ᠰᠢᠷᠬᠤᠰᠤᠨ ᠪᠠᠯᠭᠠᠰᠤ ᠲᠤᠬᠠᠢ ᠶᠢᠨ ᠭᠠᠵᠠᠷ ᠤᠨ ᠢᠶᠠᠨ ᠮᠠᠯ ᠲᠠᠷᠢᠶᠠᠯᠠᠩ ᠤᠨ ᠦᠢᠯᠡᠰ ᠤᠨ ᠺᠤᠮᠫᠠᠨᠢ ᠲᠠᠢ | ᠬᠠᠮᠳᠤᠷᠠᠵᠤ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠷᠬᠡ ᠶᠠᠳᠠᠭᠤ ᠬᠦᠴᠢᠷᠳᠡᠯᠳᠡᠢ ᠡᠷᠦᠬᠡ ᠶᠢᠨ ᠠᠵᠤ | ᠦᠢᠯᠡᠰ ᠤᠨ ᠲᠡᠳᠬᠦᠯᠳᠡ ᠶᠢᠨ ᠪᠡᠯᠡ ᠮᠦᠩᠬᠦ ᠶᠢ ᠺᠤᠮᠫᠠᠨᠢ ᠳᠤ ᠬᠤᠪᠢ ᠤᠷᠤᠭᠤᠯᠬᠤ ᠬᠡᠯᠪᠡᠷᠢ ᠪᠠᠷ ᠠᠰᠢᠭᠯᠠᠭᠠᠳ | ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠬᠢᠵᠢᠷᠠᠬᠤ ᠳᠤ ᠪᠠᠳᠤᠯᠠᠭ᠎ᠠ ᠬᠠᠩᠭᠠᠵᠤ ᠪᠠᠶᠢᠨ᠎ᠠ᠃ | ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠤᠰᠬᠤᠨ ᠤ ᠲᠠᠷᠢᠶᠠᠴᠢᠨ ᠵᠠᠩ ᠵᠠᠨ ᠶᠢᠨ ᠤᠳᠠᠭᠠᠨ ᠵᠢᠯ | ᠢᠶᠠᠷ ᠬᠦᠨᠳᠦ ᠡᠪᠡᠳᠴᠢᠨ ᠳᠤ ᠨᠡᠷᠪᠡᠭᠳᠡᠭᠰᠡᠨ ᠲᠡᠬᠡᠷ᠎ᠡ ᠪᠠᠨ ᠬᠦᠭᠰᠢᠨ ᠬᠤᠶᠠᠭᠤᠯᠠ ᠪᠠᠨ ᠨᠠᠰᠤᠨ ᠰᠡᠬᠦᠳᠡᠷ ᠨᠠᠶᠠ ᠶᠢ | ᠲᠠᠪᠠᠵᠤ ᠬᠦᠳᠡᠯᠮᠦᠷᠢᠯᠡᠬᠦ ᠴᠢᠳᠠᠪᠤᠷᠢ ᠦᠬᠡᠢ ᠪᠤᠯᠤᠭᠰᠠᠨ ᠪᠤᠯᠪᠠᠴᠤ ᠬᠠᠷᠢᠨ ᠺᠤᠮᠫᠠᠨᠢ ᠳᠤ ᠬᠤᠪᠢ ᠤᠷᠤᠭᠤᠯᠵᠤ ᠵᠢᠯ | ᠳᠡᠭᠡᠨ ᠲᠤᠭᠳᠠᠮᠠᠯ ᠤᠷᠤᠯᠭ᠎ᠠ ᠲᠠᠢ ᠠᠮᠢᠳᠤᠷᠠᠯ ᠢᠶᠠᠨ ᠦᠬᠡᠳᠡ ᠲᠠᠳᠠᠵᠤ ᠶᠠᠪᠤᠨ᠎ᠠ᠃ ᠲᠡᠳᠡᠨ ᠤ ᠬᠢᠨ ᠦᠥᠰᠢᠨ | ᠬᠤᠰᠢᠭᠤᠨ ᠤ ᠤᠳᠠ ᠶᠢᠨ ᠭᠤᠤᠯ ᠮᠠᠯ ᠲᠠᠷᠢᠶᠠᠯᠠᠩ ᠤᠨ ᠦᠢᠯᠡᠰ ᠤᠨ ᠨᠡᠬᠡᠬᠡᠯᠳᠡ ᠶᠢᠨ ᠺᠤᠮᠫᠠᠨᠢ ᠲᠠᠢ ᠲᠠᠪᠤᠨ ᠵᠢᠯ | ᠤᠨ ᠬᠤᠪᠢ ᠤᠷᠤᠭᠤᠯᠬᠤ ᠬᠡᠯᠡᠯᠴᠡᠬᠡᠷ ᠲᠤᠭᠳᠠᠵᠠᠢ᠃ | ᠰᠢᠷᠬᠤᠰᠤᠨ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠬᠤᠤ ᠴᠢᠶᠠᠩ᠄ ︽ | ᠶᠠᠳᠠᠭᠤ ᠬᠦᠴᠢᠷᠳᠡᠯᠳᠡᠢ ᠡᠷᠦᠬᠡ ᠠᠴᠠ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ᠂ ᠲᠦᠷ ᠴᠠᠭ | ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠬᠦᠨᠳᠦ ᠡᠪᠡᠳᠴᠢᠨ ᠳᠤ ᠨᠡᠷᠪᠡᠭᠳᠡᠭᠰᠡᠨ ᠡᠶᠢᠮᠦ ᠡᠷᠦᠬᠡ ᠤᠳ ᠢ | ᠬᠤᠪᠢ ᠤᠷᠤᠭᠤᠯᠬᠤ ᠡᠳᠡᠬᠡᠳ ᠢᠶᠠᠷ ᠲᠤᠭᠳᠠᠭᠠᠵᠤ᠂ ᠡᠳᠡᠬᠡᠷ ᠡᠷᠦᠬᠡ ᠶᠢᠨ ᠠᠵᠤ ᠦᠢᠯᠡᠰ ᠤᠨ ᠲᠡᠳᠬᠦᠯᠳᠡ ᠶᠢᠨ | ᠮᠦᠩᠬᠦ ᠶᠢ ᠬᠤᠪᠢ ᠤᠷᠤᠭᠤᠯᠬᠤ ᠬᠡᠯᠪᠡᠷᠢ ᠪᠠᠷ ᠮᠠᠨ ᠤ ᠠᠳᠡᠬᠢ ᠶᠢᠨ ᠺᠤᠮᠫᠠᠨᠢ ᠳᠤ ᠬᠤᠪᠢ ᠤᠷᠤᠭᠤᠯᠵᠤ ᠪᠤᠢ᠃ | ᠬᠦᠮᠦᠨ ᠪᠤᠯᠭᠠᠨ ᠵᠢᠯ ᠳᠤ 9000 ᠲᠦᠬᠦᠷᠢᠭ ᠤᠨ ᠲᠤᠰᠠᠯᠠᠨ ᠲᠠᠮᠵᠢᠬᠦ ᠪᠡᠯᠡ ᠮᠦᠩᠬᠦ ᠪᠠᠷ ᠬᠤᠪᠢ ᠤᠷᠤᠵᠤ ᠵᠢᠯ | ᠤᠨ ᠡᠴᠦᠰ ᠲᠤ 3000 ᠲᠦᠬᠦᠷᠢᠭ ᠤᠨ ᠠᠰᠢᠭ ᠬᠤᠪᠢᠶᠠᠵᠤ ᠠᠪᠳᠠᠭ︾ ᠭᠡᠵᠤ ᠶᠠᠷᠢᠵᠤ ᠪᠠᠶᠢᠯ᠎ᠠ᠃ | ᠦᠥᠰᠢᠨ ᠬᠤᠰᠢᠭᠤᠨ ᠤ ᠤᠳᠠ ᠶᠢᠨ ᠭᠤᠤᠯ ᠮᠠᠯ ᠲᠠᠷᠢᠶᠠᠯᠠᠩ ᠤᠨ ᠦᠢᠯᠡᠰ ᠤᠨ ᠨᠡᠬᠡᠬᠡᠯᠳᠡ ᠶᠢᠨ ᠺᠤᠮᠫᠠᠨᠢ | ᠶᠢᠨ ᠶᠡᠷᠦᠩᠬᠡᠢ ᠲᠠᠭᠠᠭᠠᠮᠠᠯ ᠯᠢᠶᠠᠩ ᠰᠢᠶᠤᠤ ᠫᠢᠩ ᠦᠵᠦᠮ᠂ ᠠᠯᠮᠤᠷᠠᠳ᠂ ᠲᠤᠳᠤᠷᠭ᠎ᠠ ᠵᠡᠷᠬᠡ ᠠᠵᠤ ᠦᠢᠯᠡᠰ ᠢ | ᠬᠦᠭᠵᠢᠬᠦᠯᠵᠦ ᠪᠠᠶᠢᠳᠠᠭ ᠠᠴᠠ ᠪᠡᠯᠡ ᠮᠦᠩᠬᠦᠨ ᠤ ᠡᠷᠬᠢᠯᠳᠡ ᠶᠡᠭᠡ ᠱᠠᠭᠠᠷᠳᠠᠭᠳᠠᠳᠠᠭ᠃ ᠶᠠᠳᠠᠭᠤ ᠬᠦᠴᠢᠷᠳᠡᠯᠳᠡᠢ | ᠡᠷᠦᠬᠡ ᠶᠢᠨ ᠬᠦᠮᠦᠨ ᠪᠤᠯᠭᠠᠨ ᠳᠤ ᠤᠯᠭᠤᠬᠤ 9000 ᠲᠦᠬᠦᠷᠢᠭ ᠤᠨ ᠠᠵᠤ ᠦᠢᠯᠡᠰ ᠤᠨ ᠲᠡᠳᠬᠦᠯᠳᠡ ᠶᠢᠨ | ᠪᠡᠯᠡ ᠮᠦᠩᠬᠦ ᠶᠢ ᠬᠤᠪᠢ ᠤᠷᠤᠭᠤᠯᠬᠤ ᠬᠡᠯᠪᠡᠷᠢ ᠪᠠᠷ ᠠᠰᠢᠭᠯᠠᠭᠰᠠᠨ ᠨᠢ ᠨᠢᠬᠡᠨᠳᠡ ᠬᠦᠳᠡᠯᠮᠦᠷᠢᠯᠡᠬᠦ ᠴᠢᠳᠠᠪᠤᠷᠢ ᠪᠠᠨ | ᠠᠯᠳᠠᠭᠰᠠᠨ ᠶᠠᠳᠠᠭᠤ ᠡᠷᠦᠬᠡ ᠤᠳ ᠠᠵᠤ ᠦᠢᠯᠡᠰ ᠲᠤ ᠲᠦᠰᠢᠭᠯᠡᠵᠦ ᠶᠠᠳᠠᠭᠤ ᠠᠴᠠ ᠠᠩᠬᠢᠵᠢᠷᠠᠬᠤ ᠳᠤ ᠬᠦᠴᠢᠷ | ᠪᠤᠯᠤᠭᠰᠠᠨ ᠠᠰᠠᠭᠤᠳᠠᠯ ᠢ ᠰᠢᠢᠳᠪᠤᠷᠢᠯᠡᠵᠦ᠂ ᠡᠳᠦᠷ ᠲᠤᠳᠤᠮ ᠤᠨ ᠬᠡᠷᠡᠭᠯᠡᠭᠡ᠂ ᠡᠮ ᠲᠠᠩ ᠤᠤᠭᠤᠬᠤ ᠵᠡᠷᠬᠡ | ᠵᠠᠷᠤᠳᠠᠯ ᠢᠶᠠᠨ ᠦᠪᠡᠷᠳᠡᠬᠡᠨ ᠰᠢᠢᠳᠪᠤᠷᠢᠯᠡᠵᠦ ᠲᠠᠶᠢᠯᠬᠦ ᠪᠤᠯᠵᠠᠢ᠃ ᠤᠳᠤ ᠤᠳᠠ ᠶᠢᠨ ᠭᠤᠤᠯ ᠲᠤᠰᠬᠤᠨ ᠤ | ᠠᠮᠢᠳᠤᠷᠠᠯ ᠬᠦᠴᠢᠷᠳᠡᠯᠳᠡᠢ 9 ᠡᠷᠦᠬᠡ ᠲᠤᠰ ᠺᠤᠮᠫᠠᠨᠢ ᠳᠤ ᠬᠤᠪᠢ ᠤᠷᠤᠵᠤ ᠪᠤᠢ᠃ |