ᠦᠬᠡᠷᠡᠴᠢᠯᠡᠯᠳᠡ ᠨᠡᠬᠡᠬᠡᠯᠳᠡ ᠬᠢᠭᠰᠡᠨ ᠲᠦᠴᠢᠨ ᠵᠢᠯ ᠤᠨ ᠲᠤᠷᠰᠢ ᠬᠦᠳᠡᠭᠡ ᠨᠤᠳᠤᠭ ᠤᠨ ᠬᠦᠭᠵᠢᠯᠳᠡ | ᠬᠦᠮᠦᠨ ᠠᠷᠠᠳ ᠢ ᠪᠠᠨ ᠪᠠᠶᠠᠰᠬᠠᠨ ᠮᠠᠯᠴᠢᠳ ᠦᠢᠯᠡᠳᠪᠤᠷᠢᠯᠡᠯ ᠠᠮᠢᠳᠤᠷᠠᠯ ᠳᠠᠭᠠᠨ ᠵᠤᠷᠢᠭᠳᠠᠢ ᠪᠠᠷ ᠰᠢᠨ᠎ᠡ ᠶᠢ | ᠡᠬᠦᠳᠴᠦ᠂ ᠤᠶᠤᠨᠴᠢᠯᠠᠭᠰᠠᠨ ᠠᠮᠢᠳᠤᠷᠠᠯ ᠢ ᠲᠠᠰᠤᠷᠠᠯᠳᠠ ᠦᠬᠡᠢ ᠡᠳ᠋ᠯᠡᠨ ᠴᠠᠭ ᠤᠨ ᠰᠠᠶᠢᠬᠠᠨ ᠳᠤ ᠵᠢᠷᠭᠠᠵᠤ | ᠴᠢᠨᠡᠬᠡᠯᠢᠭ ᠨᠡᠶᠢᠬᠡᠮ ᠵᠦᠭ ᠲᠠᠪᠰᠢᠵᠤ ᠶᠠᠪᠤᠨ᠎ᠠ᠃ | ᠰᠦᠯᠳᠡ ᠰᠤᠮᠤᠨ ᠤ ᠱᠠᠷᠯᠢᠭ ᠭᠠᠴᠠᠭᠠᠨ ᠤ ᠮᠠᠯᠴᠢᠨ ᠰᠤᠶᠤᠯᠳᠠᠯᠠᠢ ᠦᠷᠯᠦᠬᠡ ᠡᠷᠳᠡᠯᠡᠨ ᠪᠤᠰᠤᠮᠠᠭᠴᠠ ᠬᠤᠨᠢ | ᠦᠬᠡᠷ ᠤᠨ ᠢᠶᠠᠨ ᠬᠠᠮᠢᠭ᠎ᠠ ᠪᠡᠯᠴᠢᠬᠡᠷᠯᠡᠵᠦ ᠪᠠᠶᠢᠬᠤ ᠶᠢ ᠦᠵᠡᠳᠡᠭ᠃ ᠲᠡᠬᠡᠬᠦ ᠳᠡᠭᠡᠨ᠂ ᠦᠩᠬᠡᠷᠡᠭᠰᠡᠨ ᠤ ᠬᠢ ᠲᠠᠢ | ᠪᠠᠨ ᠠᠳᠠᠯᠢ ᠮᠤᠷᠢ ᠮᠤᠲ᠋ᠤᠷ ᠢᠶᠠᠨ ᠤᠨᠤᠵᠤ ᠮᠠᠯ ᠤᠨ ᠪᠡᠯᠴᠢᠭᠡᠷ ᠢᠶᠠᠨ ᠡᠷᠬᠢᠵᠤ ᠦᠵᠡᠬᠦ ᠪᠢᠰᠢ᠂ ᠬᠠᠷᠢᠨ ᠬᠡᠷ ᠲᠡᠭᠡᠨ | ᠰᠠᠭᠤᠵᠤ ᠪᠠᠶᠢᠭᠠᠳ ᠵᠢᠵᠢᠭ ᠨᠢᠰᠬᠡᠯ ᠢᠶᠠᠨ ᠨᠢᠰᠬᠡᠵᠦ ᠮᠠᠯ ᠤᠨ ᠪᠡᠯᠴᠢᠭᠡᠷ ᠢᠶᠠᠨ ᠡᠷᠬᠢᠵᠤ ᠦᠵᠡᠳᠡᠭ᠃ | ᠰᠦᠯᠳᠡ ᠰᠤᠮᠤᠨ ᠤ ᠱᠠᠷᠯᠢᠭ ᠭᠠᠴᠠᠭᠠᠨ ᠤ ᠮᠠᠯᠴᠢᠨ ᠰᠤᠶᠤᠯᠳᠠᠯᠠᠢ᠄ ︽ᠮᠠᠨ ᠤ ᠮᠠᠯᠵᠢᠬᠤ ᠤᠷᠤᠨ ᠳᠤ | ᠤᠳᠠᠰᠤᠨ ᠬᠦᠷᠢᠶ᠎ᠠ ᠮᠠᠰᠢ ᠤᠯᠠᠨ ᠪᠠᠶᠢᠳᠠᠭ ᠪᠤᠯᠬᠤᠷ ᠮᠠᠰᠢᠨ ᠢᠶᠠᠷ ᠶᠠᠪᠤᠬᠤ ᠳᠤ ᠤᠯᠠᠨ ᠡᠬᠦᠳᠡ ᠨᠡᠭᠡᠭᠡᠵᠤ ᠢᠯᠡᠭᠦᠦ | ᠲᠤᠰᠤ ᠲᠦᠯᠡᠳᠡᠭ᠃ ᠡᠨᠡ ᠬᠦ ᠪᠠᠶᠢᠳᠠᠯ ᠤᠨ ᠳᠤᠤᠷ᠎ᠠ ᠪᠢ ᠴᠠᠭ ᠲᠤ ᠭᠠᠮᠳᠠᠢ᠂ ᠲᠤᠰᠤᠨ ᠳᠤ ᠠᠷᠪᠢᠲᠠᠢ ᠵᠢᠵᠢᠭ | ᠨᠢᠰᠭᠡᠯ ᠢ ᠡᠭᠦᠳᠦᠭᠰᠡᠨ ᠪᠠᠶᠢᠨ᠎ᠠ︾ ᠭᠡᠪᠡ᠃ | ᠦᠢᠯᠡᠳᠪᠤᠷᠢᠯᠡᠯ ᠠᠮᠢᠳᠤᠷᠠᠯ ᠳᠠᠭᠠᠨ ᠦᠷᠬᠦᠯᠵᠢ ᠰᠢᠨ᠎ᠡ ᠡᠬᠦᠳᠦᠯᠳᠡ ᠪᠠᠨ ᠠᠰᠢᠭᠯᠠᠬᠤ ᠶᠢᠨ ᠤᠯᠠᠮ ᠠᠴᠠ | ᠬᠦᠳᠡᠯᠮᠦᠷᠢ ᠬᠦᠴᠦ ᠪᠠᠨ ᠠᠷᠪᠢᠯᠠᠵᠤ ᠨᠡᠩ ᠢᠯᠡᠬᠦᠦ ᠠᠰᠢᠭ ᠤᠷᠤᠯᠭ᠎ᠠ ᠡᠬᠦᠳᠬᠦ ᠪᠠᠷ ᠴᠢᠷᠮᠠᠶᠢᠵᠤ ᠶᠠᠪᠤᠳᠠᠭ ᠨᠢ | ᠰᠤᠶᠤᠯᠳᠠᠯᠠᠢ ᠶᠢᠨ ᠡᠷᠢᠯ ᠬᠦᠬᠡᠬᠡᠴᠡᠯᠳᠦᠯ ᠪᠢᠯᠡ᠃ ᠲᠡᠷᠡ ᠡᠨᠡᠬᠦ ᠡᠷᠢᠯ ᠬᠦᠭᠡᠭᠡᠴᠡᠯᠳᠦᠯ ᠢᠶᠠᠨ ᠪᠡᠶᠡᠯᠡᠬᠦᠯᠬᠦ ᠶᠢᠨ | ᠲᠤᠰᠠᠲᠠ ᠰᠢᠷᠭᠠᠭᠤ ᠴᠢᠷᠮᠠᠶᠢᠨ ᠭᠦᠨᠵᠡᠭᠡᠢ ᠰᠤᠷᠤᠯᠴᠠᠵᠤ ᠨᠢᠮᠪᠠᠢ ᠠᠵᠢᠯᠯᠠᠭᠰᠠᠨ ᠠᠴᠠ ᠤᠳᠤ ᠦᠥᠰᠢᠨ ᠬᠤᠰᠢᠭᠤᠨ | ᠤ ᠤᠶᠤᠨᠴᠢᠯᠠᠭᠰᠠᠨ ᠮᠠᠯ ᠠᠵᠤ ᠠᠬᠤᠢ ᠰᠢᠨᠵᠢᠯᠡᠭᠡ ᠮᠡᠷᠬᠡᠵᠢᠯ ᠤᠨ ᠵᠢᠱᠢᠶ᠎ᠡ ᠦᠵᠡᠬᠦᠯᠬᠦ ᠡᠷᠦᠬᠡ ᠪᠤᠯᠵᠠᠢ᠃ | ᠮᠠᠯ ᠤᠰᠤᠯᠠᠬᠤ ᠤᠩᠭᠤᠴᠠ ᠪᠤᠯ ᠰᠤᠶᠤᠯᠳᠠᠯᠠᠢ ᠶᠢᠨ ᠬᠤᠶᠠᠳᠤᠭᠠᠷ ᠶᠡᠭᠡ ᠡᠬᠦᠳᠦᠯᠳᠡ ᠪᠤᠯᠤᠨ᠎ᠠ᠃ ᠲᠤᠰ | ᠤᠩᠭᠤᠴᠠ ᠨᠢ ᠰᠡᠯᠬᠢᠨ ᠬᠦᠴᠦ᠂ ᠨᠠᠷᠠᠨ ᠡᠨᠧᠷᠬᠢ᠂ ᠴᠠᠬᠢᠯᠭᠠᠨ ᠵᠡᠷᠬᠡ ᠶᠢ ᠪᠦᠷ ᠠᠰᠢᠭᠯᠠᠵᠤ ᠪᠤᠯᠬᠤ ᠮᠦᠷᠳᠡᠬᠡᠨ | ᠬᠤᠨᠢ ᠮᠠᠯ ᠤᠰᠤ ᠤᠤᠭᠤᠬᠤ ᠪᠠᠷ ᠢᠷᠡᠬᠦ ᠳᠤ ᠡᠯ᠎ᠡ ᠮᠡᠳᠡᠷᠡᠭᠴᠢ ᠲᠤᠨᠤᠭ ᠤᠨ ᠬᠠᠮᠳᠤ ᠳᠠᠭᠠᠨ ᠠᠵᠢᠯᠯᠠᠬᠤ ᠪᠠᠷ | ᠲᠠᠮᠵᠢᠨ ᠦᠪᠡᠷᠳᠡᠬᠡᠨ ᠤᠰᠤ ᠭᠠᠷᠬᠤ ᠮᠦᠷᠳᠡᠬᠡᠨ ᠭᠠᠳᠠᠨᠠᠬᠢ ᠲᠤᠯᠠᠭᠠᠨ ᠤ ᠬᠡᠮᠵᠢᠶ᠎ᠡ ᠪᠠᠭᠤᠷᠠᠬᠤ ᠦᠶ᠎ᠡ ᠳᠤ ᠤᠰᠤ | ᠨᠢ ᠪᠤᠴᠠᠭᠠᠳ ᠬᠤᠳᠳᠤᠭ ᠲᠠᠭᠠᠨ ᠤᠷᠤᠳᠠᠭ ᠠᠴᠠ ᠡᠪᠦᠯ ᠤᠨ ᠬᠦᠢᠳᠡᠨ ᠳᠤ ᠬᠦᠯᠳᠡᠬᠦ ᠦᠬᠡᠢ ᠪᠠᠶᠢᠳᠠᠭ᠃ ᠡᠨᠡ | ᠤᠩᠭᠤᠴᠠ ᠶᠢ ᠰᠤᠶᠤᠯᠳᠠᠯᠠᠢ 2010 ᠤᠨ ᠠᠴᠠ ᠡᠬᠢᠯᠡᠵᠦ ᠦᠪᠡᠷ ᠢᠶᠠᠨ ᠲᠤᠷᠰᠢᠨ ᠬᠡᠷᠡᠭᠯᠡᠬᠦ ᠶᠢᠨ ᠲᠤᠮᠳᠠ | ᠲᠠᠰᠤᠷᠠᠯᠳᠠ ᠦᠬᠡᠢ ᠲᠡᠬᠦᠯᠳᠡᠷᠵᠢᠬᠦᠯᠵᠤ 2012 ᠤᠨ ᠳᠤ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠦᠢᠯᠡᠰ | ᠤᠨ ᠨᠡᠬᠡᠬᠡᠯᠳᠡ ᠶᠢᠨ ᠠᠯᠪᠠᠨ ᠬᠡᠷ ᠠᠴᠠ ᠰᠤᠶᠤᠯᠳᠠᠯᠠᠢ ᠳᠤ ᠲᠤᠰᠬᠠᠢ ᠲᠦᠷᠦᠯ ᠵᠦᠢᠯ ᠤᠨ ᠵᠢᠬᠡᠯᠡᠯᠬᠡ ᠶᠢᠨ ᠮᠦᠩᠬᠦ | ᠦᠭᠴᠦ ᠲᠤᠰ ᠤᠩᠭᠤᠴᠠ ᠶᠢ ᠵᠠᠬ᠎ᠠ ᠲᠡᠯᠬᠡᠬᠦᠷ ᠲᠤ ᠭᠠᠷᠭᠠᠨ ᠪᠤᠷᠤᠯᠠᠭᠤᠯᠬᠤ ᠵᠡᠷᠬᠡ ᠳᠤᠨᠢ ᠲᠤᠰᠠᠯᠠᠯ᠎ᠠ᠃ | ᠰᠤᠶᠤᠯᠳᠠᠯᠠᠢ ᠪᠠᠰᠠ ᠬᠡᠷ ᠲᠡᠭᠡᠨ ᠰᠠᠭᠤᠵᠤ ᠪᠠᠶᠢᠭᠠᠳ ᠤᠰᠤᠯᠠᠯᠳᠠ ᠶᠢᠨ ᠲᠦᠬᠦᠬᠡᠷᠦᠮᠵᠢ ᠪᠠᠨ ᠭᠠᠷ ᠤᠳᠠᠰᠤ | ᠪᠠᠷ ᠢᠶᠠᠨ ᠡᠵᠡᠮᠳᠡᠬᠦ ᠵᠡᠷᠭᠡ ᠤᠯᠠᠨ ᠲᠠᠯ᠎ᠠ ᠶᠢᠨ ᠤᠶᠤᠨᠴᠢᠯᠠᠭᠰᠠᠨ ᠡᠬᠦᠳᠦᠯᠳᠡ ᠶᠢ ᠠᠮᠢᠳᠤᠷᠠᠯ ᠳᠠᠭᠠᠨ ᠠᠰᠢᠭᠯᠠᠵᠤ | ᠪᠤᠢ᠃ | ᠬᠡᠷ ᠲᠡᠭᠡᠨ ᠰᠠᠭᠤᠵᠤ ᠪᠠᠶᠢᠭᠠᠳ ᠰᠦᠯᠵᠢᠶ᠎ᠡ ᠶᠢ ᠠᠰᠢᠭᠯᠠᠨ ᠦᠢᠯᠡᠳᠪᠤᠷᠢᠯᠡᠯ ᠠᠮᠢᠳᠤᠷᠠᠯ ᠳᠠᠭᠠᠨ | ᠦᠢᠯᠡᠴᠢᠯᠡᠬᠦᠯᠬᠦ᠂ ᠲᠡᠷᠡ ᠲᠤᠰᠤᠮ ᠢᠶᠠᠨ ᠦᠪᠡᠷ ᠤᠨ ᠢᠶᠠᠨ ᠡᠭᠦᠳᠦᠭᠰᠡᠨ ᠰᠢᠨᠵᠢᠯᠡᠬᠦ ᠣᠬᠠᠭᠠᠨ ᠤ ᠦᠷ᠎ᠡ ᠪᠦᠳᠦᠬᠡᠯ | ᠢᠶᠠᠨ ᠮᠠᠯᠴᠢᠨ ᠲᠦᠮᠡᠨ ᠳᠡᠭᠡᠨ ᠡᠳ᠋ᠯᠡᠬᠦᠯᠬᠦ᠂ ᠰᠦᠯᠵᠢᠶᠡᠨ ᠲᠡᠬᠡᠷ᠎ᠡ ᠴᠢᠯᠦᠬᠡᠳᠡᠢ ᠭᠠᠷᠴᠤ ᠨᠡᠶᠢᠬᠡᠮ ᠤᠨ ᠰᠤᠨᠢᠨ | ᠰᠤᠨᠤᠰᠬᠠᠯ ᠴᠠᠭ ᠲᠦᠷᠦ ᠶᠢᠨ ᠪᠠᠶᠢᠳᠠᠯ ᠢ ᠦᠷᠬᠦᠯᠵᠢ ᠰᠤᠨᠢᠷᠬᠠᠵᠤ ᠠᠩᠬᠠᠷᠬᠤ ᠵᠡᠷᠬᠡ ᠨᠢ ᠬᠤᠳᠠ ᠪᠠᠯᠭᠠᠰᠤᠨ ᠠᠴᠠ | ᠬᠤᠯᠠ ᠬᠦᠳᠡᠭᠡ ᠨᠤᠳᠤᠭ ᠲᠤ ᠠᠮᠢᠳᠤᠷᠠᠵᠤ ᠪᠠᠶᠢᠭ᠎ᠠ ᠮᠠᠯᠴᠢᠳ ᠤᠨ ᠲᠤᠮᠳᠠ ᠨᠢᠬᠡᠨᠳᠡ ᠭᠠᠶᠢᠬᠠᠮᠠᠷ ᠵᠦᠢᠯ ᠪᠢᠰᠢ | ᠪᠤᠯᠵᠠᠢ᠃ ᠮᠠᠯᠴᠢᠨ ᠰᠤᠶᠤᠯᠳᠠᠯᠠᠢ ᠪᠣᠯ ᠤᠶᠤᠨᠴᠢ ᠠᠮᠢᠳᠤᠷᠠᠯ ᠢ ᠡᠳ᠋ᠯᠡᠵᠦ ᠶᠠᠪᠤᠭ᠎ᠠ ᠮᠠᠨ ᠤ ᠬᠤᠰᠢᠭᠤᠨ ᠤ ᠮᠠᠯᠴᠢᠨ | ᠲᠦᠮᠡᠨ ᠤ ᠨᠡᠶᠢᠲᠡᠯᠢᠭ ᠵᠢᠱᠢᠶ᠎ᠡ ᠶᠢᠨ ᠨᠢᠭᠡ ᠪᠤᠯᠬᠤ ᠶᠤᠮ᠃ |