10 ᠰᠠᠷ᠎ᠠ ᠶᠢᠨ 17 ᠤ ᠡᠳᠦᠷ᠂ ᠬᠤᠰᠢᠭᠤ ᠡᠮᠡᠭᠳᠡᠶᠢᠴᠣᠳ ᠤᠨ ᠬᠤᠯᠪᠣᠭᠠᠲᠣ ᠬᠤᠷᠠᠯ᠂ ᠦᠢᠯᠡᠳᠪᠦᠷᠢ | ᠬᠤᠳᠠᠯᠳᠣᠭᠠᠨ ᠤ ᠬᠤᠯᠪᠣᠭᠠᠲᠣ ᠬᠤᠷᠠᠯ ᠪᠣᠯᠣᠨ ᠭᠠᠯᠠᠭᠤᠲᠣ ᠪᠠᠯᠭᠠᠰᠣᠨ ᠤ ᠵᠠᠰᠠᠭ ᠤᠨ ᠣᠷᠳᠣᠨ ᠠᠴᠠ ᠰᠠᠰᠠ ᠶᠢᠨ | ᠴᠠᠶᠢᠳᠠᠮ ᠳᠣᠰᠬᠤᠨ ᠳᠤ ︽ᠨᠠᠰᠣᠳᠠᠶᠢᠴᠣᠳ ᠢᠶᠠᠨ ᠬᠦᠨᠳᠦᠳᠬᠡᠨ ᠬᠠᠯᠠᠮᠵᠢᠯᠠᠵᠣ ᠡᠷᠡᠬᠦᠯ ᠮᠡᠨᠲᠤ ᠶᠢ ᠳᠠᠮᠵᠢᠭᠤᠯᠬᠤ︾ | ᠨᠠᠰᠣᠳᠠᠶᠢᠴᠣᠳ ᠤᠨ ᠪᠠᠶᠠᠷ ᠤᠨ ᠰᠢᠷᠢᠰ ᠠᠵᠢᠯᠯᠠᠭ᠎ᠠ ᠦᠷᠨᠢᠬᠦᠯᠪᠡ᠃ | ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠦᠢᠯᠡᠳᠪᠦᠷᠢ ᠬᠤᠳᠠᠯᠳᠣᠭᠠᠨ ᠤ ᠬᠤᠯᠪᠣᠭᠠᠲᠣ ᠬᠤᠷᠠᠯ ᠤᠨ ᠳᠡᠷᠢᠬᠦᠯᠡᠭᠴᠢ ᠾᠧ ᠣᠯᠠᠭᠠᠨ᠂ ᠬᠤᠰᠢᠭᠤ | ᠡᠮᠡᠭᠳᠡᠶᠢᠴᠣᠳ ᠤᠨ ᠬᠤᠯᠪᠣᠭᠠᠲᠣ ᠬᠤᠷᠠᠯ᠂ ᠭᠠᠯᠠᠭᠤᠲᠣ ᠪᠠᠯᠭᠠᠰᠣᠨ ᠤ ᠵᠠᠰᠠᠭ ᠤᠨ ᠣᠷᠳᠣᠨ᠂ ᠶᠢᠩ ᠫᠠᠨ ᠬᠤᠣ | ᠨᠡᠬᠦᠷᠡᠰᠦᠨ ᠠᠭᠤᠷᠬᠠᠢ ᠶᠢᠨ ᠬᠠᠷᠢᠭᠤᠴᠠᠯᠭᠠᠳᠠᠳ ᠠᠵᠢᠯᠯᠠᠭᠠᠨ ᠳᠤ ᠣᠷᠣᠯᠴᠠᠪᠠ᠃ | ᠲᠤᠰ ᠤᠳᠠᠭᠠᠨ ᠤ ᠠᠵᠢᠯᠯᠠᠭᠠᠨ ᠳᠤ᠂ ᠰᠠᠰᠠ ᠶᠢᠨ ᠴᠠᠶᠢᠳᠠᠮ ᠳᠣᠰᠬᠤᠨ ᠤ ᠨᠠᠰᠣᠳᠠᠶᠢᠴᠣᠳ ᠲᠤ ᠡᠷᠡᠬᠦᠯ | ᠡᠩᠬᠡ ᠶᠢᠨ ᠮᠡᠳᠡᠯᠬᠡ ᠶᠢᠨ ᠳᠠᠶᠢᠯᠦᠮᠵᠢ ᠬᠢᠵᠦ ᠲᠦᠯᠦᠪᠦᠷᠢ ᠦᠬᠡᠢ ᠪᠠᠷ ᠦᠰᠦ ᠭᠡᠵᠢᠭᠡ ᠶᠢ ᠨᠢ ᠵᠠᠰᠠᠵᠤ ᠪᠡᠶ᠎ᠡ ᠶᠢᠨ | ᠪᠠᠶᠢᠴᠠᠭᠠᠯᠳᠠ ᠬᠢᠵᠦ ᠳᠡᠳᠡᠨ ᠤ ᠡᠷᠡᠬᠦᠯ ᠡᠩᠬᠡ ᠶᠢ ᠬᠠᠯᠠᠮᠵᠢᠯᠠᠭᠰᠠᠨ ᠪᠦᠬᠡᠳ ᠬᠠᠮᠢᠶ᠎ᠠ ᠪᠦᠬᠦᠢ ᠳᠦᠷᠦ ᠶᠢᠨ | ᠪᠣᠳᠣᠯᠭ᠎ᠠ ᠬᠠᠣᠯᠢ ᠲᠦᠷᠢᠮ ᠤᠨ ᠳᠣᠬᠠᠢ ᠣᠬᠠᠭᠤᠯᠭ᠎ᠠ ᠬᠢᠵᠦ ᠨᠠᠰᠣᠳᠠᠶᠢᠴᠣᠳ ᠤᠨ ᠪᠠᠶᠠᠷ ᠤᠨ ᠮᠡᠨᠳᠣᠴᠢᠯᠠᠯ | ᠬᠦᠷᠭᠡᠭᠰᠡᠨ ᠪᠠᠶᠢᠨ᠎ᠠ᠃ ᠪᠠᠰᠠ ᠰᠠᠰᠠ ᠶᠢᠨ ᠴᠠᠶᠢᠳᠠᠮ ᠳᠣᠰᠬᠤᠨ ᠤ ᠳᠠᠯᠠᠨ ᠲᠠᠪᠤᠨ ᠨᠠᠰᠤᠨ ᠠᠴᠠ ᠳᠡᠭᠡᠭᠰᠢᠬᠢ | ᠦᠨᠳᠦᠷ ᠨᠠᠰᠣᠳᠠᠨ ᠳᠤ ᠳᠣᠬᠤᠨᠢᠭᠤᠯᠭ᠎ᠠ ᠶᠢᠨ ᠪᠣᠳᠠᠰ ᠭᠠᠷᠳᠠᠭᠤᠯᠣᠭᠰᠠᠨ ᠪᠦᠬᠡᠳ ᠪᠦᠬᠦ ᠳᠣᠰᠬᠤᠨ ᠤ ᠠᠷᠠᠳ | ᠣᠷᠣᠯᠴᠠᠭᠰᠠᠨ ᠳᠣᠷ᠎ᠠ ᠰᠣᠨᠢᠷᠬᠠᠯᠲᠣ ᠳᠠᠮᠢᠷ ᠤᠨ ᠣᠷᠣᠯᠳᠣᠭᠠᠨ ᠦᠷᠨᠢᠬᠦᠯᠵᠦ ᠨᠠᠰᠣᠳᠠᠶᠢᠴᠣᠳ ᠤᠨ ᠪᠠᠶᠠᠷ ᠢ | ᠣᠳᠬ᠎ᠠ ᠠᠭᠤᠯᠭ᠎ᠠ ᠲᠠᠢ ᠪᠠᠷ ᠦᠩᠭᠡᠷᠡᠭᠦᠯᠦᠭᠰᠡᠨ ᠪᠠᠶᠢᠨ᠎ᠠ᠃ | |