10 ᠰᠠᠷ᠎ᠠ ᠶᠢᠨ 12 ᠤᠨ ᠡᠳᠤᠷ᠂ ᠬᠤᠰᠢᠭᠤ ᠠᠷᠠᠳ ᠤᠨ ᠵᠠᠰᠠᠭ ᠤᠨ ᠤᠷᠳᠤᠨ ᠪᠤᠯᠤᠨ ᠵᠦᠩ ᠲᠢᠶᠧ | ᠲᠤᠯᠤᠳᠤᠭᠠᠷ ᠳᠤᠪᠴᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠠᠮᠳᠤᠷᠠᠯᠴᠠᠭᠠᠨ ᠤ ᠠᠵᠢᠯ ᠤᠨ | ᠲᠦᠢᠮᠤᠴᠢᠯᠠᠭᠰᠠᠨ ᠬᠡᠯᠡᠯᠴᠡᠭᠡᠷ ᠳᠤᠭᠲᠠᠬᠤ ᠶᠤᠰᠤᠯᠠᠯ ᠶᠠᠪᠤᠭᠳᠠᠵᠤ᠂ ᠬᠤᠶᠠᠷ ᠲᠠᠯ᠎ᠠ ᠪᠠᠷ ᠢᠶᠠᠨ ᠬᠤᠵᠢᠮ ᠬᠤᠶᠢᠰᠢᠲᠠ | ᠭᠤᠤᠯᠳᠠᠭᠤ ᠮᠠᠨ ᠤ ᠬᠤᠰᠢᠭᠤᠨ ᠤ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ | ᠬᠦᠨᠵᠡᠭᠡᠢ ᠬᠠᠮᠳᠤᠷᠠᠯᠴᠠᠬᠤ ᠪᠠᠷ ᠪᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ | ᠳᠠᠷᠤᠭ᠎ᠠ ᠵᠤᠤ ᠹᠸᠢ ᠯᠤ᠋᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠬᠤᠰᠢᠭᠤ ᠳᠡᠳ᠋ ᠳᠠᠷᠤᠭ᠎ᠠ ᠡᠳ᠋ ᠤᠨ | ᠵᠠᠰᠠᠭ ᠤᠨ ᠳᠤᠪᠴᠢᠶᠠᠨ ᠳᠠᠷᠤᠭ᠎ᠠ ᠪᠠᠶᠠᠨᠴᠡᠩᠬᠡᠯ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠵᠦᠩ ᠲᠢᠶᠧ | ᠲᠤᠯᠤᠳᠤᠭᠠᠷ ᠳᠤᠪᠴᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠶᠢᠳᠠᠭᠰᠠᠨ ᠪᠡᠯᠡ ᠤᠷᠤᠭᠤᠯᠤᠭᠴᠢ ᠶᠢᠨ | ᠳᠠᠭᠠᠭᠠᠮᠠᠯ ᠶᠦᠨ ᠰᠢᠶᠣᠣ ᠬᠤᠩ᠂ ᠵᠦᠩ ᠲᠢᠶᠧ ᠲᠤᠯᠤᠳᠤᠭᠠᠷ ᠳᠤᠪᠴᠢᠶᠠᠨ ᠤ ᠪᠦᠯᠦᠭᠯᠡᠯ ᠤᠨ ᠬᠤᠶᠠᠳᠤᠭᠠᠷ | ᠺᠤᠮᠫᠠᠨᠢ ᠶᠢᠨ ᠶᠡᠷᠦᠩᠬᠡᠢ ᠳᠠᠭᠠᠭᠠᠮᠠᠯ ᠤᠨ ᠳᠤᠰᠠᠯᠠᠭᠴᠢ ᠰᠥᠩ ᠰᠢᠶᠠᠨ ᠳ᠋ᠢᠩ ᠵᠢᠴᠢ ᠬᠤᠰᠢᠭᠤ ᠵᠠᠰᠠᠭ ᠤᠨ | ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠳᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ | ᠲᠦᠯᠦᠪᠵᠢᠬᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠪᠴᠢᠶ᠎ᠠ᠂ ᠵᠠᠮ ᠬᠠᠷᠢᠯᠴᠠᠭᠠᠨ ᠤ ᠳᠤᠪᠴᠢᠶ᠎ᠠ᠂ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠺᠤᠮᠫᠠᠨᠢ ᠵᠡᠷᠭᠡ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠬᠡᠯᠡᠯᠴᠡᠭᠡᠷ ᠳᠤᠭᠲᠠᠬᠤ ᠶᠤᠰᠤᠯᠠᠯ ᠳᠤ ᠤᠷᠤᠯᠴᠠᠪᠠ᠃ | | | | | ᠬᠡᠯᠡᠯᠴᠡᠭᠡᠷ ᠳᠤᠭᠲᠠᠬᠤ ᠶᠤᠰᠤᠯᠠᠯ ᠳᠡᠭᠡᠷ᠎ᠡ᠂ ᠬᠤᠰᠢᠭᠤ ᠳᠡᠳ᠋ ᠳᠠᠷᠤᠭ᠎ᠠ ᠵᠧᠦ ᠱᠤᠸᠠᠢ ᠮᠠᠨ ᠤ ᠬᠤᠰᠢᠭᠤᠨ ᠤ | ᠠᠵᠤ ᠠᠬᠤᠢ ᠨᠡᠶᠢᠭᠡᠮ ᠤᠨ ᠬᠦᠭᠵᠢᠯᠲᠡ᠂ ᠵᠠᠰᠠᠭ ᠤᠨ ᠤᠷᠳᠤᠨ ᠪᠠ ᠨᠡᠶᠢᠬᠡᠮ ᠤᠨ ᠪᠡᠯᠡ ᠮᠦᠩᠬᠦ ᠶᠢᠨ | ᠬᠠᠮᠳᠤᠷᠠᠯᠴᠠᠭᠠᠨ ᠤ ᠲᠦᠷᠦᠯ ᠵᠦᠢᠯ ᠤᠨ ᠪᠠᠶᠢᠳᠠᠯ ᠤᠨ ᠳᠤᠬᠠᠢ ᠲᠠᠨᠢᠯᠴᠠᠭᠤᠯᠭ᠎ᠠ ᠬᠢᠵᠤ᠂ ᠵᠦᠩ ᠲᠢᠶᠧ | ᠲᠤᠯᠤᠳᠤᠭᠠᠷ ᠳᠤᠪᠴᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠶᠢᠳᠠᠭᠰᠠᠨ ᠪᠡᠯᠡ ᠤᠷᠤᠭᠤᠯᠤᠭᠴᠢ ᠶᠢᠨ | ᠳᠠᠭᠠᠭᠠᠮᠠᠯ ᠶᠦᠨ ᠰᠢᠶᠣᠣ ᠬᠤᠩ ᠠᠵᠤ ᠠᠬᠤᠶᠢᠯᠠᠯ ᠤᠨ ᠲᠦᠢᠮᠦ ᠪᠠᠶᠢᠳᠠᠯ ᠪᠠ ᠦᠦᠰᠢᠨ ᠬᠤᠰᠢᠭᠤᠨ ᠳᠤ | ᠶᠠᠪᠤᠭᠳᠠᠭᠤᠯᠬᠤ ᠪᠠᠷ ᠪᠠᠶᠢᠭ᠎ᠠ ᠭᠤᠤᠯᠳᠠᠯᠭ᠎ᠠ ᠲᠠᠢ ᠲᠦᠷᠦᠯ ᠵᠦᠢᠯ ᠤᠨ ᠳᠤᠬᠠᠢ ᠲᠠᠨᠢᠯᠴᠠᠭᠤᠯᠬᠤ ᠶᠢᠨ ᠬᠠᠮᠳᠤ | ᠤᠪᠤᠷ ᠢᠶᠠᠨ ᠢᠯᠡᠳᠭᠡᠵᠤ ᠬᠤᠶᠠᠷ ᠲᠠᠯ᠎ᠠ ᠪᠠᠷ ᠢᠶᠠᠨ ᠬᠠᠮᠳᠤᠷᠠᠯᠴᠠᠭᠠᠨ ᠤ ᠠᠵᠢᠯ ᠤᠨ ᠲᠦᠢᠮᠤᠴᠢᠯᠠᠭᠰᠠᠨ | ᠬᠡᠯᠡᠯᠴᠡᠭᠡᠷ ᠢ ᠠᠮᠵᠢᠯᠲᠠ ᠲᠠᠢ ᠳᠤᠭᠲᠠᠭᠰᠠᠨ ᠪᠠᠶᠢᠨ᠎ᠠ᠃ | | | | | ᠵᠤᠤ ᠹᠸᠢ ᠯᠤ᠋ ᠵᠢᠭᠠᠬᠤ ᠳᠠᠭᠠᠨ᠂ ᠵᠠᠰᠠᠭ ᠤᠨ ᠤᠷᠳᠤᠨ ᠪᠠ ᠨᠡᠶᠢᠭᠡᠮ ᠤᠨ ᠪᠡᠯᠡ ᠮᠦᠩᠬᠦ ᠶᠢᠨ | ᠬᠠᠮᠲᠤᠷᠠᠯᠴᠠᠭ᠎ᠠ ᠶᠢ ᠶᠠᠪᠤᠭᠳᠠᠭᠤᠯᠬᠤ ᠪᠤᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠠ ᠶᠢ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠠᠨ ᠳᠤ ᠠᠬᠢᠭᠤᠯᠬᠤ | ᠪᠦᠲᠦᠮᠵᠢᠲᠡᠢ ᠠᠷᠭ᠎ᠠ ᠬᠡᠯᠪᠡᠷᠢ ᠪᠠᠶᠢᠵᠤ᠂ ᠵᠠᠰᠠᠭ ᠤᠨ ᠤᠷᠳᠤᠨ ᠤ ᠡᠬᠦᠷᠭᠡ ᠴᠢᠳᠠᠪᠦᠷᠢ ᠶᠢ ᠬᠤᠪᠢᠷᠠᠭᠤᠯᠤᠨ ᠤᠯᠠᠨ | ᠨᠡᠶᠢᠲᠠ ᠶᠢᠨ ᠦᠢᠯᠡᠴᠢᠯᠡᠭᠡ ᠶᠢᠨ ᠬᠠᠩᠭᠠᠯᠲᠠ ᠶᠢ ᠰᠠᠶᠢᠵᠢᠷᠠᠭᠤᠯᠵᠤ ᠰᠠᠭᠤᠷᠢ ᠳᠦᠬᠦᠭᠡᠷᠤᠮᠵᠢ ᠶᠢ | ᠳᠡᠬᠦᠯᠳᠡᠷᠵᠢᠬᠦᠯᠬᠦ ᠶᠢ ᠲᠦᠷᠭᠡᠳᠭᠡᠨ᠂ ᠵᠠᠬ᠎ᠠ ᠳᠡᠯᠭᠡᠬᠦᠷ ᠤᠨ ᠪᠠᠶᠡᠴᠢ ᠴᠤᠭᠴᠠ ᠶᠢᠨ ᠠᠮᠢᠵᠢᠷᠠᠯ ᠤᠨ ᠬᠦᠴᠦᠨ ᠢ | ᠬᠦᠭᠵᠢᠭᠡᠵᠦ᠂ ᠡᠳ᠋ ᠤᠨ ᠵᠠᠰᠠᠭ ᠤᠨ ᠡᠷᠬᠢᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠳᠤ ᠠᠰᠢᠭᠲᠠᠢ ᠬᠡᠪᠡ᠃ | ᠵᠤᠤ ᠹᠸᠢ ᠯᠤ᠋ ᠠᠴᠠ ᠬᠡᠯᠡᠯᠴᠡᠭᠡᠷ ᠳᠤᠭᠲᠠᠭᠰᠠᠨ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠬᠦᠷᠲᠡᠵᠤ | ᠬᠠᠮᠳᠤ ᠪᠠᠷ ᠢᠯᠠᠬᠤ ᠵᠠᠷᠴᠢᠮ ᠢᠶᠠᠷ ᠬᠤᠯᠪᠤᠭᠳᠠᠯ ᠪᠦᠬᠦᠢ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠬᠦᠢᠴᠡᠳᠭᠡᠵᠤ᠂ ᠪᠤᠳᠠᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠭᠡᠨ᠂ | ᠲᠦᠷᠦᠯ ᠵᠦᠢᠯ ᠢ ᠡᠷᠲᠡ ᠨᠢᠭᠡᠨ ᠡᠳᠤᠷ ᠬᠡᠷᠡᠭᠵᠢᠬᠦᠯᠬᠦ ᠪᠠᠷ ᠴᠢᠷᠮᠠᠶᠢᠵᠤ᠂ ᠵᠠᠰᠠᠭ ᠤᠨ ᠤᠷᠳᠤᠨ ᠪᠠ ᠠᠵᠤ | ᠠᠬᠤᠶᠢᠯᠠᠯ ᠤᠨ ᠬᠠᠮᠳᠤᠷᠠᠯᠴᠠᠭᠠᠨ ᠤ ᠬᠡᠪ ᠳᠠᠭᠤᠷᠢᠶᠠᠯ ᠪᠤᠯᠭᠠᠵᠤ ᠭᠠᠵᠠᠷ ᠤᠷᠤᠨ ᠪᠠ ᠠᠵᠤ ᠠᠬᠤᠶᠢᠯᠠᠯ ᠬᠤᠷᠰᠢᠨ | ᠠᠵᠢᠯᠯᠠᠵᠤ ᠬᠠᠮᠳᠤ ᠪᠠᠷ ᠢᠯᠠᠬᠤ ᠶᠢ ᠪᠡᠶᠡᠯᠡᠬᠦᠯᠬᠦ ᠶᠢ ᠬᠦᠰᠡᠪᠡ᠃ |