ᠨᠤᠭᠤᠭᠠᠷᠠᠭᠤᠯᠤᠯᠲᠠ ᠶᠢᠨ ᠬᠦᠰᠡᠯ ᠳᠤ ᠬᠦᠲᠦᠯᠦᠭᠲᠡᠭᠰᠡᠨ ᠴᠢᠲᠠᠪᠦᠷᠢᠲᠠᠨ ᠵᠠᠯᠠᠭᠤ ᠲᠡᠮᠦᠷᠪᠠᠭᠠᠨ᠎ᠠ
ᠨᠡᠶᠢᠲᠡᠯᠡᠭᠰᠡᠨ ᠴᠠᠭ᠄
2018-10-18
      ᠨᠤᠮᠢᠨ ᠲᠠᠩᠰᠤᠭ ᠦᠤᠰᠢᠨ ᠭᠡᠮᠡᠨ ᠠᠯᠲᠠᠷᠰᠢᠭᠰᠠᠨ ᠦᠤᠰᠢᠨ ᠨᠤᠲᠤᠭ ᠲᠤ ᠮᠠᠯᠵᠢᠬᠤ ᠳ᠋ᠠᠵᠠᠢ ᠦᠤᠰᠢᠨᠵᠤᠤ  ᠶᠢᠨ ᠪᠤᠷᠤᠯᠲᠠᠢ ᠠᠴᠠ ᠡᠬᠢᠯᠡᠭᠡᠳ ᠪᠦᠬᠦ ᠤᠯᠤᠰ ᠤᠨ ᠬᠦᠲᠡᠯᠮᠦᠷᠢ ᠶᠢᠨ ᠵᠢᠱᠢᠶᠠᠴᠢ ᠶᠢᠨ ᠢᠤᠢ ᠵᠧᠨ ᠵᠡᠷᠭᠡ ᠴᠦᠮ ᠨᠤᠲᠤᠭ ᠤᠰᠤᠨ ᠤ ᠪᠠᠨ ᠨᠤᠭᠤᠭᠠᠷᠠᠭᠤᠯᠤᠯᠲᠠ ᠶᠢᠨ ᠦᠢᠯᠡᠰ ᠤᠨ ᠲᠦᠯᠦᠭᠡ ᠬᠦᠯᠦᠰᠤ ᠬᠦᠴᠤ ᠪᠠᠨ ᠤᠷᠤᠰᠬᠠᠵᠤ ᠠᠯᠢᠪᠠ ᠪᠠᠨ ᠵᠤᠷᠢᠭᠤᠯᠵᠤ ᠢᠷᠡᠭᠰᠡᠨ ᠲᠠᠤᠬᠡ ᠲᠠᠢ᠃ ᠡᠨᠡ ᠰᠠᠶᠢᠬᠠᠨ ᠤᠯᠠᠮᠵᠢᠯᠠᠯ ᠢ ᠤᠯᠠᠮᠵᠢᠯᠠᠭᠰᠠᠨ ᠦᠤᠰᠢᠨ ᠬᠤᠰᠢᠭᠤᠨ ᠤ ᠵᠢᠷ ᠤᠨ ᠮᠠᠯᠴᠢᠨ ᠠᠶᠢᠯ ᠤᠨ ᠬᠦᠤ ᠲᠡᠮᠦᠷᠪᠠᠭᠠᠨ᠎ᠠ ᠴᠤ ᠨᠤᠲᠤᠭ ᠤᠰᠤᠨ ᠤ ᠪᠠᠨ ᠨᠤᠭᠤᠭᠠᠷᠠᠭᠤᠯᠤᠯᠲᠠ ᠶᠢᠨ ᠦᠢᠯᠡᠰ ᠲᠤ ᠦᠪᠡᠷ ᠤᠨ ᠤᠶᠤᠨ ᠤᠬᠠᠭᠠᠨ ᠬᠦᠴᠤ ᠬᠦᠯᠦᠰᠤ ᠪᠠᠨ ᠡᠷᠭᠦᠵᠦ ᠦᠷ᠎ᠡ ᠰᠠᠴᠤᠵᠤ᠂ ᠴᠢᠬᠢ ᠪᠤᠶᠢᠵᠢᠭᠤᠯᠬᠤ ᠮᠠᠰᠢᠨ ᠡᠭᠦᠳᠡᠨ ᠦᠢᠯᠡᠳᠴᠤ ᠶᠠᠪᠤᠨ᠎ᠠ᠃      ᠲᠡᠮᠦᠷᠪᠠᠭᠠᠨ᠎ᠠ 2003 ᠤᠨ ᠳᠤ ᠭᠢᠷᠢᠨ ᠮᠤᠵᠢ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠦ ᠪᠤᠲᠠᠰ ᠤᠨ ᠰᠠᠯᠪᠤᠷᠢ ᠠᠴᠠ ᠲᠡᠭᠦᠰᠴᠤ᠂ 2004 ᠤᠨ ᠳᠤ ᠦᠤᠰᠢᠨ ᠬᠤᠰᠢᠭᠤᠨ ᠤ ᠮᠤᠩᠭᠤᠯ ᠲᠤᠮᠲᠠᠲᠤ ᠰᠤᠷᠭᠠᠭᠤᠯᠢ ᠶᠢᠨ ᠠᠮᠢᠲᠦ ᠪᠤᠲᠠᠰ ᠤᠨ ᠪᠠᠭᠰᠢ ᠪᠠᠷ ᠠᠵᠢᠯᠯᠠᠵᠦ᠂ 2007 ᠤᠨ ᠳᠤ ᠦᠤᠰᠢᠨ ᠬᠤᠰᠢᠭᠤᠨ ᠤ ᠤᠢ ᠰᠢᠭᠤᠢ ᠶᠢᠨ ᠲᠤᠪᠴᠢᠶᠠᠨ ᠳᠤ ᠠᠵᠢᠯ ᠰᠢᠯᠵᠢᠭᠰᠡᠨ ᠠᠴᠠ ᠨᠠᠰᠢ ᠨᠤᠭᠤᠭᠠᠷᠠᠭᠤᠯᠤᠯᠲᠠ ᠶᠢᠨ ᠬᠦᠰᠡᠯ ᠳᠤ ᠪᠠᠨ ᠬᠦᠲᠦᠯᠦᠭᠳᠤᠨ᠂ ᠠᠵᠢᠯ ᠳᠤ ᠪᠠᠨ ᠭᠠᠨᠪᠰᠢᠭᠠᠶᠢᠯᠠᠵᠣ ᠡᠬᠢᠯᠡᠯ᠎ᠡ᠃ ᠲᠡᠮᠦᠷᠪᠠᠭᠠᠨ᠎ᠠ ᠭᠤᠤᠯᠲᠠᠭᠤ ᠬᠤᠰᠢᠭᠤᠨ ᠤ ᠤᠢ ᠰᠢᠭᠤᠢ ᠶᠢᠨ ᠲᠤᠪᠴᠢᠶᠠᠨ ᠤ ᠰᠤᠮᠤ ᠪᠠᠯᠭᠠᠰᠤᠨ ᠤ ᠤᠢ ᠰᠢᠭᠤᠢ ᠶᠢᠨ ᠠᠵᠢᠯ ᠤᠨ ᠦᠷᠲᠡᠭᠡ ᠪᠠᠷ ᠠᠵᠢᠯᠯᠠᠵᠦ ᠣᠯᠠᠩᠬᠢ ᠴᠠᠭ ᠲᠤ ᠪᠠᠨ ᠬᠦᠲᠡᠭᠡ ᠨᠤᠲᠤᠭ ᠤᠨ ᠨᠤᠭᠤᠭᠠᠷᠠᠭᠤᠯᠤᠯᠲᠠ ᠶᠢᠨ ᠠᠵᠢᠯ ᠳᠤ ᠵᠢᠳᠬᠦᠵᠤ ᠶᠠᠪᠤᠲᠠᠭ ᠰᠠᠨ᠃ ᠭᠡᠲᠡᠯ᠎ᠡ ᠲᠤᠮᠲᠠᠲᠤ ᠤᠯᠤᠰ ᠤᠨ ᠲᠦᠷᠪᠡᠨ ᠶᠡᠭᠡ ᠡᠯᠡᠰᠦ ᠪᠤᠯᠬᠤ ᠮᠤᠤᠠᠤᠰᠤ ᠡᠯᠡᠰᠤᠨ ᠴᠦᠯ ᠨᠢ ᠲᠡᠮᠦᠷᠪᠠᠭᠠᠨ᠎ᠠ ᠶᠢᠨ ᠨᠤᠭᠤᠭᠠᠷᠠᠭᠤᠯᠤᠯᠲᠠ ᠶᠢᠨ ᠵᠠᠮ ᠳᠤ ᠬᠠᠲᠠᠭᠤ ᠴᠢᠩᠭ᠎ᠠ ᠰᠢᠯᠭᠠᠯᠲᠠ ᠪᠤᠯᠵᠠᠢ᠃ ᠡᠨᠡᠬᠦ ᠨᠡᠭᠦᠲᠡᠯ ᠡᠯᠡᠰᠦ ᠶᠢ ᠦᠢᠵᠢᠭᠤᠯᠬᠤ ᠳᠤ ᠭᠤᠤᠯᠲᠠᠭᠤ ᠬᠠᠷᠭᠠᠨ᠎ᠠ ᠲᠤᠷᠯᠤᠭ ᠮᠡᠲᠦ ᠶᠢᠨ ᠭᠠᠩ ᠳᠤ ᠲᠡᠰᠪᠦᠷᠢᠲᠠᠢ ᠤᠷᠭᠤᠮᠠᠯ ᠤᠨ ᠴᠢᠨᠠᠷᠯᠢᠭ ᠰᠠᠶᠢᠨ ᠰᠤᠶᠤᠭ᠎ᠠ ᠪᠤᠶᠢᠵᠢᠭᠤᠯᠬᠤ ᠴᠢᠬᠤᠯᠠᠲᠠᠢ᠂ ᠭᠡᠪᠡᠴᠦ ᠬᠦᠮᠦᠨ ᠤ ᠬᠦᠴᠦ ᠪᠠᠷ ᠪᠤᠶᠢᠵᠢᠭᠤᠯᠤᠭᠰᠠᠨ ᠰᠤᠶᠤᠭ᠎ᠠ ᠨᠢ ᠤᠷᠭᠤᠯᠲᠠ ᠶᠢᠨ ᠨᠤᠷᠮ᠎ᠠ ᠠᠨᠠᠢ᠂ ᠬᠦᠮᠦᠨ ᠤ ᠬᠦᠴᠦ ᠶᠡᠭᠡ ᠵᠠᠷᠤᠴᠠᠭᠤᠯᠲᠠᠭ ᠪᠤᠯᠬᠤᠷ ᠨᠤᠭᠤᠭᠠᠷᠠᠭᠤᠯᠤᠯᠲᠠ ᠶᠢᠨ ᠠᠵᠢᠯ ᠳᠤ ᠪᠠᠭ᠎ᠠ ᠦᠭᠡᠢ ᠬᠦᠴᠢᠷ ᠪᠡᠷᠬᠡ ᠶᠢ ᠠᠪᠴᠢᠷᠠᠳᠠᠭ ᠠᠴᠠ ᠡᠲᠡᠭᠡᠷ ᠪᠠᠶᠢᠲᠠᠯ ᠢ ᠦᠭᠡᠷᠡᠴᠢᠯᠡᠬᠦ ᠶᠢᠨ ᠲᠦᠯᠦᠭᠡ ᠲᠡᠮᠦᠷᠪᠠᠭᠠᠨ᠎ᠠ 3 ᠵᠢᠯ ᠭᠠᠷᠤᠢ ᠶᠢᠨ ᠴᠢᠷᠮᠡᠶᠢᠯᠭ᠎ᠠ ᠤᠷᠤᠯᠲᠤᠯᠭ᠎ᠠ ᠪᠠᠷ ᠳᠠᠮᠵᠢᠨ᠂ ᠬᠠᠵᠠᠭᠤ ᠬᠠᠪᠢ ᠶᠢᠨ ᠬᠦᠮᠦᠰ ᠤᠨ ᠬᠠᠪᠰᠤᠷᠤᠯᠭ᠎ᠠ ᠪᠠᠷ 2015 ᠤᠨ ᠳᠤ ᠦᠷ᠎ᠡ ᠰᠠᠴᠤᠵᠦ᠂ ᠰᠤᠶᠤᠭ᠎ᠠ ᠪᠤᠶᠢᠵᠢᠭᠤᠯᠬᠤ ᠮᠠᠰᠢᠨ ᠢᠶᠠᠨ ᠠᠩᠬ᠎ᠠ ᠡᠭᠦᠳᠴᠤ ᠭᠠᠷᠭᠠᠵᠠᠢ᠃ 2016 ᠤᠨ ᠳᠤ ᠲᠤᠰ ᠮᠠᠰᠢᠨ ᠤ ᠪᠠᠨ ᠤᠯᠤᠰ ᠤᠨ ᠲᠤᠰᠬᠠᠢ ᠠᠰᠢᠭ ᠤᠨ ᠡᠷᠬᠡ ᠶᠢ ᠭᠤᠶᠤᠪᠴᠢᠯᠠᠨ ᠤᠯᠵᠠᠢ᠃ ᠦᠩᠭᠡᠷᠡᠭᠰᠡᠨ ᠳᠤ ᠬᠦᠮᠦᠨ ᠤ ᠬᠦᠴᠦ ᠪᠠᠷ ᠰᠤᠶᠤᠭ᠎ᠠ ᠰᠠᠭᠤᠯᠭᠠᠵᠦ ᠴᠢᠬᠢ ᠪᠤᠶᠢᠵᠢᠭᠤᠯᠬᠤ ᠳᠤ ᠬᠦᠴᠤ ᠬᠦᠯᠦᠰᠦ ᠪᠠᠨ ᠠᠷᠪᠢᠨ ᠤᠷᠤᠰᠬᠠᠭᠰᠠᠨ ᠴᠤ ᠨᠤᠭᠤᠭᠠᠷᠠᠭᠤᠯᠤᠯᠲᠠ ᠶᠢᠨ ᠨᠤᠷᠮ᠎ᠠ ᠲᠡᠶᠢᠮᠤ ᠰᠠᠶᠢᠨ ᠪᠢᠰᠢ ᠪᠠᠶᠢᠵᠠᠢ᠃ ᠲᠡᠮᠦᠷᠪᠠᠭᠠᠨ᠎ᠠ ᠡᠭᠦᠲᠦᠭᠰᠡᠨ ᠮᠠᠰᠢᠨ ᠢᠶᠠᠨ 2017 ᠤᠨ ᠳᠤ ᠠᠰᠢᠭᠯᠠᠯᠲᠠ ᠳᠤ ᠤᠷᠤᠭᠤᠯᠵᠦ᠂ ᠤᠯᠠᠨ ᠲᠦᠮᠡᠨ ᠢ ᠲᠠᠶᠢᠴᠢᠯᠠᠨ ᠨᠤᠭᠤᠭᠠᠷᠠᠭᠤᠯᠤᠯᠲᠠ ᠶᠢᠨ ᠦᠢᠯᠡᠰ ᠲᠡᠭᠡᠨ ᠨᠤᠭᠤᠷᠠᠰᠢ ᠦᠭᠡᠢ ᠴᠢᠷᠮᠡᠶᠢᠵᠦ ᠦᠢᠷ᠎ᠠ ᠶᠢᠨ ᠬᠡᠳᠦᠨ ᠵᠢᠯ ᠳᠤ ᠵᠢᠯ ᠪᠦᠷᠢ 2000 ᠮᠤ᠋ ᠲᠠᠴᠢᠷᠲᠠᠭᠰᠠᠨ ᠡᠯᠡᠰᠦ ᠶᠢ ᠨᠤᠭᠤᠭᠠᠷᠠᠭᠤᠯᠵᠦ᠂ ᠤᠷᠭᠤᠬᠤ ᠨᠤᠷᠮ᠎ᠠ ᠢᠯᠡᠷᠬᠡᠢ ᠨᠡᠮᠡᠭᠲᠡᠨ᠂ ᠬᠦᠮᠦᠨ ᠤ ᠬᠦᠴᠦ ᠪᠠᠷ ᠲᠠᠷᠢᠭᠰᠠᠨ ᠠᠴᠠ ᠪᠠᠷᠤᠭ 10 ᠲᠠᠬᠢᠨ ᠬᠤᠷᠲᠤᠨ ᠪᠤᠯᠤᠭᠰᠠᠨ ᠪᠠᠶᠢᠨ᠎ᠠ᠃      ᠲᠡᠮᠦᠷᠪᠠᠭᠠᠨ᠎ᠠ ᠦᠪᠡᠷ ᠤᠨ ᠡᠭᠦᠲᠦᠭᠰᠡᠨ ᠮᠠᠰᠢᠨ ᠢᠶᠠᠨ ᠠᠰᠢᠭᠯᠠᠯᠲᠠ ᠳᠤ ᠤᠷᠤᠭᠤᠯᠤᠭᠰᠠᠨ ᠢᠶᠠᠷ ᠪᠠᠷᠠᠬᠤ ᠦᠭᠡᠢ᠂ ᠦᠪᠡᠷ ᠤᠨ ᠲᠤᠬᠠᠶᠢᠯᠠᠭᠰᠠᠨ ᠠᠵᠢᠯ ᠢᠶᠠᠨ ᠴᠤ ᠶᠡᠷᠤ ᠠᠴᠠ ᠰᠠᠭᠠᠲᠠᠭ᠎ᠠ ᠦᠭᠡᠢ ᠪᠠᠶᠢᠵᠤ᠂ ᠮᠠᠯᠴᠢᠨ ᠲᠦᠮᠡᠨ ᠲᠠᠢ ᠪᠠᠨ ᠬᠠᠮᠲᠤ ᠨᠤᠲᠤᠭ ᠤᠰᠤ ᠪᠠᠨ ᠨᠤᠭᠤᠭᠠᠷᠠᠭᠤᠯᠤᠶ᠎ᠠ ᠤᠶᠢᠵᠢᠭᠤᠯᠤᠶ᠎ᠠ ᠭᠡᠵᠤ ᠤᠨᠤᠭ᠎ᠠ ᠮᠠᠰᠢᠨ ᠤᠷᠤᠵᠦ ᠲᠡᠶᠢᠯᠬᠦ ᠦᠭᠡᠢ ᠨᠡᠯᠦᠭᠡᠷ ᠡᠯᠡᠰᠤᠨ ᠳᠤ ᠤᠶᠢᠵᠢᠭᠤᠯᠭ᠎ᠠ ᠬᠢᠵᠤ ᠲᠡᠶᠢᠯᠬᠦ ᠰᠢᠨ᠎ᠡ ᠬᠡᠯᠪᠡᠷᠢ ᠶᠢᠨ ᠮᠠᠰᠢᠨ ᠢ ᠡᠭᠦᠳᠦᠨ ᠡᠯᠡᠰᠤ ᠮᠠᠩᠬ᠎ᠠ ᠶᠢ ᠤᠶᠢᠵᠢᠭᠤᠯᠤᠨ᠂ ᠨᠤᠭᠤᠭᠠᠷᠠᠭᠤᠯᠤᠯᠲᠠ ᠶᠢᠨ ᠦᠢᠯᠡᠰ ᠲᠤ ᠨᠢᠭᠡᠨ ᠭᠠᠪᠰᠢᠭᠠᠶᠢᠯᠠᠭᠴᠢ ᠪᠤᠯᠤᠭᠰᠠᠨ ᠪᠠᠶᠢᠨ᠎ᠠ᠃      ᠲᠡᠮᠦᠷᠪᠠᠭᠠᠨ᠎ᠠ ᠦᠩᠭᠡᠷᠡᠭᠰᠡᠨ ᠠᠮᠵᠢᠯᠲᠠ ᠳᠤ ᠪᠠᠨ ᠰᠡᠳᠬᠢᠯ ᠬᠠᠨᠤᠭ᠎ᠠ ᠦᠭᠡᠢ᠂ ᠦᠪᠡᠷ ᠤᠨ ᠠᠵᠢᠯ ᠦᠢᠯᠡᠰ  ᠢᠶᠠᠨ ᠤᠯᠠᠮ ᠨᠢᠭᠡ ᠦᠨᠳᠤᠷ ᠲᠡᠭᠲᠡᠷ ᠲᠤ ᠬᠦᠷᠭᠡᠶ᠎ᠡ ᠭᠡᠰᠡᠨ ᠪᠤᠲᠤᠯ ᠢᠶᠠᠷ ᠦᠷᠭᠦᠯᠵᠢᠯᠡᠨ ᠴᠢᠷᠮᠡᠶᠢᠵᠦ 2018 ᠤᠨ ᠳᠤ ᠲᠤᠰ ᠮᠠᠰᠢᠨ ᠢᠶᠠᠨ ᠴᠢᠨᠠᠭᠰᠢᠯᠠᠨ ᠰᠢᠨᠡᠳᠬᠡᠨ ᠦᠭᠡᠷᠡᠴᠢᠯᠡᠵᠦ ᠲᠠᠬᠢᠨᠲᠠ ᠤᠯᠤᠰ ᠤᠨ ᠲᠤᠰᠬᠠᠢ ᠠᠰᠢᠭ ᠤᠨ ᠡᠷᠬᠡ ᠶᠢ ᠭᠤᠶᠣᠪᠴᠢᠯᠠᠨ ᠤᠯᠤᠭᠰᠠᠨ ᠪᠢᠯᠡ᠃ ᠲᠡᠮᠦᠷᠪᠠᠭᠠᠨ᠎ᠠ ᠪᠠᠰᠠ 2018 ᠤᠨ ᠳᠤ ᠦᠪᠡᠷ ᠤᠨ ᠨᠤᠲᠤᠭ ᠲᠤ ᠪᠠᠨ 10 ᠮᠤ᠋ ᠠᠯᠢᠮ᠎ᠠ ᠶᠢᠨ ᠮᠤᠲᠤ ᠲᠤᠷᠰᠢᠨ ᠲᠠᠷᠢᠵᠦ᠂ ᠡᠯᠡᠰᠤ ᠶᠢ ᠵᠠᠰᠠᠬᠤ ᠪᠤᠯᠤᠨ ᠠᠵᠤ ᠠᠬᠤᠢ ᠶᠢᠨ ᠤᠷᠤᠯᠭ᠎ᠠ ᠶᠢ ᠨᠡᠮᠡᠭᠲᠡᠭᠦᠯᠬᠦ ᠬᠤᠤᠰ ᠠᠰᠢᠭ ᠲᠠᠢ ᠵᠠᠮ ᠢ ᠡᠷᠢᠯᠬᠢᠯᠡᠵᠦ᠂ ᠲᠤᠰ ᠲᠤᠷᠰᠢᠯᠲᠠ ᠶᠢᠨ ᠴᠡᠭ  ᠢᠶᠠᠷ ᠮᠠᠯᠴᠢᠨ ᠲᠠᠷᠢᠶᠠᠴᠢᠨ ᠢ ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠵᠦ᠂ ᠨᠤᠲᠤᠭ ᠤᠰᠤ ᠨᠡᠶᠢᠬᠡᠮ ᠲᠠᠶᠠᠭᠠᠷ ᠲᠤ  ᠪᠠᠨ ᠦᠴᠦᠬᠡᠨ ᠭᠡᠰᠡᠨ ᠬᠤᠪᠢ ᠨᠡᠮᠡᠷᠢ ᠪᠠᠨ ᠦᠵᠡᠭᠦᠯᠦᠶ᠎ᠡ ᠭᠡᠵᠦ ᠢᠲᠡᠭᠡᠯ ᠲᠦᠭᠦᠷᠡᠩ ᠤᠷᠮᠠᠲᠠᠢ ᠠᠵᠢᠯᠯᠠᠵᠤ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号