠨ ᠤᠯᠵᠤ ᠶᠠᠳᠠᠭᠰᠠᠨ᠂ ᠠᠯᠢ ᠡᠰᠡᠭᠦᠯ᠎ᠡ ᠰᠦᠯᠵᠢᠶᠡᠨ ᠮᠠᠶᠢᠮᠠᠢ ᠭᠦᠭᠵᠢᠭᠡᠳ ᠦᠢᠯᠡᠰ ᠪᠤᠰᠬᠠᠬᠤ ᠳᠤ ᠤᠯᠠᠮ ᠭᠦᠴᠢᠷᠳᠡᠯ ᠲᠠᠢ ᠪᠤᠯᠤᠯ᠎ᠠ ᠬᠡᠵᠤ ᠡᠷᠡᠭᠡᠯᠵᠡᠯ ᠲᠠᠢ ᠪᠠᠶᠢᠬᠤ ᠨᠢ ᠨᠢᠭᠡ ᠪᠢᠰᠢ ᠤᠯᠠᠨ᠂ ᠲᠡᠭᠡᠭᠦ ᠳᠤ ᠵᠠᠷᠢᠮ ᠵᠠᠯᠠᠭᠤᠴᠤᠳ ᠬᠠᠷᠢᠨ ᠵᠤᠷᠢᠭᠲᠠᠢ ᠰᠡᠳᠬᠢᠵᠤ ᠪᠦᠲᠦᠭᠡᠯᠴᠢ ᠠᠵᠢᠯ ᠬᠢᠵᠤ᠂ ᠴᠦᠭᠡᠨ ᠭᠦᠮᠦᠨ ᠬᠢᠵᠤ ᠪᠠᠶᠢᠬᠤ ᠪᠤᠶᠤ ᠭᠦᠮᠦᠰ ᠲᠤ ᠱᠠᠭᠠᠷᠳᠠᠭᠳᠠᠵᠤ ᠪᠠᠶᠢᠭ᠎ᠠ ᠠᠵᠢᠯ ᠲᠦᠷᠦᠯ ᠢ ᠰᠤᠩᠭᠤᠨ ᠦᠢᠯᠡᠰ ᠪᠣᠰᠬᠠᠵᠤ ᠰᠢᠨ᠎ᠠ ᠭᠠᠷᠬᠤ ᠵᠠᠮ ᠰᠦᠪᠡᠭᠴᠢᠯᠡᠵᠦ ᠪᠠᠶᠢᠨ᠎ᠠ᠃ ᠣᠶᠣᠨᠲᠠᠨ᠎ᠠ ᠪᠤᠯ ᠲᠠᠭᠦᠨ ᠤ ᠲᠤᠳᠤᠷᠠᠭᠢ ᠨᠢᠭᠡ ᠨᠢ ᠪᠤᠯᠤᠨ᠎ᠠ᠃      ᠰᠤᠷᠪᠤᠯᠵᠢᠯᠠᠭᠴᠢ ᠦᠤᠰᠢᠨ ᠬᠤᠰᠢᠭᠤᠨ ᠤ ᠲᠦᠪ ᠭᠠᠯᠠᠭᠤᠳᠤ ᠪᠠᠯᠭᠠᠰᠤᠨ ᠳᠤ ᠪᠠᠶᠢᠭ᠎ᠠ ︽ᠵᠢᠭᠲᠡᠶᠢᠬᠡᠨ ᠵᠢᠷᠣᠭᠠᠴᠢ︾ ᠪᠣᠯᠪᠠᠰᠣᠷᠠᠯ ᠤᠨ ᠠᠩᠬᠢ ᠳᠤ ᠬᠦᠷᠭᠦ ᠳᠤ ᠰᠤᠷᠤᠭᠴᠢᠳ ᠭᠠᠷ ᠤᠷᠠᠯᠠᠯ᠂ ᠴᠢᠯᠥᠭᠡᠳᠤ ᠪᠦᠵᠢᠭ᠂ ᠶᠠᠷᠢᠶ᠎ᠠ ᠢᠯᠡᠳᠭᠡᠯ ᠤᠨ ᠬᠢᠴᠢᠶᠠᠯ ᠤᠷᠤᠵᠣ ᠪᠠᠶᠢᠯ᠎ᠠ᠃ ᠣᠶᠣᠨᠲᠠᠨ᠎ᠠ ᠡᠨᠡᠭᠦ ᠠᠩᠭᠢ ᠳᠠᠭᠠᠨ ᠦᠪᠡᠷ ᠢᠶᠠᠨ ᠴᠢᠯᠥᠭᠡᠳᠤ ᠪᠦᠵᠢᠭ ᠤᠨ ᠬᠢᠴᠢᠶᠠᠯ ᠤᠷᠤᠲᠠᠭ᠃ ᠣᠶᠣᠨᠳᠠᠨ᠎ᠠ ᠬᠢᠴᠢᠶᠡᠯ ᠣᠷᠣᠬᠤ ᠳᠤ ᠪᠠᠨ ᠪᠦᠬᠦ ᠰᠡᠳᠬᠢᠯ ᠢᠶᠠᠨ ᠲᠦᠪᠯᠡᠷᠡᠭᠦᠯᠦᠨ ᠬᠡᠦᠬᠡᠳ ᠤᠨ ᠣᠨᠴᠠᠯᠢᠭ ᠠᠷᠠᠨᠰᠢᠨ᠂ ᠳᠣᠷ᠎ᠠ ᠪᠠᠬ᠎ᠠ ᠵᠡᠷᠭᠡ ᠡᠯ᠎ᠡ ᠲᠠᠯ᠎ᠠ ᠶᠢ ᠮᠠᠰᠢ ᠬᠢᠷᠠᠬᠠᠢ ᠠᠵᠢᠨ ᠂ ᠬᠡᠣᠬᠡᠳ ᠨᠢᠭᠡᠪᠦᠷᠢ ᠶᠢᠨ ᠬᠢᠨ ᠤ ᠤᠨᠴᠠᠯᠢᠭ ᠲᠤᠨᠢ ᠵᠤᠬᠢᠴᠠᠭᠤᠯᠤᠨ ᠪᠤᠯᠪᠠᠰᠤᠷᠠᠯ ᠬᠢᠳᠡᠭ ᠪᠠᠶᠢᠨ᠎ᠠ᠃      ᠤᠶᠤᠨᠳᠠᠨ᠎ᠠ ᠪᠠᠭ᠎ᠠ ᠠᠴᠠ ᠪᠦᠵᠢᠭ ᠲᠤ ᠲᠤᠷ᠎ᠠ ᠪᠠᠭ᠋ᠠᠳᠠᠢ ᠪᠠᠶᠢᠵᠤ᠂ ᠪᠠᠭ᠎ᠠ ᠰᠤᠷᠭᠠᠭᠤᠯᠢ ᠠᠴᠠ ᠦᠨᠳᠤᠷ ᠲᠤᠮᠳᠠᠳᠤ ᠬᠦᠷᠳᠡᠯ᠎ᠡ ᠪᠦᠷ ᠦᠨᠳᠤᠰᠤᠳᠡᠨ ᠤ ᠪᠦᠵᠢᠭ ᠢᠶᠠᠷ ᠭᠤᠤᠯ ᠪᠤᠯᠭᠠᠵᠤ᠂ ᠶᠡᠭᠡ ᠰᠤᠷᠭᠠᠭᠤᠯᠢ ᠳᠤ ᠤᠷᠤᠭᠰᠠᠨ  ᠤ ᠲᠠᠷᠠᠭ᠎ᠠ ᠴᠢᠯᠥᠭᠡᠳᠤ ᠪᠦᠵᠢᠭ ᠪᠦᠵᠢᠭᠯᠡᠵᠤ᠂ ᠶᠡᠭᠡ ᠰᠤᠷᠭᠠᠭᠠᠤᠯᠢ ᠪᠠᠨ ᠲᠡᠭᠦᠰᠭᠡᠭᠡᠳ ᠦᠤᠰᠢᠨ ᠬᠤᠰᠢᠭᠤᠨ ᠤ ᠭᠤᠷᠪᠠᠳᠤᠭᠠᠷ ᠴᠡᠴᠡᠷᠯᠢᠭ ᠲᠤ ᠪᠦᠵᠢᠭ ᠤᠨ ᠪᠠᠭᠰᠢ ᠪᠠᠷ ᠪᠠᠭᠰᠢᠯᠠᠵᠤ ᠪᠠᠶᠢᠭᠰᠠᠨ ᠠᠴᠠ ᠠᠵᠢᠯ ᠢᠶᠠᠨ ᠬᠠᠶᠠᠨ ᠦᠪᠡᠷ  ᠢᠶᠠᠨ ᠦᠢᠯᠡᠰ ᠪᠣᠰᠬᠠᠬᠤ ᠲᠦᠷᠦ ᠶᠢᠨ ᠪᠣᠳᠤᠯᠭ᠎ᠠ ᠶᠢᠨ ᠰᠠᠶᠢᠬᠠᠨ ᠴᠠᠭ ᠲᠤᠬᠢᠶᠠᠯ ᠢ ᠠᠳᠬᠤᠨ ᠠᠯᠪᠠᠲᠠᠨ ᠰᠢᠯᠭᠠᠵᠤ ᠲᠤᠭᠲᠠᠪᠤᠷᠢᠲᠠᠢ ᠠᠵᠢᠯ ᠤᠯᠬᠤ ᠭᠡᠭᠰᠡᠨ ᠪᠣᠳᠤᠯ ᠳᠠᠭᠠᠨ ᠨᠢᠭᠡᠯᠡ ᠤᠶᠠᠭᠳᠠᠭ᠎ᠠ ᠦᠭᠡᠢ᠂ ᠬᠠᠷᠢᠨ ᠦᠪᠡᠷ ᠤᠨ ᠢᠶᠠᠨ ᠳᠣᠷ᠎ᠠ ᠪᠠᠬ᠎ᠠ ᠳᠤ ᠪᠠᠨ ᠲᠥᠰᠢᠭᠯᠡᠵᠤ ᠰᠡᠳᠬᠢᠯ ᠲᠠᠭᠠᠷᠠᠳᠠᠭ ᠨᠠᠶᠢᠵᠠ ᠲᠠᠢ ᠪᠠᠨ ᠬᠤᠰᠢᠭᠤᠨ ᠤ ᠲᠦᠪ ᠭᠠᠯᠠᠭᠤᠲᠤ ᠪᠠᠯᠭᠠᠰᠤᠨ ᠳᠤ ︽ᠵᠢᠭᠲᠡᠶᠢᠬᠡᠨ ᠵᠢᠷᠣᠭᠠᠴᠢ︾ ᠭᠡᠭᠦ ᠪᠠᠭᠠᠴᠣᠳ ᠬᠡᠦᠬᠡᠳ ᠲᠤ ᠵᠣᠷᠢᠭᠤᠯᠠᠭᠰᠠᠨ ᠪᠤᠯᠪᠠᠰᠤᠷᠠᠯ ᠤᠨ ᠠᠩᠬᠢ ᠶᠢ ᠡᠷᠬᠢᠯᠡᠵᠤ᠂ ᠦᠪᠡᠷ ᠢᠶᠠᠨ ᠤᠶᠢᠯᠡᠰ ᠪᠤᠰᠬᠠᠨ ᠰᠢᠨ᠎ᠡ ᠴᠠᠭ ᠤᠨ ᠰᠢᠨ᠎ᠠ ᠵᠠᠯᠠᠭᠤᠴᠤᠳ ᠤᠨ ᠲᠠᠭᠤᠷᠢᠶᠠᠯ ᠪᠤᠯᠵᠤ ᠶᠠᠪᠤᠨ᠎ᠠ᠃      ᠤᠶᠤᠨᠲᠠᠨ᠎ᠠ᠄ ︽ᠠᠵᠢᠯᠲᠠᠨ ᠡᠯᠰᠡᠬᠦ ᠰᠢᠯᠭᠠᠯᠳᠠ ᠠᠷᠪᠢᠨ ᠪᠠᠶᠢᠬᠤ ᠴᠤ ᠪᠠᠶᠢᠨ᠎ᠠ᠂ ᠠᠵᠢᠯ ᠤᠯᠬᠤ ᠬᠦᠮᠦᠨ  ᠤ ᠲᠤᠭ᠎ᠠ ᠵᠢᠯ ᠠᠴᠠ ᠵᠢᠯ ᠨᠡᠮᠡᠭᠳᠡᠵᠦ ᠪᠠᠶᠢᠨ᠎ᠠ᠃ ᠰᠢᠯᠭᠠᠭᠳᠠᠵᠤ ᠤᠷᠤᠬᠤ ᠨᠤᠷᠮ᠎ᠠ ᠤᠯᠠᠮ ᠠᠴᠠ ᠤᠯᠠᠮ ᠲᠤᠷᠤᠭᠰᠢᠯᠠᠵᠤ ᠪᠠᠶᠢᠨ᠎ᠠ᠃ ᠡᠶᠢᠮᠤ ᠪᠠᠶᠢᠳᠠᠯ ᠤᠨ ᠲᠤᠤᠷ᠎ᠠ ᠪᠢ ᠦᠪᠡᠷ ᠢᠶᠠᠨ ᠤᠶᠢᠯᠡᠰ ᠪᠤᠰᠬᠠᠬᠤ ᠪᠤᠳᠣᠯ ᠲᠠᠢ᠂ ᠮᠢᠨᠤ ᠲᠤᠷ᠎ᠠ ᠪᠠᠬ᠎ᠠ ᠪᠣᠯ ᠴᠢᠯᠥᠭᠡᠳᠤ ᠪᠦᠵᠢᠭ᠂ ᠲᠠᠩ ᠭᠠᠭᠴᠠ ᠪᠦᠵᠢᠭ ᠤᠨ ᠬᠢᠴᠢᠶᠠᠯ ᠤᠷᠤᠬᠤ ᠨᠢ ᠠᠰᠢᠭ ᠦᠭᠡᠢ ᠪᠤᠯᠬᠤᠷ ᠤᠯᠠᠨ ᠲᠦᠷᠥᠯ ᠤᠨ ᠬᠢᠴᠢᠶᠠᠯ ᠢ ᠤᠷᠤᠪᠠᠯ ᠭᠡᠤᠭᠡᠳ ᠴᠤᠭᠯᠠᠷᠠᠬᠤ ᠨᠢ ᠠᠷᠪᠢᠨ︾ ᠭᠡᠵᠤ ᠦᠪᠡᠷ ᠤᠨ ᠠᠵᠢᠯ ᠤᠨ ᠢᠶᠠᠨ ᠲᠤᠬᠠᠢ ᠶᠠᠷᠢᠵᠤ ᠪᠠᠶᠢᠯ᠎ᠠ᠃      ᠤᠶᠤᠨᠳᠠᠨ᠎ᠠ 2017 ᠣᠨ ᠤ 12 ᠰᠠᠷ᠎ᠠ ᠳᠤ ︽ᠵᠢᠭᠲᠡᠶᠢᠬᠡᠨ ᠵᠢᠷᠣᠭᠠᠴᠢ︾ ᠪᠤᠯᠪᠠᠰᠤᠷᠠᠯ ᠤᠨ ᠠᠩᠭᠢ ᠶᠢ ᠨᠡᠭᠡᠭᠡᠵᠦ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠪᠠ ᠴᠢᠯᠦᠭᠡᠨ ᠬᠤᠭᠤᠴᠠᠭᠠᠨ ᠤ ᠴᠠᠭ ᠢᠶᠠᠷ ᠬᠡᠤᠬᠡᠳ ᠪᠠᠭᠠᠴᠤᠳ ᠲᠤ ᠶᠠᠷᠢᠶ᠎ᠠ ᠢᠯᠡᠳᠭᠡᠯ᠂ ᠴᠢᠯᠦᠭᠡᠲᠦ ᠪᠦᠵᠢᠭ᠂ ᠤᠷᠠᠨ ᠵᠢᠷᠤᠭ᠂ ᠭᠠᠷ ᠤᠷᠠᠯᠠᠯ ᠵᠡᠷᠭᠡ ᠠᠭᠤᠯᠭ᠎ᠠ ᠪᠦᠬᠦᠢ ᠭᠡᠴᠢᠶᠡᠯ ᠲᠦᠷᠦᠯ ᠤᠨ ᠪᠣᠯᠪᠠᠰᠤᠷᠠᠯ ᠢ ᠭᠥᠷᠳᠡᠭᠡᠵᠤ ᠥᠪᠠᠷ ᠤᠨ ᠲᠤᠷ᠎ᠠ ᠪᠠᠬ᠎ᠠ ᠳᠤ ᠪᠠᠨ ᠭᠥᠳᠥᠯᠥᠭᠳᠠᠨ ᠥᠢᠯᠡᠰ ᠢᠶᠠᠨ ᠪᠤᠰᠬᠠᠵᠤ ᠶᠠᠪᠤᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号