ᠬᠤᠶᠠᠷ ᠤᠯᠤᠰ ᠤᠨ ᠲᠡᠷᠢᠬᠦᠨ ᠰᠢᠨ᠎ᠠ ᠴᠠᠭ ᠦᠶ᠎ᠠ ᠶᠢᠨ ᠳᠤᠮᠳᠠᠳᠤ ᠨᠤᠷᠸᠠᠢ ᠶᠢᠨ ᠬᠠᠷᠢᠯᠴᠠᠭᠠᠨ ᠤ | ᠬᠦᠭᠵᠢᠯᠳᠠ ᠳᠤ ᠰᠢᠨ᠎ᠠ ᠬᠦᠳᠡᠯᠭᠡᠬᠦ ᠬᠦᠴᠦᠨ ᠨᠡᠮᠡᠷᠢᠯᠡᠵᠦ ᠬᠤᠶᠠᠷ ᠤᠯᠤᠰ ᠤᠨ ᠤᠯᠠᠮᠵᠢᠯᠠᠯᠳᠦ ᠨᠦᠬᠦᠷᠯᠡᠯ ᠤᠨ | ᠰᠢᠨ᠎ᠠ ᠬᠠᠭᠤᠳᠠᠰᠤ ᠶᠢ ᠪᠢᠴᠢᠭᠯᠡᠬᠦ ᠪᠠᠷ ᠰᠠᠨᠠᠯ ᠨᠢᠭᠡᠳᠠᠢ ᠵᠦᠪᠰᠢᠶᠡᠷᠡᠵᠠᠢ | | | ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 16 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠨᠤᠷᠸᠠᠢ ᠶᠢᠨ ᠤᠯᠤᠰ ᠤᠨ | ᠸᠠᠩ ᠬᠠᠯᠠᠷ ᠲᠠᠪᠤᠳᠤᠭᠠᠷ ᠲᠠᠢ ᠭᠡᠯᠡᠯᠴᠡᠭᠡ ᠬᠢᠵᠦ᠂ ᠬᠤᠶᠠᠷ ᠤᠯᠤᠰ ᠤᠨ ᠲᠡᠷᠢᠬᠦᠨ ᠠᠴᠠ ᠰᠢᠨ᠎ᠠ ᠴᠠᠭ ᠦᠶ᠎ᠠ ᠶᠢᠨ | ᠳᠤᠮᠳᠠᠳᠤ ᠨᠤᠷᠸᠠᠢ ᠶᠢᠨ ᠬᠠᠷᠢᠯᠴᠠᠭᠠᠨ ᠤ ᠬᠦᠭᠵᠢᠯᠳᠠ ᠳᠤ ᠰᠢᠨ᠎ᠠ ᠬᠦᠳᠡᠯᠭᠡᠬᠦ ᠬᠦᠴᠦᠨ ᠨᠡᠮᠡᠷᠢᠯᠡᠵᠦ᠂ ᠬᠤᠶᠠᠷ | ᠤᠯᠤᠰ ᠤᠨ ᠤᠯᠠᠮᠵᠢᠯᠠᠯᠳᠦ ᠨᠦᠬᠦᠷᠯᠡᠯ ᠤᠨ ᠰᠢᠨ᠎ᠠ ᠬᠠᠭᠤᠳᠠᠰᠤ ᠶᠢ ᠪᠢᠴᠢᠭᠯᠡᠬᠦ ᠪᠠᠷ ᠰᠠᠨᠠᠯ ᠨᠢᠭᠡᠳᠠᠢ ᠵᠦᠪᠰᠢᠶᠡᠷᠡᠵᠠᠢ᠃ | | ᠰᠢ ᠶᠢᠨ ᠫᠢᠩ ᠬᠠᠯᠠᠷ ᠲᠠᠪᠤᠳᠤᠭᠠᠷ ᠤᠨ ᠳᠤᠮᠳᠠᠳᠤ ᠳᠤ ᠢᠷᠡᠵᠦ ᠲᠦᠷᠦ ᠶᠢᠨ ᠶᠠᠪᠤᠳᠠᠯ ᠤᠨ ᠠᠶᠢᠯᠴᠢᠯᠠᠯᠳᠠ | ᠬᠢᠭᠰᠡᠨ ᠢ ᠪᠠᠶᠠᠷᠯᠠᠨ ᠤᠬᠳᠤᠵᠦ᠂ ᠬᠠᠯᠠᠷ ᠲᠠᠪᠤᠳᠤᠭᠠᠷ ᠪᠤᠯᠤᠨ ᠨᠤᠷᠸᠠᠢ ᠶᠢᠨ ᠬᠠᠭᠠᠨ ᠤ ᠤᠬᠰᠠᠭ᠎ᠠ ᠶᠢᠨ ᠬᠢᠨ | ᠤᠷᠳᠤ ᠬᠤᠭᠤᠴᠠᠭᠠᠨ ᠤ ᠲᠤᠷᠰᠢ ᠳᠤᠮᠳᠠᠳᠤ ᠨᠤᠷᠸᠠᠢ ᠶᠢᠨ ᠬᠠᠷᠢᠯᠴᠠᠭᠠᠨ ᠤ ᠬᠦᠭᠵᠢᠯᠳᠠ ᠶᠢ ᠬᠠᠯᠠᠮᠵᠢᠯᠠᠨ ᠳᠡᠮᠵᠢᠵᠦ | ᠂ ᠬᠤᠶᠠᠷ ᠤᠯᠤᠰ ᠤᠨ ᠨᠦᠬᠦᠷᠯᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠢ ᠮᠠᠬᠳᠠᠨ | ᠰᠠᠶᠢᠰᠢᠶᠠᠪᠠ᠃ ᠰᠢ ᠶᠢᠨ ᠫᠢᠩ᠂ ᠳᠤᠮᠳᠠᠳᠤ ᠨᠤᠷᠸᠠᠢ ᠶᠢᠨ ᠬᠠᠷᠢᠯᠴᠠᠭ᠎ᠠ 2016 ᠤᠨ ᠳᠤ ᠬᠡᠪ ᠤᠨ ᠪᠠᠶᠢᠳᠠᠯ ᠳᠤ | ᠤᠷᠤᠬᠰᠠᠨ ᠠᠴᠠ ᠨᠠᠰᠢ ᠡᠯᠪᠡᠭ ᠪᠠᠶᠠᠯᠢᠭ ᠦᠷ᠎ᠠ ᠪᠦᠲᠦᠭᠡᠯ ᠤᠯᠵᠠᠢ᠃ ᠳᠤᠮᠳᠠᠳᠤ ᠨᠤᠷᠸᠠᠢ ᠶᠢᠨ ᠬᠠᠷᠢᠯᠴᠠᠭ᠎ᠠ ᠶᠢᠨ | ᠦᠷᠬᠦᠯᠵᠢᠯᠡᠨ ᠡᠷᠡᠬᠦᠯ ᠲᠤᠭᠳᠠᠭᠤᠨ ᠢᠶᠠᠷ ᠬᠦᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ | ᠬᠠᠮᠳᠦ ᠶᠢᠨ ᠠᠰᠢᠬ ᠲᠤᠰᠠ ᠳᠤ ᠨᠡᠶᠢᠴᠡᠬᠦ ᠪᠦᠭᠡᠳ ᠪᠠᠰᠠ ᠡᠩᠭᠡ ᠲᠠᠶᠢᠪᠤᠩ᠂ ᠬᠦᠭᠵᠢᠯᠳᠠ᠂ ᠬᠠᠮᠳᠤᠷᠠᠯᠴᠠᠭ᠎ᠠ᠂ | ᠬᠠᠮᠳᠤ ᠪᠠᠷ ᠠᠰᠢᠬ ᠬᠦᠷᠳᠡᠬᠦ ᠴᠠᠭ ᠦᠶ᠎ᠠ ᠶᠢᠨ ᠤᠷᠤᠰᠬᠠᠯ ᠳᠤ ᠨᠡᠶᠢᠴᠡᠬᠦ ᠶᠤᠮ᠃ ᠨᠤᠷᠸᠠᠢ ᠪᠤᠯ ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠪᠤᠯᠤᠨ ᠳᠤᠮᠳᠠᠳᠤ ᠤᠯᠤᠰ ᠤᠨ ᠵᠠᠬ᠎ᠠ ᠳᠡᠯᠭᠡᠬᠦᠷ ᠤᠨ ᠠᠵᠤ ᠠᠬᠤᠢ ᠶᠢᠨ | ᠪᠠᠶᠢᠷᠢ ᠰᠠᠭᠤᠷᠢ ᠶᠢ ᠬᠠᠮᠤᠭ ᠤᠨ ᠡᠷᠳᠡ ᠮᠡᠳᠡᠷᠡᠭᠰᠡᠨ ᠡᠸᠦ᠋ᠷᠦᠫᠠ ᠲᠢᠪ ᠤᠨ ᠤᠯᠤᠰ ᠤᠳ ᠤᠨ ᠨᠢᠭᠡ ᠪᠤᠯᠤᠨ᠎ᠠ᠃ | ᠳᠠᠷᠠᠭ᠎ᠠ ᠵᠢᠯ᠂ ᠳᠤᠮᠳᠠᠳᠤ ᠨᠤᠷᠸᠠᠢ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠨ ᠤᠬᠳᠤᠬᠤ | ᠪᠤᠯᠤᠨ᠎ᠠ᠂ ᠳᠤᠮᠳᠠᠳᠤ ᠶᠢᠨ ᠲᠠᠯ᠎ᠠ ᠶᠢᠨ ᠬᠢᠨ ᠳᠤᠷᠠᠳᠠᠶ᠎ᠠ ᠨᠤᠷᠸᠠᠢ ᠶᠢᠨ ᠬᠢᠨ ᠲᠠᠢ ᠬᠠᠮᠳᠦ ᠡᠬᠦᠨ ᠢᠶᠠᠷ ᠠᠵᠠ | ᠲᠤᠬᠢᠶᠠᠯ ᠪᠤᠯᠭᠠᠨ ᠳᠤᠮᠳᠠᠳᠤ ᠨᠤᠷᠸᠠᠢ ᠶᠢᠨ ᠬᠠᠷᠢᠯᠴᠠᠭᠠᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠳᠤ ᠪᠠᠷ | ᠡᠬᠦᠳᠦᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠳᠡᠭᠡᠯᠴᠡᠭᠡ ᠪᠠᠨ ᠳᠠᠰᠤᠷᠠᠯᠳᠠ ᠦᠭᠡᠢ | ᠪᠠᠬᠢᠵᠢᠬᠦᠯᠦᠨ ᠴᠢᠩᠭᠠᠳᠬᠠᠵᠤ᠂ ᠬᠠᠷᠢᠯᠴᠠᠨ ᠬᠦᠨᠳᠦᠳᠭᠡᠬᠦ᠂ ᠡᠷᠭᠡ ᠲᠡᠭᠰᠢ ᠪᠠᠷ ᠬᠠᠨᠳᠤᠯᠴᠠᠬᠤ ᠶᠠᠪᠤᠯᠴᠠᠭᠠᠨ ᠤ | ᠵᠠᠷᠴᠢᠮ ᠢ ᠪᠠᠷᠢᠮᠳᠠᠯᠠᠨ᠂ ᠲᠤᠰ ᠲᠤᠰ ᠤᠨ ᠢᠶᠠᠨ ᠭᠤᠤᠯᠯᠠᠭᠴᠢ ᠠᠰᠢᠬ ᠲᠤᠰᠠ ᠪᠤᠯᠤᠨ ᠠᠩᠬᠠᠷᠤᠨ ᠬᠠᠯᠠᠮᠵᠢᠯᠠᠵᠤ | ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠦᠢᠴᠡᠳ ᠬᠦᠨᠳᠦᠳᠭᠡᠬᠦ ᠶᠢᠨ ᠬᠠᠮᠳᠦ ᠦᠨᠡᠨ ᠬᠦ ᠠᠩᠬᠠᠷᠤᠨ ᠬᠠᠷᠠᠭᠠᠯᠵᠠᠵᠦ | ᠂ ᠳᠤᠮᠳᠠᠳᠤ ᠨᠤᠷᠸᠠᠢ ᠶᠢᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠪᠠᠳᠤ ᠪᠠᠬᠢ ᠤᠯᠤᠰ | ᠲᠦᠷᠦ ᠶᠢᠨ ᠰᠠᠭᠤᠷᠢ ᠶᠢ ᠲᠠᠯᠪᠢᠶ᠎ᠠ᠃ ᠡᠯ᠎ᠠ ᠬᠦᠷᠢᠶᠡᠨ ᠳᠠᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ | ᠦᠷᠬᠦᠯᠵᠢᠯᠡᠨ ᠬᠦᠨᠵᠡᠭᠡᠶᠢᠷᠡᠬᠦᠯᠦᠨ ᠦᠷᠭᠡᠳᠭᠡᠵᠦ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ | ᠬᠠᠮᠳᠤᠷᠠᠯᠴᠠᠭ᠎ᠠ ᠳᠤ ᠪᠦᠬᠦ ᠲᠠᠯ᠎ᠠ ᠶᠢᠨ ᠲᠦᠷᠢᠮ ᠤᠨ ᠴᠢᠨᠠᠷᠳᠠᠢ ᠲᠤᠬᠢᠷᠠᠭᠤᠯᠤᠯᠳᠠ ᠬᠢᠵᠦ᠂ ᠨᠡᠩ ᠦᠨᠳᠦᠷ | ᠲᠦᠪᠰᠢᠨ ᠪᠦᠬᠦᠢ ᠬᠠᠷᠢᠯᠴᠠᠨ ᠠᠰᠢᠬᠲᠠᠢ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠦᠶ᠎ᠠ᠃ ᠳᠤᠮᠳᠠᠳᠤ ᠶᠢᠨ ᠲᠠᠯ᠎ᠠ | ᠳᠤᠷᠠᠳᠠᠶ᠎ᠠ ᠨᠤᠷᠸᠠᠢ ᠶᠢᠨ ᠬᠢᠨ ᠲᠠᠢ ᠬᠠᠮᠳᠦ ᠪᠠᠷ ︽ᠨᠢᠭᠡ ᠪᠦᠰᠡ ᠨᠢᠭᠡ ᠵᠠᠮ︾ ᠤᠨ ᠪᠤᠷᠤ ᠲᠦᠯᠦᠪ ᠲᠤᠳᠤᠷᠠᠬᠢ | ᠬᠠᠮᠳᠤᠷᠠᠯᠴᠠᠭ᠎ᠠ ᠶᠢ ᠬᠠᠶᠢᠨ ᠰᠦᠪᠡᠭᠴᠢᠯᠡᠵᠤ᠂ ᠠᠽᠢᠶ᠎ᠠ ᠡᠸᠦ᠋ᠷᠦᠫᠠ ᠶᠢᠨ ᠡᠬᠡ ᠬᠠᠭᠤᠷᠠᠢ ᠶᠢᠨ ᠬᠤᠯᠪᠤᠯᠳᠤᠨ | ᠨᠡᠪᠳᠡᠷᠡᠯᠴᠡᠬᠦ ᠶᠢ ᠬᠠᠮᠳᠦ ᠪᠠᠷ ᠠᠬᠢᠭᠤᠯᠤᠨ᠎ᠠ᠃ ᠰᠤᠶᠤᠯ ᠢᠷᠭᠡᠨᠰᠢᠯ ᠤᠨ ᠰᠤᠯᠢᠯᠴᠠᠭ᠎ᠠ ᠶᠢᠨ ᠠᠭᠤᠯᠭ᠎ᠠ ᠪᠠ | ᠬᠡᠯᠪᠡᠷᠢ ᠶᠢ ᠪᠠᠶᠠᠯᠢᠭᠵᠢᠭᠤᠯᠤᠶ᠎ᠠ᠃ | ᠳᠤᠮᠳᠠᠳᠤ ᠶᠢᠨ ᠲᠠᠯ᠎ᠠ ᠳᠤᠷᠠᠳᠠᠶ᠎ᠠ ᠨᠤᠷᠸᠠᠢ ᠶᠢᠨ ᠲᠠᠯ᠎ᠠ ᠲᠠᠢ ᠡᠪᠦᠯ ᠤᠨ ᠤᠯᠠᠷᠢᠯ ᠤᠨ ᠰᠫᠤᠷᠲ ᠤᠨ | ᠬᠦᠷᠢᠶᠡᠨ ᠳᠠᠬᠢ ᠰᠤᠯᠢᠯᠴᠠᠭ᠎ᠠ ᠪᠠᠨ ᠴᠢᠩᠭᠠᠳᠬᠠᠵᠤ᠂ ᠨᠤᠷᠸᠠᠢ ᠶᠢᠨ ᠲᠠᠯ᠎ᠠ ᠶᠢᠨ ᠬᠢᠨ ᠤ ᠳᠤᠮᠳᠠᠳᠤ ᠤᠯᠤᠰ ᠲᠤ | ᠲᠤᠷᠰᠢᠯᠭ᠎ᠠ ᠪᠠᠨ ᠬᠤᠪᠢᠶᠠᠯᠴᠠᠬᠤ ᠶᠢᠨ ᠬᠠᠮᠳᠦ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠢ | ᠡᠷᠬᠢᠯᠡᠬᠦ ᠠᠵᠢᠯ ᠳᠤ ᠬᠠᠮᠵᠢᠯᠴᠠᠬᠤ ᠶᠢ ᠪᠠᠶᠠᠷᠯᠠᠨ ᠤᠭᠳᠤᠨ᠎ᠠ᠃ ᠤᠯᠠᠨ ᠤᠯᠤᠰ ᠤᠨ ᠬᠡᠷᠡᠭ ᠶᠠᠪᠤᠳᠠᠯ ᠳᠠᠬᠢ | ᠬᠠᠮᠳᠤᠷᠠᠯᠴᠠᠭ᠎ᠠ ᠪᠤᠯᠤᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠤᠷᠤ ᠲᠦᠯᠦᠪ | ᠳᠤᠳᠤᠷᠠᠬᠢ ᠤᠯᠤᠯᠴᠠᠭ᠎ᠠ ᠪᠠ ᠵᠤᠬᠢᠴᠠᠭᠤᠯᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠳᠡᠯᠡᠬᠡᠶᠢᠵᠢᠯᠳᠡ ᠶᠢ | ᠠᠬᠢᠭᠤᠯᠤᠨ᠂ ᠳᠡᠯᠡᠬᠡᠢ ᠶᠢᠨ ᠤᠯᠠᠨ ᠲᠦᠢᠯᠵᠢᠯᠳᠡ ᠶᠢ ᠰᠠᠨᠠᠭᠠᠴᠢᠯᠠᠵᠤ᠂ ᠤᠯᠠᠨ ᠲᠠᠯᠠᠳᠤ ᠦᠵᠡᠯ ᠢ ᠬᠠᠮᠠᠭᠠᠯᠠᠨ᠂ | ᠦᠷᠭᠦᠯᠵᠢᠯᠡᠬᠦ ᠬᠦᠭᠵᠢᠯᠳᠡ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠢ ᠭᠠᠷ ᠬᠤᠯᠪᠤᠨ | ᠬᠠᠮᠠᠭᠠᠯᠠᠵᠤ᠂ ᠳᠡᠯᠡᠬᠡᠢ ᠶᠢᠨ ᠵᠠᠰᠠᠯᠳᠠ ᠶᠢᠨ ᠰᠢᠰᠲ᠋ᠧᠮ ᠤᠨ ᠨᠡᠩ ᠲᠦᠪ ᠭᠤᠤᠯᠴᠢ ᠵᠦᠢ ᠵᠤᠬᠢᠰᠳᠠᠢ ᠴᠢᠭᠯᠡᠯ | ᠲᠡᠶᠢᠰᠢ ᠬᠦᠭᠵᠢᠬᠦ ᠶᠢ ᠠᠬᠢᠭᠤᠯᠤᠶ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠳᠠᠶ᠎ᠠ ᠨᠤᠷᠸᠠᠢ ᠶᠢᠨ | ᠲᠠᠯ᠎ᠠ ᠶᠢᠨ ᠬᠢᠨ ᠲᠠᠢ ᠤᠮᠠᠷᠠᠳᠤ ᠲᠦᠢᠯ ᠤᠨ ᠬᠡᠷᠡᠭ ᠡᠷᠬᠢᠯᠡᠬᠦ ᠬᠤᠷᠠᠯ ᠤᠨ ᠪᠤᠷᠤ ᠲᠦᠯᠦᠪ ᠳᠤᠳᠤᠷᠠᠬᠢ ᠰᠤᠯᠢᠯᠴᠠᠭ᠎ᠠ | ᠬᠠᠮᠳᠤᠷᠠᠯᠴᠠᠭ᠎ᠠ ᠪᠠᠨ ᠴᠢᠩᠭᠠᠳᠬᠠᠨ᠎ᠠ᠂ ᠨᠤᠷᠸᠠᠢ ᠶᠢᠨ ᠬᠢᠨ ᠦᠷᠭᠦᠯᠵᠢᠯᠡᠨ ᠳᠤᠮᠳᠠᠳᠤ ᠡᠸᠦ᠋ᠷᠦᠫᠠ ᠶᠢᠨ | ᠬᠠᠷᠢᠯᠴᠠᠭᠠᠨ ᠤ ᠡᠷᠡᠭᠦᠯ ᠲᠤᠭᠳᠠᠭᠤᠨ ᠬᠦᠭᠵᠢᠯᠳᠡ᠂ ᠳᠤᠮᠳᠠᠳᠤ ᠤᠯᠤᠰ — ᠤᠮᠠᠷᠠᠳᠤ ᠡᠸᠦ᠋ᠷᠦᠫᠠ ᠶᠢᠨ | ᠬᠠᠮᠳᠤᠷᠠᠯᠴᠠᠭ᠎ᠠ ᠳᠤ ᠢᠳᠡᠪᠬᠢᠳᠠᠢ ᠦᠢᠯᠡᠳᠦᠯ ᠦᠵᠡᠭᠦᠯᠬᠦ ᠶᠢ ᠬᠦᠰᠡᠵᠤ ᠪᠠᠶᠢᠨ᠎ᠠ ᠭᠡᠵᠦ ᠴᠢᠬᠤᠯᠠᠴᠢᠯᠠᠪᠠ᠃ | ᠬᠠᠯᠠᠷ ᠲᠠᠪᠤᠳᠤᠭᠠᠷ᠂ ᠳᠤᠮᠳᠠᠳᠤ ᠤᠯᠤᠰ ᠲᠤ ᠳᠠᠬᠢᠨᠳᠠ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠤ | ᠪᠠᠶᠢᠬᠤ ᠳᠠᠭᠠᠨ ᠮᠠᠰᠢ ᠪᠠᠶᠠᠷᠳᠠᠢ ᠪᠠᠶᠢᠨ᠎ᠠ᠃ ᠪᠢ ᠬᠠᠳᠤᠨ ᠲᠠᠢ ᠪᠠᠨ 1985 ᠤᠨ ᠳᠤ ᠳᠤᠮᠳᠠᠳᠤ ᠤᠯᠤᠰ ᠲᠤ | ᠠᠩᠬ᠎ᠠ ᠤᠳᠠᠭ᠎ᠠ ᠠᠶᠢᠯᠴᠢᠯᠠᠯᠳᠠ ᠬᠢᠭᠰᠡᠨ ᠠᠴᠠ ᠨᠠᠰᠢ ᠤᠯᠠᠨ ᠤᠳᠠᠭ᠎ᠠ ᠳᠤᠮᠳᠠᠳᠤ ᠤᠯᠤᠰ ᠲᠤ ᠢᠷᠡᠵᠤ᠂ | ᠳᠤᠮᠳᠠᠳᠤ ᠤᠯᠤᠰ ᠤᠨ ᠲᠦᠷᠭᠡᠨ ᠬᠦᠭᠵᠢᠯᠳᠡ ᠪᠤᠯᠤᠨ ᠯᠤᠳᠤ ᠶᠡᠭᠡ ᠬᠤᠪᠢᠷᠠᠯᠳᠠ ᠶᠢ ᠨᠢᠳᠦ ᠪᠠᠷ ᠢᠶᠠᠨ ᠦᠵᠡᠪᠡ᠃ | ᠮᠢᠨᠤ ᠲᠤᠰ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠳᠠ ᠨᠢ ᠨᠤᠷᠸᠠᠢ ᠳᠤᠮᠳᠠᠳᠤ ᠶᠢᠨ ᠬᠠᠷᠢᠯᠴᠠᠭ᠎ᠠ | ᠬᠡᠪ ᠤᠨ ᠵᠠᠮ ᠳᠠᠭᠠᠨ ᠳᠠᠬᠢᠨ ᠤᠷᠤᠭᠰᠠᠨ ᠪᠦᠭᠡᠳ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢᠶᠠᠨ ᠳᠠᠬᠢᠨᠳᠠ | ᠢᠯᠡᠷᠡᠭᠦᠯᠦᠭᠰᠡᠨ ᠢ ᠬᠠᠷᠠᠭᠤᠯᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠨᠤᠷᠸᠠᠢ ᠳᠤᠮᠳᠠᠳᠤ ᠶᠢᠨ | ᠬᠠᠮᠳᠤᠷᠠᠯᠴᠠᠭ᠎ᠠ ᠶᠢ ᠴᠢᠩᠭᠠᠳᠬᠠᠬᠤ ᠲᠤᠬᠠᠢ ᠰᠠᠨᠠᠯ ᠢ ᠪᠢ ᠵᠦᠪᠰᠢᠶᠡᠷᠡᠨ᠎ᠠ᠃ ᠬᠤᠶᠠᠷ ᠲᠠᠯ᠎ᠠ ᠶᠢᠨ | ᠬᠠᠮᠳᠤᠷᠠᠯᠴᠠᠭᠠᠨ ᠳᠤ ᠠᠭᠤᠳᠠᠯᠠᠵᠤ ᠪᠤᠯᠬᠤᠶᠢᠴᠠ ᠳᠠᠯᠳᠠ ᠬᠦᠴᠦᠨ ᠮᠠᠰᠢ ᠶᠡᠭᠡ ᠪᠠᠶᠢᠨ᠎ᠠ᠃ ᠮᠠᠨ ᠤ ᠬᠤᠶᠠᠷ | ᠲᠠᠯ᠎ᠠ ᠪᠠᠷ ᠢᠶᠠᠨ ᠬᠠᠮᠳᠦ ᠪᠠᠷ ᠴᠢᠷᠮᠠᠶᠢᠵᠤ ᠪᠠᠶᠢᠭᠠᠳ ᠬᠠᠷᠢᠯᠴᠠᠨ ᠠᠰᠢᠭᠳᠠᠢ ᠬᠠᠮᠳᠤᠷᠠᠯᠴᠠᠭ᠎ᠠ ᠪᠠᠨ ᠴᠢᠩᠭᠠᠳᠬᠠᠶ᠎ᠠ᠃ | 2008 ᠤᠨ ᠤ ᠪᠡᠭᠡᠵᠢᠩ ᠤᠨ ᠤᠯᠢᠮᠫᠢᠺ ᠤᠨ ᠲᠠᠮᠢᠷ ᠤᠨ ᠴᠤᠭᠯᠠᠭᠠᠨ ᠨᠠᠳᠠ ᠳᠤ ᠬᠦᠨ ᠰᠠᠭᠤᠭᠳᠠᠯ ᠲᠠᠢ ᠶᠤᠮ᠂ | ᠨᠤᠷᠸᠠᠢ ᠶᠢᠨ ᠲᠠᠯ᠎ᠠ ᠶᠢᠨ ᠬᠢᠨ ᠳᠤᠷᠠᠳᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠡᠪᠦᠯ ᠤᠨ ᠤᠯᠠᠷᠢᠯ ᠤᠨ | ᠰᠫᠤᠷᠲ ᠤᠨ ᠲᠤᠬᠠᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠶᠢᠨ ᠲᠠᠯ᠎ᠠ ᠶᠢᠨ 2022 | ᠤᠨ ᠤ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠳᠠᠳᠠᠢ ᠡᠷᠬᠢᠯᠡᠬᠦ ᠶᠢ ᠳᠡᠮᠵᠢᠨ᠎ᠠ | ᠭᠡᠵᠤ ᠢᠯᠡᠳᠭᠡᠵᠠᠢ᠃ | ᠬᠡᠯᠡᠯᠴᠡᠭᠡ ᠳᠠᠭᠤᠰᠤᠭᠰᠠᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠪᠠᠰᠠ ᠬᠤᠯᠪᠤᠭᠳᠠᠯ ᠪᠦᠬᠦᠢ | ᠬᠠᠮᠳᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠳᠦ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠠ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠤᠨ ᠵᠡᠭᠦᠨ | ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠬᠠᠯᠠᠷ ᠲᠠᠪᠤᠳᠤᠭᠠᠷ ᠢ ᠤᠭᠳᠤᠬᠤ ᠶᠤᠰᠤᠯᠠᠯ ᠶᠠᠪᠤᠭᠤᠯᠪᠠ᠃ ᠫᠧᠩ | ᠯᠢ ᠶᠤᠸᠠᠨ᠂ ᠶᠠᠩ ᠵᠢᠶᠧ ᠤᠤᠢ᠂ ᠵᠢᠢ ᠪᠢᠩ ᠰᠢᠤᠸᠠᠨ᠂ ᠭᠦ᠋ ᠱᠧᠩ ᠽᠦ ᠨᠠᠷ ᠤᠷᠤᠯᠴᠠᠵᠠᠢ᠃ | |