ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠷ ᠵᠡᠭᠦᠨᠭᠠᠷ ᠬᠤᠰᠢᠭᠤᠨ ᠳᠤ ᠬᠦᠷᠴᠤ ᠦᠨᠳᠤᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠠᠲᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠪᠠ ᠵᠠᠰᠠᠭ ᠤᠨ ᠤᠷᠳᠤᠨ ᠤ ᠦᠷᠢ ᠦᠭᠴᠡᠭᠡ ᠶᠢ ᠢᠯᠭᠠᠷᠠᠭᠤᠯᠬᠤ ᠠᠵᠢᠯ ᠤᠨ ᠳᠤᠷᠰᠢᠯᠭ᠎ᠠ ᠶᠢ ᠰᠢᠨᠵᠢᠯᠡᠨ ᠰᠤᠷᠤᠯᠴᠠᠪᠠ
ᠨᠡᠶᠢᠲᠡᠯᠡᠭᠰᠡᠨ ᠴᠠᠭ᠄
2018-10-19
     10 ᠰᠠᠷ᠎ᠠ ᠶᠢᠨ 14 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠵᠡᠭᠦᠨᠭᠠᠷ ᠬᠤᠰᠢᠭᠤᠨ ᠤ ᠵᠡᠭᠦᠨᠭᠠᠷᠵᠤᠤ ᠪᠠᠯᠭᠠᠰᠤᠨ ᠳᠤ ᠬᠦᠷᠴᠤ ᠵᠡᠭᠦᠨᠭᠠᠷ ᠬᠤᠰᠢᠭᠤᠨ ᠤ ᠦᠨᠳᠤᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠲᠤᠯᠬᠤ ᠪᠠ ᠵᠠᠰᠠᠭ ᠤᠨ ᠤᠷᠳᠤᠨ ᠤ ᠦᠷᠢ ᠦᠭᠴᠡᠭᠡ ᠶᠢ ᠢᠯᠭᠠᠷᠠᠭᠤᠯᠬᠤ ᠵᠡᠷᠭᠡ ᠠᠵᠢᠯ ᠤᠨ ᠳᠤᠮᠳᠠᠬᠢ ᠳᠤᠷᠰᠢᠯᠭ᠎ᠠ ᠰᠤᠷᠭᠠᠮᠵᠢ ᠠᠷᠭ᠎ᠠ ᠠᠪᠴᠠᠯ ᠢ ᠰᠢᠨᠵᠢᠯᠠᠨ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠳᠤᠪᠴᠢᠶᠠᠨ ᠳᠠᠷᠤᠭ᠎ᠠ ᠪᠠᠶᠠᠨᠴᠡᠩᠬᠡᠯ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠶᠠᠳᠠᠭᠤ ᠶᠢ ᠳᠡᠳᠬᠦᠨ ᠨᠡᠭᠡᠭᠡᠯᠲᠠ ᠬᠢᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ᠂ ᠡᠷᠡᠬᠦᠯ ᠬᠠᠮᠠᠭᠠᠯᠠᠯ ᠲᠦᠯᠦᠪᠯᠡᠭᠡᠳᠤ ᠬᠦᠩᠭᠡᠵᠢᠯ ᠤᠨ ᠠᠵᠢᠯ ᠤᠨ ᠵᠦᠪᠯᠡᠯ ᠤᠨ ᠬᠠᠷᠢᠭᠤᠴᠠᠯᠭᠠᠲᠠᠨ᠂ ᠭᠠᠯᠠᠭᠤᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠡᠯ᠎ᠡ ᠰᠤᠮᠤ ᠪᠠᠯᠭᠠᠰᠤᠨ ᠤ ᠬᠤᠪᠢᠶᠠᠷᠢᠯᠠᠨ ᠬᠠᠷᠢᠭᠤᠴᠠᠬᠤ ᠬᠠᠷᠢᠭᠤᠴᠠᠯᠭᠠᠲᠠᠨ᠂ ᠶᠠᠳᠠᠭᠤ ᠶᠢ ᠳᠡᠳᠬᠦᠬᠦ ᠠᠵᠢᠯ ᠤᠨ ᠠᠵᠢᠯᠲᠠᠨ᠂ ᠡᠳ᠋ ᠤᠨ ᠵᠠᠰᠠᠭ ᠤᠨ ᠰᠠᠯᠠᠭᠠᠨ ᠤ ᠰᠠᠯᠠᠭᠠᠨ ᠳᠠᠷᠤᠭ᠎ᠠ ᠪᠠ ᠬᠡᠰᠡᠭ ᠭᠠᠴᠠᠭ᠎ᠠ ᠳᠤᠰᠬᠤᠨ ᠳᠤ ᠰᠠᠭᠤᠭ᠎ᠠ ᠺᠠᠳ᠋ᠷ ᠠᠵᠢᠯᠲᠠᠨ ᠰᠢᠨᠵᠢᠯᠡᠨ ᠰᠤᠷᠤᠯᠴᠠᠬᠤ ᠳᠤ ᠤᠷᠤᠯᠴᠠᠪᠠ᠃
     ᠡᠷᠳᠡᠨᠢᠪᠢᠯᠢᠭ ᠨᠠᠷ ᠪᠤᠬ᠎ᠠ ᠶᠢᠨ ᠭᠤᠤᠯ ᠤᠨ ᠲᠠᠯ᠎ᠠ ᠶᠢᠨ ᠨᠠᠮ ᠤᠨ ᠪᠠᠶᠢᠭᠤᠯᠤᠯᠲᠠ ᠶᠢᠨ ᠵᠢᠱᠢᠶᠡᠴᠢ ᠪᠦᠰᠡ ᠶᠢᠨ ᠠᠵᠢᠯ ᠤᠨ ᠪᠠᠶᠢᠳᠠᠯ ᠤᠨ ᠳᠠᠨᠢᠯᠴᠠᠭᠤᠯᠭ᠎ᠠ ᠶᠢ ᠰᠤᠨᠤᠰᠴᠤ᠂ ᠵᠡᠭᠦᠨᠭᠠᠷᠵᠤᠤ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠦᠵᠡᠬᠦᠯᠦᠯᠭᠡ ᠶᠢᠨ ᠭᠠᠵᠠᠷ ᠪᠠ ᠤᠶᠤᠨᠯᠢᠭ ᠨᠠᠮ ᠤᠨ ᠪᠠᠶᠢᠭᠤᠯᠤᠯᠲᠠ ᠶᠢ ᠵᠤᠬᠢᠴᠠᠭᠤᠯᠬᠤ ᠲᠦᠪ ᠢ ᠲᠤᠭᠤᠷᠢᠨ ᠦᠵᠡᠬᠦ ᠶᠢᠨ ᠬᠠᠮᠳᠤ ᠨᠠᠮ ᠳᠤ ᠤᠷᠤᠭᠰᠠᠨ ᠳᠠᠩᠭᠠᠷᠢᠭ ᠢᠶᠠᠨ ᠡᠷᠬᠢᠴᠡᠬᠦᠯᠪᠡ᠃
     ᠳᠠᠷᠠᠭ᠎ᠠ ᠨᠢ ᠳᠤᠷᠰᠢᠯᠭ᠎ᠠ ᠰᠤᠯᠢᠯᠴᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠳᠡᠭᠡᠷ᠎ᠡ᠂ ᠬᠤᠳᠠ ᠠᠴᠠ ᠬᠤᠰᠢᠭᠤ ᠲᠤᠭᠤᠷᠢᠭ ᠲᠤ ᠲᠤᠮᠢᠯᠠᠨ ᠰᠠᠭᠤᠯᠭᠠᠭᠰᠠᠨ ᠠᠵᠢᠯ ᠤᠨ ᠠᠬᠢᠭᠤᠯᠤᠯᠲᠠ ᠶᠢᠨ ᠳᠤᠭᠤᠶᠢᠯᠠᠩ ᠤᠨ ᠪᠠᠶᠢᠩᠭᠤ ᠶᠢᠨ ᠠᠵᠢᠯ ᠤᠨ ᠳᠡᠳ᠋ ᠳᠠᠷᠤᠭ᠎ᠠ ᠸᠠᠩ ᠵᠢᠶᠠᠨ ᠬᠤᠸᠠ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠳᠡᠳᠬᠦᠬᠦ ᠦᠵᠡᠯ ᠰᠠᠨᠠᠭᠠᠨ ᠤ ᠭᠤᠤᠯ ᠴᠢᠮᠦᠭᠡ᠂ ᠡᠯ᠎ᠡ ᠱᠠᠲᠤᠨ ᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠠ ᠶᠠᠳᠠᠭᠤ ᠡᠷᠦᠭᠡ ᠶᠢ ᠬᠡᠷᠬᠢᠨ ᠨᠠᠷᠢᠨ ᠤᠨᠤᠪᠴᠢᠲᠠᠢ ᠢᠯᠭᠠᠨ ᠲᠠᠨᠢᠵᠤ ᠤᠨᠤᠪᠴᠢᠲᠠᠢ ᠪᠠᠷ ᠶᠠᠳᠠᠭᠤ ᠶᠢ ᠳᠡᠳᠬᠦᠬᠦ᠂ ᠬᠡᠷᠬᠢᠨ ᠰᠠᠨᠠᠭᠠᠴᠢᠯᠠᠭ᠎ᠠ ᠲᠠᠢ ᠬᠦᠴᠦᠨ ᠢᠶᠠᠨ ᠲᠦᠪᠯᠡᠷᠡᠬᠦᠯᠦᠨ ᠶᠠᠳᠠᠭᠤ ᠶᠢ ᠳᠡᠳᠬᠦᠨ ᠪᠤᠭᠤᠮᠳᠠ ᠰᠢᠪᠲᠤᠯᠬᠤ ᠠᠵᠢᠯ ᠢ ᠠᠬᠢᠭᠤᠯᠬᠤ ᠵᠡᠷᠭᠡ ᠲᠠᠯ᠎ᠠ ᠪᠠᠷ ᠳᠠᠶᠢᠯᠪᠦᠷᠢ ᠬᠢᠪᠡ᠃ ᠵᠡᠭᠦᠨᠭᠠᠷ ᠬᠤᠰᠢᠭᠤᠨ ᠤ ᠬᠤᠰᠢᠭᠤ ᠳᠡᠳ᠋ ᠳᠠᠷᠤᠭ᠎ᠠ ᠴᠢᠦᠢ ᠱᠦ ᠴᠢᠩ ᠵᠡᠭᠦᠨᠭᠠᠷ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠲᠤᠯᠬᠤ ᠠᠵᠢᠯ ᠪᠠ ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠬᠠᠢ ᠳᠤᠷᠰᠢᠯᠭ᠎ᠠ ᠰᠤᠷᠭᠠᠮᠵᠢ ᠠᠷᠭ᠎ᠠ ᠠᠪᠴᠠᠯ ᠢᠶᠠᠨ ᠬᠤᠪᠢᠶᠠᠯᠴᠠᠨ᠂ ᠱᠢ ᠡᠯ ᠯᠢᠶᠠᠨ ᠴᠧᠩ ᠰᠢᠶᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠦᠷᠢ ᠦᠭᠴᠡᠭᠡ ᠶᠢ ᠢᠯᠭᠠᠷᠠᠭᠤᠯᠬᠤ ᠦᠨᠳᠤᠰᠤᠨ ᠮᠡᠳᠡᠭᠡ ᠵᠠᠩᠬᠢ ᠶᠢᠨ ᠬᠦᠰᠦᠨᠦᠭᠲᠦ ᠶᠢ ᠬᠡᠷᠬᠢᠨ ᠵᠤᠬᠢᠶᠠᠬᠤ᠂ ᠠᠯᠪᠠᠨ ᠵᠠᠷ ᠨᠡᠶᠢᠲᠡᠯᠡᠯ ᠤᠨ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ ᠪᠠ ᠡᠳ᠋ ᠤᠨ ᠶᠠᠪᠤᠳᠠᠯ ᠪᠤᠯᠤᠨ ᠮᠠᠯᠴᠢᠨ ᠳᠠᠷᠢᠶᠠᠴᠢᠨ ᠢ ᠬᠡᠷᠬᠢᠨ ᠰᠢᠭᠤᠳ ᠵᠤᠯᠭᠠᠭᠤᠯᠬᠤ ᠵᠡᠷᠭᠡ ᠠᠷᠭ᠎ᠠ ᠠᠪᠴᠠᠯ ᠤᠨ ᠳᠤᠬᠠᠢ ᠲᠠᠨᠢᠯᠴᠠᠭᠤᠯᠤᠭᠰᠠᠨ ᠪᠠᠶᠢᠨ᠎ᠠ᠃᠂ ᠳᠤᠰ ᠰᠢᠶᠠᠩ ᠤᠨ ᠳᠤᠳᠤᠷᠬᠠᠢ ᠳᠠᠩᠰᠠ ᠡᠪᠬᠡᠮᠡᠯ ᠪᠠᠶᠢᠭᠤᠯᠤᠨ ᠬᠠᠮᠤᠭ ᠡᠴᠤᠰ ᠤᠨ ᠨᠢᠭᠡ ᠺᠢᠯᠤᠮᠧᠲᠷ ᠢ ᠨᠡᠪᠲᠡᠷᠡᠬᠦᠯᠦᠭᠰᠡᠨ ᠠᠷᠭ᠎ᠠ ᠬᠡᠮᠵᠢᠶ᠎ᠡ ᠨᠢ ᠤᠯᠠᠨ ᠳᠤ ᠰᠡᠩᠭᠡᠷᠡᠬᠦᠯᠦᠯ ᠪᠤᠯᠤᠭᠰᠠᠨ ᠪᠠᠶᠢᠨ᠎ᠠ᠃
     ᠬᠤᠷᠠᠯ ᠤᠨ ᠳᠠᠷᠠᠭ᠎ᠠ᠂ ᠲᠠᠶᠠᠭᠠᠷ ᠢᠶᠠᠨ ᠵᠡᠭᠦᠨᠭᠠᠷ ᠬᠤᠰᠢᠭᠤᠨ ᠤ ᠪᠤᠷᠤᠳᠤᠬᠤᠢ ᠰᠤᠮᠤᠨ ᠤ ᠶᠠᠳᠠᠭᠤ ᠠᠴᠠ ᠠᠩᠬᠢᠷᠠᠭᠤᠯᠤᠨ ᠪᠤᠭᠤᠮᠳᠠ ᠰᠢᠪᠲᠤᠯᠬᠤ ᠠᠵᠢᠯ ᠤᠨ ᠳᠠᠩᠰᠠ ᠡᠪᠬᠡᠮᠡᠯ ᠮᠠᠲ᠋ᠧᠷᠢᠶᠠᠯ ᠢ ᠡᠮᠬᠢᠳᠭᠡᠭᠰᠡᠨ ᠪᠠᠶᠢᠳᠠᠯ ᠢ ᠰᠤᠷᠤᠯᠴᠠᠬᠤ ᠶᠢᠨ ᠬᠠᠮᠳᠤ ᠶᠠᠳᠠᠭᠤ ᠠᠴᠠ ᠠᠩᠬᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠲᠤᠭᠤᠷᠢᠨ ᠳᠤ ᠰᠠᠨᠠᠯ ᠢᠶᠠᠨ ᠰᠤᠯᠢᠯᠴᠠᠪᠠ᠃ ᠪᠤᠷᠤᠳᠤᠬᠤᠢ ᠰᠤᠮᠤᠨ ᠤ ᠶᠠᠳᠠᠭᠤ ᠶᠢ ᠳᠡᠳᠬᠦᠬᠦ ᠠᠵᠢᠯ ᠢ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠰᠤᠮᠤᠨ ᠳᠡᠳ᠋ ᠳᠠᠷᠤᠭ᠎ᠠ ᠸᠠᠩ ᠵᠢᠶᠠᠨ ᠮᠧᠢ ᠵᠢᠴᠢ ᠶᠠᠳᠠᠭᠤ ᠶᠢ ᠳᠡᠳᠬᠦᠬᠦ ᠠᠵᠢᠯ ᠢ ᠡᠬᠦᠷᠭᠡᠯᠡᠵᠤ ᠪᠠᠶᠢᠭ᠎ᠠ ᠺᠠᠳ᠋ᠷ ᠠᠵᠢᠯᠲᠠᠨ ᠤ ᠪᠦᠬᠦ ᠰᠡᠳᠬᠢᠯ ᠪᠦᠬᠦ ᠬᠦᠴᠦ ᠪᠠᠨ ᠲᠦᠪᠯᠡᠷᠡᠬᠦᠯᠦᠨ ᠨᠠᠷᠢᠨ ᠬᠢᠨᠠᠮᠠᠭᠠᠢ ᠬᠢᠵᠤ ᠪᠠᠶᠢᠭ᠎ᠠ ᠪᠠᠶᠢᠲᠠᠯ  ᠨᠢ ᠤᠯᠠᠨ ᠤ ᠰᠡᠳᠬᠢᠯ ᠢ ᠬᠦᠳᠡᠯᠭᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠤᠳᠤᠷᠢᠳᠤᠯᠭ᠎ᠠ ᠵᠤᠦ ᠶᠦᠩ ᠹᠧᠩ᠂ ᠪᠠᠶᠠᠨᠴᠡᠩᠬᠡᠯ ᠳᠠᠩᠰᠠ ᠡᠪᠬᠡᠮᠡᠯ ᠮᠠᠲ᠋ᠧᠷᠢᠶᠠᠯ ᠢ ᠨᠠᠷᠢᠨ ᠨᠢᠮᠪᠠᠢ ᠦᠵᠡᠵᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠡᠰᠢᠬᠦᠳ ᠢ ᠰᠡᠳᠬᠢᠯ ᠳᠠᠯᠪᠢᠨ ᠰᠤᠷᠤᠯᠴᠠᠵᠤ᠂ ᠳᠠᠪᠠᠭᠤᠯᠢᠭ ᠢᠶᠠᠨ ᠪᠠᠳᠠᠷᠠᠭᠤᠯᠤᠨ ᠲᠤᠳᠠᠭᠲᠠᠯ ᠢᠶᠠᠨ ᠨᠦᠬᠦᠪᠦᠷᠢᠯᠡᠵᠦ᠂ ᠳᠤᠰ ᠤᠳᠠᠭᠠᠨ ᠤ ᠰᠤᠷᠤᠯᠴᠠᠯᠭ᠎ᠠ ᠳᠤ ᠤᠯᠤᠯᠲᠠ ᠠᠮᠵᠢᠯᠲᠠ  ᠲᠠᠢ ᠪᠠᠶᠢᠬᠤ ᠬᠡᠷᠡᠭᠲᠡᠢ ᠬᠡᠪᠡ᠃
     ᠰᠢᠨᠵᠢᠯᠡᠨ ᠰᠤᠷᠤᠯᠴᠠᠬᠤ ᠲᠤᠮᠲᠠ ᠡᠷᠳᠡᠨᠢᠪᠢᠯᠢᠭ ᠵᠡᠭᠦᠨᠭᠠᠷ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠤ ᠵᠢᠪᠬᠤᠭ᠎ᠠ ᠲᠡᠭᠦᠯᠲᠡᠷ ᠵᠤᠷᠢᠭ ᠰᠠᠨᠠᠭ᠎ᠠ ᠪᠠ ᠲᠤᠰ ᠬᠤᠰᠢᠭᠤᠨ ᠤ ᠦᠨᠲᠦᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠵᠡᠷᠭᠡ ᠭᠤᠷᠪᠠᠨ ᠲᠦᠷᠦᠯ ᠤᠨ ᠠᠵᠢᠯ ᠲᠡᠭᠡᠷ᠎ᠡ ᠤᠯᠤᠭᠰᠠᠨ ᠠᠮᠵᠢᠯᠲᠠ ᠳᠤ ᠦᠨᠳᠦᠷ ᠦᠨᠡᠯᠡᠯᠲᠡ ᠦᠭᠴᠦ᠂ ᠲᠠᠶᠠᠭᠠᠷ ᠢ ᠲᠤᠰ ᠤᠲᠠᠭᠠᠨ ᠤ ᠰᠤᠷᠤᠯᠴᠠᠯᠭ᠎ᠠ ᠪᠠᠷ ᠲᠠᠮᠵᠢᠭᠠᠳ ᠭᠦᠷᠦᠯᠴᠡᠬᠦ ᠦᠭᠡᠢ ᠲᠠᠯ᠎ᠠ ᠪᠤᠯᠤᠨ ᠵᠦᠷᠢᠶ᠎ᠡ ᠢᠯᠭᠠᠭ᠎ᠠ ᠪᠠᠨ ᠤᠯᠵᠦ ᠬᠠᠷᠠᠨ᠂ ᠲᠠᠷᠤᠤ ᠬᠢᠴᠢᠶᠡᠩᠭᠦᠢ ᠪᠠᠷ ᠲᠠᠷᠢᠭᠦᠨ ᠤ ᠠᠷᠭ᠎ᠠ ᠲᠤᠷᠰᠢᠯᠭ᠎ᠠ ᠪᠤᠯᠤᠨ ᠰᠡᠳᠬᠢᠴᠡ ᠶᠢ ᠨᠠᠷᠢᠨ ᠬᠢᠨᠠᠮᠠᠭᠠᠢ ᠰᠤᠷᠤᠯᠴᠠᠵᠦ᠂ ᠮᠠᠨ ᠤ ᠬᠤᠰᠢᠭᠤᠨ ᠤ ᠨᠤᠮᠢᠨ ᠲᠠᠩᠰᠤᠭ ᠭᠦᠭᠵᠢᠨ ᠮᠠᠨᠲᠤᠯᠲᠠ ᠶᠢᠨ ᠵᠤᠷᠢᠭ ᠰᠠᠨᠠᠭ᠎ᠠ ᠪᠤᠯᠤᠨ ᠢᠲᠠ ᠬᠦᠴᠦᠨ ᠢᠶᠠᠨ ᠦᠷᠭᠦᠯᠵᠢᠯᠡᠨ ᠪᠠᠲᠠᠷᠠᠭᠤᠯᠵᠦ᠂ ᠠᠵᠢᠯ ᠤᠨ ᠪᠤᠲᠠᠲᠤ ᠪᠠᠶᠢᠲᠠᠯ ᠲᠠᠢ ᠪᠠᠨ ᠨᠢᠭᠲᠠ ᠤᠶᠠᠯᠲᠤᠭᠤᠯᠤᠨ ᠨᠠᠶᠢᠲᠠᠪᠦᠷᠢᠵᠢᠭᠤᠯᠵᠦ᠂  ᠯᠠᠪᠲᠠᠭᠤᠨ ᠪᠠᠲᠤᠲᠠᠢ ᠠᠵᠢᠯᠯᠠᠨ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠪᠤᠲᠠᠲᠠᠢ ᠨᠠᠶᠢᠲᠠᠪᠤᠷᠢᠵᠢᠭᠤᠯᠬᠤ ᠶᠢ ᠬᠦᠰᠡᠵᠦ᠂ ᠵᠡᠷᠭᠡᠯᠡᠲᠡᠭᠡ ᠬᠤᠰᠢᠭᠤ ᠲᠤᠭᠤᠷᠢᠭ ᠲᠠᠢ᠂ ᠬᠠᠷᠢᠯᠴᠠᠨ ᠰᠤᠷᠤᠯᠴᠠᠵᠦ ᠬᠠᠮᠲᠤ ᠪᠠᠷ ᠤᠷᠤᠭᠰᠢᠯᠠᠬᠤ ᠬᠡᠷᠡᠭᠲᠡᠢ ᠭᠡᠪᠠ᠃      ᠡᠷᠳᠡᠨᠢᠪᠢᠯᠢᠭ ᠵᠢᠭᠠᠬᠤ ᠳᠤ ᠪᠠᠨ᠂ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠢᠯᠠᠯᠲᠠ ᠶᠢ ᠲᠡᠮᠡᠴᠡᠨ ᠤᠯᠬᠤ ᠪᠤᠯ ᠨᠠᠮ ᠠᠴᠠ ᠠᠷᠠᠳ ᠲᠦᠮᠡᠨ ᠳᠤ ᠠᠮᠠᠯᠠᠭᠰᠠᠨ ᠲᠦᠪ ᠴᠢᠩᠭ᠎ᠠ ᠠᠮᠠᠯᠠᠯᠲᠠ ᠪᠤᠯᠬᠤᠷ ᠦᠵᠡᠯᠲᠡ ᠲᠠᠨᠢᠯᠲᠠ ᠪᠤᠯᠤᠨ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠨᠡᠶᠢᠬᠡᠮ ᠤᠨ ᠬᠦᠴᠤᠨ ᠢ ᠲᠠᠶᠢᠴᠢᠯᠠᠨ ᠰᠢᠨ᠎ᠡ ᠶᠢ ᠡᠭᠦᠳᠴᠤ ᠬᠦᠴᠦ ᠪᠠᠨ ᠨᠢᠭᠡᠳᠬᠡᠨ᠂ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠡᠷᠴᠢᠮᠲᠠᠢ ᠠᠬᠢᠭᠤᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠤᠨ ᠡᠮ ᠡᠮᠨᠡᠯᠭᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠦ ᠡᠷᠡᠭᠦᠯ ᠡᠩᠭᠡ ᠶᠢᠨ ᠦᠢᠯᠡᠰ ᠢᠶᠠᠷ ᠶᠠᠲᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠵᠦ᠂ ᠮᠠᠲ᠋ᠧᠷᠢᠶᠠᠯ ᠲᠠᠩᠰᠠ ᠡᠪᠬᠡᠮᠡᠯ ᠢᠶᠠᠨ ᠡᠮᠬᠢᠳᠬᠡᠨ ᠪᠦᠷᠢᠨᠰᠢᠭᠦᠯᠵᠦ ᠲᠦᠷᠦᠯ ᠵᠤᠶᠢᠯ ᠢᠶᠠᠷ ᠨᠢ ᠲᠤᠲᠤᠷᠬᠠᠢ ᠠᠩᠭᠢᠯᠠᠨ᠂ ᠪᠦᠬᠦ ᠬᠦᠴᠤᠨ ᠰᠡᠳᠬᠢᠯ ᠢᠶᠠᠨ ᠲᠦᠪᠯᠡᠷᠡᠭᠦᠯᠦᠨ ᠴᠢᠷᠮᠡᠶᠢᠨ ᠠᠵᠢᠯᠯᠠᠵᠦ᠂ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠨ᠂ ᠨᠠᠷᠢᠨ ᠤᠨᠤᠪᠴᠢᠲᠠᠢ ᠠᠷᠭ᠎ᠠ ᠬᠡᠮᠵᠢᠶ᠎ᠡ ᠪᠠᠷ ᠤᠨᠢᠨ ᠲᠡᠭᠡᠷ᠎ᠡ ᠨᠢ ᠬᠦᠴᠦᠯᠡᠬᠦ ᠬᠡᠷᠡᠭᠲᠡᠢ᠃ ᠦᠨᠲᠦᠰᠦᠨ ᠱᠠᠲᠤᠨ ᠤ ᠨᠠᠮ ᠤᠨ ᠵᠤᠬᠢᠶᠡᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠲᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠦᠯᠲᠠ ᠶᠢᠨ ᠪᠠᠬᠢᠯᠡᠯᠲᠠ ᠶᠢᠨ ᠦᠢᠯᠡᠲᠦᠯ  ᠂ ᠨᠠᠮ ᠤᠨ ᠬᠡᠰᠢᠭᠦᠨ ᠤ ᠲᠡᠷᠢᠭᠦᠨ ᠤ ᠬᠤᠰᠢᠭᠤᠴᠢ ᠦᠢᠯᠡᠲᠤᠯ ᠢᠶᠠᠨ ᠬᠦᠢᠴᠡᠳ ᠪᠠᠲᠠᠷᠠᠭᠤᠯᠵᠦ᠂ ᠭᠠᠴᠠᠭ᠎ᠠ ᠲᠤᠰᠬᠤᠨ ᠤ ᠬᠠᠮᠲᠤ ᠶᠢᠨ ᠠᠵᠦ ᠠᠬᠤᠢ ᠶᠢ ᠤᠯᠠᠮ ᠪᠤᠵᠠᠭᠠᠶᠢᠷᠠᠭᠤᠯᠵᠦ᠂ ᠦᠨᠲᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠰᠢᠨ᠎ᠡ ᠨᠢᠭᠡᠨ ᠲᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠵᠠᠰᠠᠭ ᠤᠨ ᠤᠷᠲᠤᠨ ᠤ ᠦᠷᠢ ᠦᠭᠴᠡᠭᠡ ᠶᠢ ᠢᠯᠭᠠᠷᠠᠭᠤᠯᠬᠤ ᠠᠵᠢᠯ ᠢ ᠯᠠᠪᠲᠠᠭᠤᠨ ᠪᠠᠲᠤᠲᠠᠢ ᠬᠢᠵᠦ᠂  ᠰᠢᠨᠵᠢᠯᠡᠨ ᠰᠤᠷᠤᠯᠴᠠᠬᠤ ᠲᠤᠮᠲᠠᠬᠢ ᠲᠡᠷᠢᠭᠦᠨ ᠤ ᠲᠤᠷᠰᠢᠯᠭ᠎ᠠ ᠰᠤᠷᠭᠠᠮᠵᠢ ᠪᠤᠯᠤᠨ ᠠᠷᠭ᠎ᠠ ᠠᠪᠴᠠᠯ ᠢ ᠴᠢᠷᠮᠡᠶᠢᠨ ᠰᠤᠷᠤᠯᠴᠠᠵᠦ᠂ ᠦᠨᠡᠨ ᠪᠤᠲᠠᠲᠠᠢ ᠠᠵᠢᠯ ᠤᠨ ᠦᠷ᠎ᠡ ᠪᠦᠲᠦᠮᠵᠢ ᠶᠢ ᠭᠠᠷᠭᠠᠨ᠂ ᠨᠠᠮ ᠪᠠ ᠠᠷᠠᠳ ᠲᠦᠮᠡᠨ ᠳᠤ ᠨᠢᠭᠡᠨ ᠬᠠᠨᠤᠮᠵᠢᠲᠠᠢ ᠬᠠᠷᠢᠭᠤᠯᠲᠠ ᠦᠭᠬᠦ ᠬᠡᠷᠡᠭᠲᠡᠢ ᠭᠡᠪᠡ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号