ᠡᠨᠡ ᠵᠢᠯ ᠠᠴᠠ ᠨᠠᠰᠢ᠂ ᠮᠠᠨ ᠤ ᠬᠤᠰᠢᠭᠤ ︽ᠳᠦᠷᠤᠯ ᠵᠦᠢᠯ ᠢ ᠠᠳᠬᠤᠬᠤ ᠪᠤᠯ ᠬᠦᠭᠵᠢᠯᠳᠡ ᠶᠢ | ᠠᠳᠬᠤᠵᠤ ᠪᠠᠶᠢᠭ᠎ᠠ ᠶᠠᠪᠤᠳᠠᠯ᠂ ᠪᠡᠯᠡ ᠤᠷᠤᠭᠤᠯᠤᠯᠳᠠ ᠶᠢ ᠠᠳᠬᠤᠬᠤ ᠪᠤᠯ ᠢᠷᠡᠭᠡᠳᠤᠢ ᠪᠠᠨ ᠪᠠᠷᠠᠯᠠᠵᠤ ᠪᠠᠶᠢᠭ᠎ᠠ | ᠶᠠᠪᠤᠳᠠᠯ︾ ᠭᠡᠬᠦ ᠤᠨᠤᠯᠵᠢᠭᠤᠨ ᠢ ᠪᠠᠳᠤ ᠱᠤᠭᠤᠵᠤ᠂ ᠳᠦᠷᠤᠯ ᠵᠦᠢᠯ ᠤᠨ ᠪᠡᠯᠡ ᠤᠷᠤᠭᠤᠯᠤᠯᠳᠠ ᠪᠠᠷ | ᠳᠠᠶᠢᠴᠢᠯᠠᠬᠤ ᠶᠢ ᠴᠢᠩᠭᠠᠳᠬᠠᠨ᠂ ᠴᠢᠬᠤᠯᠠ ᠳᠤᠮᠤ ᠳᠦᠷᠤᠯ ᠵᠦᠢᠯ ᠤᠨ ᠨᠤᠳᠤᠬᠰᠢᠵᠤ ᠨᠠᠶᠢᠳᠠᠪᠤᠷᠢᠵᠢᠭᠳᠠᠬᠤ ᠶᠢ | ᠡᠷᠴᠢᠮᠳᠡᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠴᠤᠳᠡᠢ | ᠳᠤᠯᠭᠠᠭᠤᠷᠢᠯᠠᠯ ᠬᠠᠨᠭ᠍ᠭᠠᠨ ᠦᠭᠴᠤ ᠪᠠᠶᠢᠨ᠎ᠠ᠃ ᠳᠤᠭ᠎ᠠ ᠪᠦᠷᠢᠳᠭᠡᠯ ᠳᠤ ᠢᠯᠡᠷᠡᠬᠦᠯᠦᠭᠰᠡᠨ ᠢᠶᠠᠷ᠂ ᠪᠦᠬᠦ | ᠬᠤᠰᠢᠭᠤ ᠪᠠᠷ ᠢᠶᠠᠨ ᠴᠢᠬᠤᠯᠠ ᠳᠤᠮᠤ ᠳᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ | ᠠᠬᠢᠭᠤᠯᠵᠤ᠂ ᠳ᠋ᠦᠡᠭᠰᠢᠭᠤᠷ ᠳᠦᠬᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠳᠦᠷᠤᠯ ᠵᠦᠢᠯ ᠢ 25 | ᠭᠡᠷᠡᠭᠵᠢᠬᠦᠯᠬᠦ ᠪᠠᠷ ᠵᠢᠱᠢᠨ᠂ ᠶᠡᠷᠦᠩᠭᠡᠢ ᠪᠡᠯᠡ ᠤᠷᠤᠭᠤᠯᠤᠯᠳᠠ ᠶᠢ 445.88 ᠳ᠋ᠦᠡᠭᠰᠢᠭᠤᠷ ᠳᠦᠬᠦᠷᠢᠭ ᠲᠤ | ᠬᠦᠷᠭᠡᠵᠤ᠂ ᠵᠢᠱᠢᠭᠰᠡᠨ ᠢᠶᠠᠷ 274.59 ᠳ᠋ᠦᠡᠭᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠤᠨ᠎ᠠ᠃ | ᠤᠳᠤᠬᠠᠨ ᠪᠤᠯᠳᠠᠯ᠎ᠠ᠂ ᠪᠠᠷᠢᠯᠭ᠎ᠠ ᠡᠬᠢᠯᠡᠬᠦᠯᠵᠤ ᠰᠡᠷᠬᠦᠭᠡᠭᠰᠡᠨ ᠳᠦᠷᠤᠯ ᠵᠦᠢᠯ 18 ᠪᠠᠶᠢᠵᠤ᠂ 134.34 | ᠳ᠋ᠦᠡᠭᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠤᠨ᠂ ᠪᠠᠷᠢᠯᠭ᠎ᠠ ᠡᠬᠢᠯᠡᠬᠦᠯᠵᠤ ᠰᠡᠷᠬᠦᠭᠡᠭᠰᠡᠨ | ᠨᠤᠷᠮ᠎ᠠ ᠨᠢ 72% ᠲᠤ ᠬᠦᠷᠴᠡᠢ᠃ | ᠳᠦᠷᠤᠯ ᠵᠦᠢᠯ ᠢ ᠡᠷᠴᠢᠮᠳᠡᠢ ᠠᠳᠬᠤᠪᠠ᠃ ᠴᠢᠬᠤᠯᠠ ᠳᠤᠮᠤ ᠳᠦᠷᠤᠯ ᠵᠦᠢᠯ ᠢ ᠪᠦᠳᠤᠭᠡᠨ ᠪᠠᠶᠢᠭᠤᠯᠬᠤ | ᠪᠦᠬᠦ ᠶᠠᠪᠤᠴᠠ ᠶᠢᠨ ᠤᠷᠤᠯᠠᠨ ᠬᠦᠢᠴᠡᠳᠭᠡᠬᠦ ᠳᠤᠬᠳᠠᠴᠠ ᠶᠢ ᠪᠠᠶᠢᠭᠤᠯᠵᠤ᠂ ᠤᠢᠢᠯᠡᠴᠢᠯᠡᠭᠡ ᠪᠠᠨ ᠰᠢᠯᠢᠳᠡᠭᠵᠢᠬᠦᠯᠤᠨ᠂ | ᠡᠯ᠎ᠠ ᠳᠦᠷᠤᠯ ᠤᠨ ᠠᠰᠠᠭᠤᠳᠠᠯ ᠢ ᠴᠠᠭ ᠳᠠᠷᠤᠢ ᠳᠤᠨᠢ ᠵᠤᠬᠢᠴᠠᠭᠤᠯᠤᠨ ᠰᠢᠢᠳᠪᠤᠷᠢᠯᠡᠵᠤ᠂ ᠳ᠋ᠦᠡᠭᠰᠢᠭᠤᠷ | ᠳᠦᠬᠦᠷᠢᠭ ᠤᠨ 25 ᠳᠦᠷᠤᠯ ᠵᠦᠢᠯ ᠤᠨ ᠤᠷᠤᠬᠰᠢᠳᠠᠢ ᠶᠠᠪᠤᠬᠳᠠᠬᠤ ᠶᠢ ᠡᠷᠴᠢᠮᠳᠡᠢ ᠪᠠᠳᠤᠯᠠᠵᠠᠢ᠃ ᠡᠯ᠎ᠠ | ᠳᠦᠷᠤᠯ ᠤᠨ ᠳᠦᠷᠤᠯ ᠵᠦᠢᠯ ᠤᠨ ᠬᠦᠮᠤᠷᠭᠡ ᠶᠢ ᠴᠢᠨᠠᠬᠰᠢᠳᠠ ᠪᠦᠷᠢᠨᠰᠢᠬᠦᠯᠤᠨ ᠳᠡᠬᠦᠯᠳᠡᠷᠵᠢᠬᠦᠯᠵᠤ᠂ ᠨᠢᠭᠡ ᠪᠦᠯᠦᠭ | ᠳᠤᠮᠤ ᠳᠦᠷᠤᠯ ᠵᠦᠢᠯ ᠢ ᠤᠬᠠᠭᠠᠯᠠᠨ ᠤᠷᠤᠭᠤᠯᠤᠨ ᠠᠪᠴᠢᠷᠠᠵᠤ᠂ ᠨᠢᠭᠡ ᠪᠦᠯᠦᠭ ᠳᠤᠮᠳᠠ ᠪᠠᠭ᠎ᠠ ᠳᠦᠷᠤᠯ | ᠵᠦᠢᠯ ᠢ ᠪᠤᠶᠢᠵᠢᠭᠤᠯᠤᠨ᠂ ᠨᠢᠭᠡ ᠪᠦᠯᠦᠭ ᠰᠢᠨ᠎ᠠ ᠪᠠᠷ ᠪᠦᠳᠤᠭᠡᠨ ᠪᠠᠶᠢᠭᠤᠯᠬᠤ ᠳᠦᠷᠤᠯ ᠵᠦᠢᠯ ᠢ ᠨᠤᠳᠤᠬᠰᠢᠭᠤᠯᠵᠤ | ᠂ ᠨᠢᠭᠡ ᠪᠦᠯᠦᠭ ᠦᠷᠬᠦᠯᠵᠢᠯᠡᠨ ᠪᠠᠶᠢᠭᠤᠯᠵᠤ ᠪᠠᠶᠢᠭ᠎ᠠ ᠳᠦᠷᠤᠯ ᠵᠦᠢᠯ ᠢ ᠪᠠᠷᠢᠯᠭ᠎ᠠ ᠳᠠᠭᠤᠰᠬᠠᠨ᠂ ᠳᠦᠷᠤᠯ | ᠵᠦᠢᠯ ᠤᠨ ᠪᠦᠳᠤᠭᠡᠨ ᠪᠠᠶᠢᠭᠤᠯᠤᠯᠳᠠ ᠶᠢ ᠪᠦᠳᠤᠮᠵᠢᠳᠡᠢ ᠠᠬᠢᠭᠤᠯᠵᠤ ᠪᠠᠶᠢᠨ᠎ᠠ᠃ ᠤᠳᠤᠬᠠᠨ ᠪᠤᠯᠳᠠᠯ᠎ᠠ᠂ ᠵᠦᠩ | ᠮᠸᠢ ᠪᠦᠯᠦᠭᠯᠡᠯ ᠤᠨ ᠨᠡᠶᠢᠯᠡᠮᠡᠯ ᠭᠡᠢ ᠪᠠᠷ ᠵᠢᠯ ᠳᠤ 100 ᠳᠦᠮᠡᠨ ᠳᠤᠨ ᠮᠧᠲ᠋ᠢᠯ ᠠᠯᠺᠤᠤᠯ ᠬᠢᠬᠦ ᠮᠡᠷᠭᠡᠵᠢᠯ ᠤᠨ | ᠦᠭᠡᠷᠡᠴᠢᠯᠡᠯᠳᠡ ᠶᠢᠨ ᠳᠦᠷᠤᠯ ᠵᠦᠢᠯ᠂ ᠵᠦᠩ ᠳᠢᠶᠠᠨ ᠾᠧ ᠴᠤᠸᠠᠩ ᠺᠤᠮᠫᠠᠨᠢ ᠶᠢᠨ ᠨᠡᠬᠦᠷᠡᠰᠤᠨ ᠭᠡᠮᠭᠡᠷᠭᠡᠢ ᠶᠢᠨ | ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠶᠢᠩ ᠫᠠᠨ ᠬᠤᠤ ᠨᠡᠬᠦᠷᠡᠰᠤᠨ ᠠᠭᠤᠷᠬᠠᠢ ᠶᠢᠨ ᠠᠭᠤᠷᠬᠠᠢ ᠶᠢᠨ | ᠬᠤᠳᠳᠤᠭ ᠤᠨ ᠤᠰᠤ ᠶᠢ ᠰᠢᠢᠳᠪᠤᠷᠢᠯᠡᠬᠦ ᠵᠡᠷᠭᠡ ᠴᠢᠬᠤᠯᠠ ᠳᠤᠮᠤ ᠳᠦᠷᠤᠯ ᠵᠦᠢᠯ ᠨᠢ ᠨᠤᠳᠤᠬᠰᠢᠨ | ᠭᠡᠷᠡᠭᠵᠢᠬᠦᠯᠦᠭᠳᠡᠵᠤ ᠪᠤᠢ᠃ | ᠤᠯᠠᠨ ᠠᠷᠭ᠎ᠠ ᠵᠠᠮ ᠢᠶᠠᠷ ᠪᠡᠯᠡ ᠤᠷᠤᠭᠤᠯᠪᠠ᠃ ᠳᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠠ ᠪᠡᠯᠡ | ᠤᠷᠤᠭᠤᠯᠤᠯᠳᠠ ᠶᠢᠨ ᠴᠢᠭᠯᠡᠯ ᠢ ᠬᠦᠨᠵᠡᠭᠡᠢ ᠰᠤᠳᠤᠯᠤᠨ᠂ ᠢᠳᠡᠪᠬᠢᠳᠡᠢ᠂ ᠰᠠᠨᠠᠭᠠᠴᠢᠯᠠᠭ᠎ᠠ ᠲᠠᠢ ᠪᠠᠷ ᠤᠢᠢᠯᠠᠭᠠᠯᠴᠠᠨ | ᠠᠪᠴᠠᠯᠳᠤᠭᠤᠯᠵᠤ᠂ ᠴᠢᠭᠯᠡᠬᠦᠯᠦᠯᠳᠤ ᠴᠢᠨᠠᠷ ᠲᠠᠢ ᠪᠠᠷ ᠳᠦᠷᠤᠯ ᠵᠦᠢᠯ ᠢ ᠵᠤᠬᠢᠶᠠᠨ ᠪᠠᠶᠢᠭᠤᠯᠤᠨ ᠮᠡᠳᠡᠬᠦᠯᠵᠤ᠂ | ᠳᠡᠭᠡᠳᠤ ᠱᠠᠳᠤᠨ ᠤ ᠳᠦᠷᠤᠯ ᠵᠦᠢᠯ ᠤᠨ ᠪᠡᠯᠡ ᠤᠷᠤᠭᠤᠯᠤᠯᠳᠠ ᠶᠢᠨ ᠳᠡᠮᠵᠢᠯᠭᠡ ᠶᠢ ᠶᠡᠭᠡ ᠪᠠᠷ ᠬᠦᠷᠳᠡᠨ᠂ ᠴᠢᠩᠭ᠎ᠠ | ᠨᠢᠮᠪᠠᠢ ᠰᠢᠯᠭᠠᠨ ᠬᠤᠷᠢᠶᠠᠵᠤ ᠱᠠᠩᠨᠠᠨ ᠳᠤᠷᠭᠠᠬᠤ ᠳᠤᠬᠳᠠᠴᠠ ᠶᠢ ᠪᠠᠶᠢᠭᠤᠯᠵᠤ᠂ ᠳᠦᠷᠤᠯ ᠵᠦᠢᠯ ᠢ ᠮᠡᠳᠡᠬᠦᠯᠦᠨ | ᠤᠯᠬᠤ ᠢᠳᠡᠪᠬᠢᠵᠢᠯ ᠢ ᠦᠨᠡᠨ ᠬᠦ ᠳᠡᠭᠡᠭᠰᠢᠯᠡᠬᠦᠯᠪᠡ᠃ ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢ | ᠵᠤᠷᠢᠬᠵᠢᠭᠤᠯᠬᠤ ᠳᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠠᠪᠴᠤ᠂ ᠨᠡᠶᠢᠭᠡᠮ ᠤᠨ ᠬᠦᠷᠦᠩᠭᠡ ᠶᠢ ᠤᠷᠤᠭᠤᠯᠤᠨ | ᠠᠪᠴᠢᠷᠠᠬᠤ ᠶᠢ ᠠᠬᠢᠭᠤᠯᠵᠠᠢ᠃ | ᠠᠷᠠᠯᠵᠢᠶᠠᠴᠢᠨ ᠤᠷᠢᠬᠤ ᠶᠢ ᠰᠤᠯᠠᠷᠠᠭᠤᠯᠤᠯ ᠦᠭᠡᠢ ᠠᠳᠬᠤᠪᠠ᠃ ︽ᠳᠤᠮᠤ ᠳᠦᠷᠤᠯ ᠵᠦᠢᠯ ᠢ ᠠᠳᠬᠤᠨ | ᠪᠠᠭ᠎ᠠ ᠳᠦᠷᠤᠯ ᠵᠦᠢᠯ ᠢ ᠴᠤ ᠠᠯᠳᠠᠬᠤ ᠦᠭᠡᠢ᠂ ᠶᠡᠭᠡ ᠪᠠᠭ᠎ᠠ ᠳᠦᠷᠤᠯ ᠵᠦᠢᠯ ᠢ ᠵᠡᠷᠭᠡᠪᠡᠷ ᠠᠳᠬᠤᠬᠤ︾ | ᠱᠠᠭᠠᠷᠳᠠᠯᠭ᠎ᠠ ᠪᠠᠷ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠳᠠᠳᠠᠬᠤ ᠶᠢ ᠭᠡᠷᠡᠭᠵᠢᠬᠦᠯᠬᠦ ᠳᠦᠰᠤᠯ ᠢ | ᠴᠢᠨᠠᠬᠰᠢᠳᠠ ᠳᠡᠬᠦᠯᠳᠡᠷᠵᠢᠬᠦᠯᠤᠨ᠂ ᠤᠨᠢᠨ ᠳᠡᠭᠡᠷ᠎ᠠ ᠨᠢ ᠠᠷᠠᠯᠵᠢᠶᠠᠴᠢᠨ ᠳᠠᠳᠠᠬᠤ ᠪᠠ ᠠᠵᠤ ᠤᠢᠢᠯᠡᠰ ᠤᠨ | ᠭᠡᠯᠬᠢᠶ᠎ᠠ ᠪᠠᠷ ᠠᠷᠠᠯᠵᠢᠶᠠᠴᠢᠨ ᠳᠠᠳᠠᠬᠤ ᠶᠢ ᠳᠤᠪᠤᠶᠢᠯᠭᠠᠵᠤ᠂ ᠨᠢᠭᠡ ᠪᠦᠯᠦᠭ ᠳᠦᠬᠦᠷᠵᠢᠭᠰᠡᠨ ᠳᠦᠷᠤᠯ ᠵᠦᠢᠯ ᠪᠠ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠤ ᠤᠢᠢᠯᠡᠰ ᠢ ᠦᠷᠬᠦᠯᠵᠢᠯᠡᠨ ᠤᠷᠤᠭᠤᠯᠤᠨ | ᠠᠪᠴᠢᠷᠠᠵᠤ᠂ ᠬᠦᠭᠵᠢᠯᠳᠡ ᠶᠢᠨ ᠳᠠᠯᠳᠠ ᠬᠦᠴᠤᠨ ᠢ ᠳᠠᠰᠤᠷᠠᠯᠳᠠ ᠦᠭᠡᠢ ᠴᠢᠩᠭᠠᠳᠬᠠᠪᠠ᠃ ᠬᠦᠭᠵᠢᠯᠳᠡ ᠶᠢᠨ | ᠤᠷᠴᠢᠨ ᠳᠤᠭᠤᠷᠢᠨ ᠢ ᠪᠦᠬᠦ ᠳᠠᠯ᠎ᠠ ᠪᠠᠷ ᠰᠢᠯᠢᠳᠡᠭᠵᠢᠬᠦᠯᠤᠨ᠂ ︽ᠳᠠᠯᠪᠢᠬᠤ ᠬᠠᠮᠢᠶᠠᠷᠬᠤ ᠤᠢᠢᠯᠡᠴᠢᠯᠡᠬᠦ︾ | ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠵᠤ᠂ ᠰᠠᠭᠠᠳ ᠦᠭᠡᠢ ᠵᠠᠮ ᠢ ᠨᠡᠪᠳᠡᠷᠡᠬᠦᠯᠤᠨ᠂ | ᠤᠢᠢᠯᠡᠴᠢᠯᠡᠭᠡᠨ ᠤ ᠴᠢᠳᠠᠪᠬᠢ ᠪᠠᠨ ᠰᠠᠶᠢᠵᠢᠷᠠᠭᠤᠯᠤᠨ᠂ ᠠᠷᠠᠯᠵᠢᠶᠠᠴᠢᠨ ᠢ ᠬᠦᠨᠳᠤᠳᠭᠡᠨ᠂ ᠠᠷᠠᠯᠵᠢᠶᠠᠴᠢᠨ ᠢ | ᠴᠢᠬᠤᠯᠠᠴᠢᠯᠠᠵᠤ᠂ ᠠᠷᠠᠯᠵᠢᠶᠠᠴᠢᠨ ᠢ ᠳᠤᠳᠤᠨᠤᠴᠢᠯᠠᠨ᠂ ᠠᠷᠠᠯᠵᠢᠶᠠᠴᠢᠨ ᠢ ᠳᠠᠶᠢᠪᠤᠰᠢᠷᠠᠭᠤᠯᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠦᠷᠢᠯᠳᠦᠬᠦᠯᠦᠭᠰᠡᠨ ᠪᠠᠶᠢᠨ᠎ᠠ᠃ |