ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠵᠢᠯᠤᠭᠤᠳᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2018-10-19
     10 ᠰᠠᠷ᠎ᠠ ᠶᠢᠨ 16 ᠤ ᠡᠳᠦᠷ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠴᠢ᠊ ᠪᠢᠰᠢᠷᠠᠯᠳᠤ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠵᠢᠯᠤᠭᠤᠳᠬᠤ ᠲᠤᠭᠤᠶᠢᠯᠠᠩ ᠤᠨ ᠬᠢᠨ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠭᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠶᠠᠩ ᠮᠢᠩ᠂ ᠬᠤᠳᠠ  ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠵᠢᠷᠭᠠᠯᠳᠤ ᠪᠤᠯᠤᠨ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠨᠠᠷ ᠪᠠᠷᠠᠳᠠᠨ ᠪᠠᠶᠢᠴᠠᠭᠠᠪᠠ᠃
     ᠵᠢᠭᠠᠨ ᠵᠢᠯᠤᠭᠤᠳᠬᠤ ᠲᠤᠭᠤᠶᠢᠯᠠᠩ ᠤᠨ ᠬᠢᠨ ᠤᠷᠢᠳ ᠬᠤᠵᠢᠳ ᠲᠤᠭ ᠪᠠᠯᠭᠠᠰᠤᠨ ᠤ ᠲᠤᠭᠤᠯᠳᠠᠢ ᠭᠠᠴᠠᠭ᠎ᠠ᠂ ᠥᠪᠤᠷ ᠮᠤᠩᠭᠤᠯ ᠤᠨ ᠮᠤ᠋ ᠮᠢᠩ ᠢᠳᠡᠭᠡᠨ ᠤ ᠬᠢᠵᠠᠭᠠᠷᠲᠤ ᠺᠤᠮᠫᠠᠨᠢ᠂ ᠰᠢᠷᠭᠠᠮᠤᠷᠢ ᠲᠤᠰᠬᠤᠨ ᠤ ᠶᠠᠳᠠᠭᠤ ᠭᠥᠴᠢᠷᠳᠠᠯᠳᠠᠢ ᠡᠷᠤᠭᠡ ᠳ᠋ᠦ᠋ ᠵᠢᠶᠠᠨ ᠫᠢᠩ ᠤᠨ ᠬᠢᠨ᠂ ᠤᠯᠠᠭᠠᠠᠳᠤᠯᠤᠭᠠᠢ ᠪᠠᠯᠭᠠᠰᠤᠨ ᠤ ᠤᠩᠭᠤᠨ ᠲᠠᠯ᠎ᠠ ᠲᠤᠰᠬᠠᠢ ᠬᠤᠷᠰᠢᠶᠠᠵᠢᠯ᠂ ᠪᠠᠶ᠋ᠬᠠᠤᠪᠤᠭ᠎ᠠ ᠭᠠᠴᠠᠭᠠᠨ ᠤ ᠶᠠᠳᠠᠭᠤ ᠬᠦᠴᠢᠷᠳᠡᠯᠲᠠᠢ ᠡᠷᠣᠭᠡ ᠡᠷᠳᠡᠨᠢᠴᠤᠭᠳᠣ ᠶᠢᠨ ᠬᠢᠨ ᠪᠤᠯᠤᠨ ᠰᠥᠯᠳᠠ ᠰᠤᠮᠤᠨ ᠤ ᠲᠠᠯ᠎ᠠ ᠶᠢᠨ ᠤᠰᠤ ᠭᠠᠴᠠᠭᠠᠨ ᠤ ᠬᠠᠷᠢᠯᠴᠠᠨ ᠬᠠᠪᠰᠤᠷᠣᠯᠴᠠᠬᠤ ᠪᠡᠯᠡ ᠮᠦᠩᠭᠦᠨ ᠤ ᠵᠢᠭᠡᠯᠡᠯᠭᠡ ᠵᠡᠷᠭᠡ ᠭᠠᠵᠠᠷ ᠢᠶᠠᠷ ᠭᠥᠷᠴᠤ ᠰᠠᠭᠤᠨ ᠶᠠᠷᠢᠯᠴᠠᠬᠤ ᠪᠤᠯᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠥᠵᠠᠭᠦ᠂ ᠮᠠᠲ᠋ᠧᠷᠢᠶᠠᠯ ᠥᠵᠠᠭᠦ ᠵᠡᠷᠭᠡ ᠠᠷᠭ᠎ᠠ ᠭᠡᠯᠪᠠᠷᠢ ᠪᠠᠷ ᠳᠠᠮᠵᠢᠨ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠶᠠᠳᠠᠭᠤ ᠬᠦᠴᠢᠷᠳᠡᠯᠲᠠᠢ ᠡᠷᠤᠭᠡ ᠶᠢᠨ ᠥᠢᠯᠡᠳᠪᠤᠷᠢᠯᠠᠯ ᠠᠮᠢᠳᠤᠷᠠᠯ᠂ ᠬᠠᠷᠢᠯᠴᠠᠨ ᠬᠠᠪᠰᠤᠷᠣᠯᠴᠠᠬᠤ ᠪᠡᠯᠡ ᠮᠦᠩᠭᠦᠨ ᠤ ᠡᠷᠭᠢᠯᠳᠠ ᠪᠠ ᠺᠤᠮᠫᠠᠨᠢ᠂ ᠬᠤᠷᠰᠢᠶᠠᠵᠢᠯ ᠤᠨ ᠭᠥᠭᠵᠢᠯᠳᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃
     ᠲᠤᠭᠤᠯᠳᠠᠢ ᠭᠠᠴᠠᠭᠠᠨ ᠳᠤ ᠴᠢ᠊ ᠪᠢᠰᠢᠷᠠᠯᠳᠤ ᠤᠯᠠᠨ ᠲᠠᠶᠠᠭᠠᠷ ᠲᠠᠢ ᠬᠠᠮᠲᠤ ᠰᠠᠭᠤᠨ ᠶᠠᠷᠢᠯᠴᠠᠵᠤ ᠭᠠᠴᠠᠭᠠᠨ  ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠶᠢ ᠥᠷᠨᠢᠭᠦᠯᠵᠤ ᠪᠠᠶᠢᠭ᠎ᠠ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠴᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠪᠥᠳᠥᠭᠡᠨ ᠪᠠᠶᠢᠭᠤᠯᠤᠯᠳᠠ ᠪᠤᠯᠤᠨ ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠠᠮᠵᠢᠭᠦ ᠠᠵᠢᠯ ᠤᠨ ᠨᠠᠶᠢᠳᠠᠪᠤᠷᠢᠵᠢᠭᠤᠯᠤᠭᠳᠠᠵᠤ ᠪᠠᠶᠢᠭ᠎ᠠ ᠪᠠᠶᠢᠳᠠᠯ  ᠢ ᠨᠠᠷᠢᠨ ᠤᠶᠢᠯᠠᠭᠠᠭᠰᠠᠨ ᠪᠠᠶᠢᠨ᠎ᠠ᠃ ᠴᠢ᠊ ᠪᠢᠰᠢᠷᠠᠯᠳᠤ ᠵᠢᠭᠠᠵᠤ ᠭᠠᠷᠭᠠᠬᠤ ᠳᠤ ᠪᠠᠨ᠂ ᠠᠵᠤ ᠠᠬᠤᠶᠢᠯᠠᠯ ᠤᠯᠠᠨ ᠰᠠᠭᠤᠷᠢᠰᠢᠭᠰᠠᠨ ᠲᠠᠪᠠᠭᠤᠯᠢᠭ ᠨᠥᠭᠦᠴᠠᠯ ᠢ ᠭᠥᠢᠴᠡᠳ ᠠᠰᠢᠭᠯᠠᠨ  ᠠᠵᠤ ᠦᠢᠯᠡᠰ ᠤᠨ ᠬᠦᠭᠵᠢᠯᠳᠡ ᠶᠢᠨ ᠲᠥᠯᠥᠪᠵᠢᠭᠦᠯᠭᠡ ᠶᠢ ᠰᠠᠶᠢᠨ ᠭᠢᠵᠤ ᠭᠤᠷᠪᠠᠳᠤᠭᠠᠷ ᠠᠵᠤ ᠥᠢᠯᠡᠰ ᠤᠨ ᠥᠢᠯᠡᠴᠢᠯᠡᠭᠡᠨ ᠤ ᠥᠢᠯᠡᠰ ᠢ ᠬᠦᠭᠵᠢᠬᠦᠯᠦᠨ ᠭᠠᠴᠠᠭᠠᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠵᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠪᠠ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠶᠢ ᠠᠭᠢᠭᠤᠯᠬᠤ ᠭᠡᠷᠡᠭᠳᠠᠢ᠃ ᠲᠤᠭ ᠪᠠᠯᠭᠠᠰᠤᠨ ᠤ ᠪᠠᠯᠭᠠᠰᠤᠨ ᠲᠤᠭᠤᠷᠢᠭ ᠤᠨ ᠲᠥᠯᠥᠪᠵᠢᠭᠦᠯᠭᠡ ᠲᠥᠯᠥᠪᠯᠡᠭᠡ ᠶᠢ ᠰᠠᠶᠢᠲᠤᠷ ᠭᠢᠵᠤ᠂ ᠰᠤᠷᠭᠠᠨ ᠭᠥᠮᠤᠵᠢᠯ ᠡᠮ ᠡᠮᠨᠡᠯᠭᠡ ᠵᠡᠷᠭᠡ ᠰᠠᠭᠤᠷᠢ ᠥᠢᠯᠡᠴᠢᠯᠡᠭᠡᠨ ᠤ ᠪᠠᠶᠢᠭᠤᠯᠤᠯᠳᠠ ᠶᠢ ᠭᠤᠤᠯᠴᠢᠯᠠᠨ ᠳᠡᠭᠡᠭᠰᠢᠯᠡᠬᠦᠯᠵᠤ᠂ ᠠᠵᠤ ᠠᠬᠤᠶᠢᠯᠠᠯ ᠤᠨ ᠭᠥᠭᠵᠢᠯᠳᠠ ᠳᠤ ᠰᠠᠶᠢᠨ ᠰᠠᠶᠢᠬᠠᠨ ᠤᠷᠴᠢᠨ ᠢ ᠪᠥᠷᠢᠯᠳᠤᠭᠦᠯᠭᠦ ᠭᠡᠷᠡᠭᠳᠠᠢ ᠭᠡᠵᠡᠢ᠃
     ᠶᠠᠳᠠᠭᠤ ᠭᠥᠴᠢᠷᠳᠠᠯᠳᠠᠢ ᠡᠷᠤᠭᠡ ᠳ᠋ᠦ᠋ ᠵᠢᠶᠠᠨ ᠫᠢᠩ ᠪᠤᠯᠤᠨ ᠡᠷᠳᠡᠨᠢᠴᠤᠭᠳᠣ ᠶᠢᠨ ᠬᠢᠨ ᠳᠤ᠂ ᠴᠢ᠊ ᠪᠢᠰᠢᠷᠠᠯᠳᠤ ᠲᠠᠳᠠᠨ ᠤ ᠶᠠᠳᠠᠭᠤᠷᠠᠭᠰᠠᠨ ᠰᠢᠯᠳᠠᠭᠠᠨ ᠪᠠ ᠪᠠᠶ᠎ᠠ ᠶᠢᠨ ᠡᠷᠡᠭᠦᠯ ᠴᠢᠭᠢᠷᠠᠭ ᠤᠨ ᠪᠠᠶᠢᠳᠠᠯ ᠢ ᠯᠠᠪᠯᠠᠨ ᠠᠰᠠᠭᠤᠵᠤ ᠠᠵᠤ ᠥᠢᠯᠡᠰ ᠤᠨ ᠲᠥᠷᠥᠯ ᠵᠥᠢᠯ ᠢ ᠪᠠᠶᠢᠴᠠᠭᠠᠨ ᠥᠵᠠᠵᠤ᠂ ᠶᠠᠳᠠᠭᠤ ᠶᠢ ᠲᠠᠳᠭᠦᠭᠦ ᠠᠷᠭ᠎ᠠ ᠭᠡᠮᠵᠢᠶ᠎ᠠ ᠶᠢ ᠤᠶᠢᠯᠠᠭᠠᠬᠤ  ᠶᠢᠨ ᠬᠠᠮᠳᠤ ᠺᠠᠳ᠋ᠷ ᠤᠯᠠᠨ ᠲᠥᠮᠡᠨ ᠲᠠᠢ ᠬᠠᠮᠳᠤ ᠪᠠᠷ ᠶᠠᠳᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠭᠦ ᠠᠷᠭ᠎ᠠ ᠭᠡᠮᠵᠢᠶ᠎ᠠ ᠶᠢ ᠵᠥᠪᠳᠡᠯᠴᠠᠨ᠂ ᠶᠠᠳᠠᠭᠤ ᠭᠥᠴᠢᠷᠳᠠᠯᠳᠠᠢ ᠡᠷᠤᠭᠡ ᠶᠢᠨ ᠶᠠᠳᠠᠭᠤ ᠠᠴᠠ ᠠᠩᠭᠢᠵᠢᠷᠠᠬᠤ ᠢᠳᠡᠭᠡᠯ ᠵᠤᠷᠢᠭ ᠢᠶᠠᠨ ᠪᠠᠳᠤᠳᠬᠠᠨ᠂ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠨᠠᠶᠢᠭᠡᠮ ᠤᠨ ᠡᠯ᠎ᠠ ᠡᠳᠡᠭᠡᠳ ᠤᠨ  ᠬᠢᠨ ᠤ ᠬᠠᠪᠰᠤᠷᠤᠯᠭ᠎ᠠ ᠲᠠᠮᠵᠢᠯᠭᠡ ᠪᠠᠷ ᠥᠪᠠᠷ ᠤᠨ ᠭᠥᠴᠤ ᠪᠠᠷ ᠢᠶᠠᠨ ᠲᠡᠭᠵᠢᠷᠠᠨ ᠰᠢᠷᠭᠠᠭᠤ ᠠᠵᠢᠯᠯᠠᠵᠤ ᠡᠷᠳᠡᠭᠡᠨ ᠶᠠᠳᠠᠭᠤ ᠠᠴᠠ ᠠᠩᠭᠢᠵᠢᠷᠠᠬᠤ ᠶᠢ ᠨᠢ ᠵᠤᠷᠢᠭᠵᠢᠭᠤᠯᠵᠠᠢ᠃
           ᠪᠠᠶᠢᠴᠠᠭᠠᠨ ᠰᠤᠳᠤᠯᠤᠯᠳᠠ ᠶᠢᠨ ᠲᠤᠮᠳᠠ ᠴᠢ᠊ ᠪᠢᠰᠢᠷᠠᠯᠳᠤ ᠴᠢᠬᠤᠯᠠᠴᠢᠯᠠᠬᠤ ᠳᠤ ᠪᠠᠨ᠂ ᠲᠥᠪ ᠤᠨ ᠶᠠᠳᠠᠭᠤ  ᠶᠢ ᠲᠠᠳᠭᠦᠭᠦ ᠲᠥᠷᠥ ᠶᠢᠨ ᠪᠤᠳᠤᠯᠭ᠎ᠠ ᠶᠢ ᠤᠨᠤᠪᠴᠢᠲᠠᠢ ᠡᠵᠡᠮᠳᠠᠨ ᠡᠷᠡᠭᠦᠯ ᠴᠢᠭᠢᠷᠠᠭ ᠢᠶᠠᠷ ᠶᠠᠳᠠᠭᠤ ᠶᠢ ᠲᠠᠳᠭᠦᠭᠦ ᠲᠥᠷᠥ ᠶᠢᠨ ᠪᠤᠳᠤᠯᠭ᠎ᠠ ᠶᠢ ᠤᠯᠠᠨ ᠠᠷᠭ᠎ᠠ ᠠᠪᠴᠠᠯ ᠢᠶᠠᠷ ᠨᠠᠶᠢᠳᠠᠪᠤᠷᠢᠵᠢᠭᠤᠯᠵᠤ ᠡᠪᠡᠳᠴᠢᠨ ᠠᠴᠠ ᠪᠤᠯᠵᠤ ᠶᠠᠳᠠᠭᠤᠷᠭᠰᠠᠨ ᠡᠷᠦᠬᠡ ᠶᠢ ᠲᠠᠮᠵᠢᠨ ᠢᠯᠭᠤᠮ ᠤᠷᠤᠭᠰᠢᠳᠠᠢ ᠶᠠᠳᠠᠭᠤ ᠠᠴᠠ ᠠᠩᠭᠢᠵᠢᠷᠠᠬᠤ ᠶᠢ ᠪᠠᠶᠠᠯᠠᠭᠦᠯᠭᠦ ᠭᠡᠷᠡᠭᠳᠠᠢ ᠃ ᠲᠠᠷᠢᠶᠠᠯᠠᠩ ᠮᠠᠯ ᠠᠵᠤ ᠠᠬᠤᠢ ᠶᠢᠨ ᠥᠢᠯᠠᠰ ᠤᠨ ᠬᠠᠷᠢᠯᠴᠠᠨ ᠠᠭᠤᠰᠤᠯᠴᠠᠭᠰᠠᠨ ᠭᠥᠭᠵᠢᠯᠳᠠ ᠶᠢ ᠠᠭᠢᠭᠤᠯᠤᠨ ᠲᠤᠯᠤᠭᠠᠶᠢᠯᠠᠬᠤ ᠠᠵᠤ ᠠᠬᠤᠶᠢᠯᠠᠯ ᠪᠤᠯᠤᠨ ᠬᠤᠷᠰᠢᠶᠠᠵᠢᠯ ᠢ ᠪᠤᠵᠠᠭᠠᠶᠢᠷᠠᠭᠤᠯᠵᠤ᠂ ᠰᠢᠨ᠎ᠠ ᠠᠵᠤ ᠥᠢᠯᠡᠰ ᠢ ᠪᠤᠢ ᠪᠤᠯᠭᠠᠨ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠠᠯ ᠢ ᠲᠠᠶᠢᠴᠢᠯᠠᠬᠤ ᠭᠡᠷᠡᠭᠳᠠᠢ᠃ ᠲᠥᠷᠥ ᠶᠢᠨ ᠪᠤᠳᠤᠯᠭ᠎ᠠ  ᠪᠠᠷ ᠵᠢᠭᠠᠨ ᠵᠢᠯᠤᠭᠤᠳᠬᠤ ᠶᠢ ᠴᠢᠩᠭᠠᠳᠬᠠᠵᠤ᠂ ᠥᠢᠯᠡᠴᠢᠯᠡᠭᠡᠨ ᠤ ᠭᠢᠷᠢ ᠲᠥᠪᠰᠢᠨ ᠢ ᠰᠢᠯᠢᠳᠡᠭᠵᠢᠭᠦᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠥᠢᠯᠠᠰ ᠤᠨ ᠴᠢᠨᠠᠷ ᠰᠠᠶᠢᠳᠠᠢ ᠭᠥᠭᠵᠢᠯᠳᠠ ᠶᠢ ᠲᠠᠮᠵᠢᠭᠦ ᠭᠡᠷᠡᠭᠳᠠᠢ ᠭᠡᠵᠡᠢ  ᠃
           ᠪᠠᠶᠢᠴᠠᠭᠠᠨ ᠰᠤᠳᠤᠯᠤᠯᠳᠠ ᠶᠢᠨ ᠲᠠᠷᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ  ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠲᠡᠭᠡᠷ᠎ᠡ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠮᠠᠨ ᠤ ᠬᠤᠰᠢᠭᠤᠨ ᠤ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠥᠷᠨᠢᠭᠦᠯᠥᠭᠳᠡᠵᠤ ᠪᠠᠶᠢᠭ᠎ᠠ ᠪᠠᠶᠢᠳᠠᠯ ᠳᠤ ᠬᠠᠷᠢᠭᠤ ᠮᠡᠳᠡᠬᠦᠯᠦᠯᠲᠡ ᠭᠢᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠶᠠᠩ ᠮᠢᠩ᠂ ᠬᠤᠳᠠ  ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠵᠢᠷᠭᠠᠯᠳᠤ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠵᠢᠭᠠᠨ ᠵᠢᠯᠤᠭᠤᠳᠤᠯᠭ᠎ᠠ ᠭᠢᠭᠰᠡᠨ ᠪᠠᠶᠢᠨ᠎ᠠ᠃
             ᠴᠢ᠊ ᠪᠢᠰᠢᠷᠠᠯᠳᠤ ᠶᠠᠷᠢᠶᠠᠨ ᠳᠤ ᠪᠠᠨ ᠴᠢᠬᠤᠯᠠᠴᠢᠯᠠᠬᠤ ᠳᠤ ᠪᠠᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠢᠯᠠᠬᠤ ᠪᠤᠯ ᠨᠠᠮ ᠠᠴᠠ ᠠᠷᠠᠳ ᠲᠥᠮᠡᠨ ᠳᠤ ᠲᠠᠯᠪᠢᠭᠰᠠᠨ ᠠᠮᠠᠯᠠᠯᠲᠠ᠂ ᠨᠢᠭᠡ ᠲᠥᠷᠥᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠤᠨ᠎ᠠ᠃ ᠥᠵᠠᠯ ᠰᠠᠨᠠᠭ᠎ᠠ ᠲᠠᠨᠢᠯᠳᠠ ᠪᠠ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠤ᠂ ᠰᠢ ᠶᠢᠨ ᠫᠢᠩ ᠶᠠᠷᠤᠩᠭᠡᠢ ᠱᠥᠵᠢ  ᠶᠢᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠤᠬᠠᠢ ᠴᠢᠬᠤᠯᠠ ᠥᠭᠦᠯᠠᠯᠳᠠ ᠪᠤᠯᠤᠨ ᠲᠥᠪ ᠤᠨ ᠶᠠᠳᠠᠭᠤ ᠶᠢ ᠲᠠᠳᠭᠦᠭᠦ ᠴᠢᠭᠯᠡᠯᠳᠠ ᠲᠥᠷᠥ ᠶᠢᠨ ᠪᠤᠳᠤᠯᠭ᠎ᠠ ᠶᠢ ᠭᠥᠨᠵᠡᠭᠡᠢ ᠰᠤᠷᠤᠯᠴᠠᠨ᠂ ᠤᠷᠤᠨ ᠬᠤᠳᠠ ᠶᠢᠨ ᠨᠠᠮ  ᠤᠨ ᠬᠤᠷᠢᠶ᠎ᠠ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠲᠤᠭᠢᠷᠠᠭᠤᠯᠤᠯᠳᠠ ᠶᠤᠰᠤᠭᠠᠷ ᠵᠤᠭᠢᠶᠠᠨ ᠪᠠᠶᠢᠭᠤᠯᠤᠯᠳᠠ  ᠶᠢᠨ ᠤᠳᠤᠷᠢᠳᠤᠯᠭ᠎ᠠ ᠪᠠᠨ ᠴᠢᠩᠭᠠᠳᠬᠠᠨ᠂ ᠥᠪᠠᠷ ᠥᠪᠠᠷ ᠤᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠤᠳᠠᠳᠠᠶᠢᠵᠢᠭᠤᠯᠬᠤ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ︽ᠡᠷᠭᠢᠵᠤ ᠬᠠᠷᠠᠬᠤ︾ ᠠᠵᠢᠯ ᠢ ᠦᠷᠨᠢᠬᠦᠯᠦᠨ ᠡᠯ᠎ᠠ ᠲᠥᠷᠥᠯ ᠤᠨ ᠠᠷᠭ᠎ᠠ ᠭᠡᠮᠵᠢᠶ᠎ᠠ ᠶᠢ ᠨᠠᠷᠢᠯᠢᠭᠵᠢᠭᠤᠯᠤᠨ ᠪᠤᠳᠠᠳᠠᠶᠢᠵᠢᠭᠤᠯᠵᠤ ᠶᠠᠳᠠᠭᠤ  ᠠᠴᠠ ᠠᠩᠭᠢᠵᠢᠷᠠᠭᠤᠯᠬᠤ ᠥᠷ᠎ᠠ ᠪᠥᠳᠥᠮᠵᠢ ᠶᠢ ᠪᠠᠳᠤᠳᠬᠠᠬᠤ ᠭᠡᠷᠡᠭᠳᠠᠢ᠃  ᠭᠠᠴᠠᠭ᠎ᠠ ᠲᠤᠰᠬᠤᠨ ᠤ ᠺᠠᠳ᠋ᠷ ᠪᠤᠯᠤᠨ ᠲᠤᠰᠬᠤᠨ ᠳᠤ ᠰᠠᠭᠤᠭ᠎ᠠ ᠺᠠᠳ᠋ᠷᠴᠤᠳ ᠤᠨ ᠥᠵᠠᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠤᠷᠤᠯᠴᠠᠯᠭ᠎ᠠ ᠪᠤᠯᠪᠠᠰᠤᠷᠠᠯ ᠢ ᠥᠷᠨᠢᠭᠦᠯᠵᠤ ᠶᠠᠳᠠᠭᠤ ᠶᠢ ᠲᠠᠳᠭᠦᠭᠦ ᠠᠵᠢᠯ ᠢ ᠤᠶᠢᠯᠠᠭᠠᠭᠰᠠᠨ᠂ ᠶᠠᠳᠠᠭᠤ ᠶᠢ ᠲᠠᠳᠭᠦᠵᠤ ᠴᠢᠳᠠᠭᠰᠠᠨ᠂ ᠶᠠᠳᠠᠭᠤ ᠶᠢ ᠲᠠᠳᠭᠦᠭᠦ ᠰᠠᠶᠢᠨ ᠰᠤᠷᠳᠠᠯ ᠲᠠᠢ ᠺᠠᠳ᠋ᠷ ᠤᠨ ᠡᠩᠨᠡᠭᠡ ᠶᠢ ᠭᠥᠮᠥᠵᠢᠭᠦᠯᠭᠦ ᠭᠡᠷᠡᠭᠳᠠᠢ᠃ ᠠᠵᠤ ᠥᠢᠯᠠᠰ ᠢᠶᠠᠷ ᠶᠠᠳᠠᠭᠤ ᠶᠢ ᠲᠡᠳᠭᠦᠭᠦ ᠲᠥᠷᠥ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠳᠬᠤᠵᠤ ᠠᠵᠤ ᠦᠢᠯᠡᠰ ᠤᠨ ᠭᠥᠭᠵᠢᠯᠳᠠ ᠶᠢᠨ ᠲᠥᠷᠥᠯ ᠵᠥᠢᠯ ᠢ ᠰᠠᠶᠢᠨ ᠰᠤᠩᠭᠤᠬᠤ ᠭᠡᠷᠡᠭᠳᠠᠢ᠃ ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠠᠮᠵᠢᠭᠦ ᠠᠵᠢᠯ ᠢ ᠨᠠᠶᠢᠳᠠᠪᠤᠷᠢᠵᠢᠭᠤᠯᠵᠤ ᠠᠵᠤ ᠥᠢᠯᠡᠰ ᠤᠨ ᠭᠥᠭᠵᠢᠯᠳᠠ  ᠶᠢᠨ ᠲᠥᠷᠥᠯ ᠵᠥᠢᠯ ᠢ ᠰᠠᠶᠢᠨ ᠲᠦᠯᠦᠪᠵᠢᠬᠦᠯᠦᠨ ᠬᠠᠮᠳᠤᠷᠠᠨ ᠠᠵᠢᠯᠯᠠᠬᠤ ᠭᠡᠯᠪᠠᠷᠢ ᠶᠢᠨ ᠰᠢᠨ᠎ᠠ ᠶᠢ ᠡᠭᠦᠳᠴᠤ ᠲᠤᠰᠬᠤᠨ ᠠᠵᠤ ᠠᠬᠤᠶᠢᠯᠠᠯ ᠤᠷᠳᠤ ᠬᠤᠭᠤᠴᠠᠭ᠎ᠠ ᠪᠠᠷ ᠬᠠᠮᠳᠤᠷᠠᠨ ᠠᠵᠢᠯᠯᠠᠬᠤ ᠶᠢ ᠪᠠᠶᠠᠯᠠᠭᠦᠯᠭᠦ ᠭᠡᠷᠡᠭᠳᠠᠢ ᠭᠡᠵᠡᠢ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ  ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠣᠯᠳᠠ ᠶᠢᠨ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠲᠡᠳ᠋ ᠲᠠᠷᠤᠭ᠎ᠠ ᠪᠠᠶᠠᠠᠴᠡᠩᠭᠡᠯ ᠪᠤᠯᠤᠨ ᠡᠯ᠎ᠠ ᠰᠤᠮᠤ ᠪᠠᠯᠭᠠᠰᠤ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号