ᠡᠷᠳᠡᠨᠢᠪᠢᠯᠢᠭ ᠰᠦᠯᠳᠠ ᠰᠤᠮᠤ ᠰᠢᠷᠬᠤᠰᠤᠨ ᠪᠠᠯᠭᠠᠰᠤᠨ ᠳᠤ ᠬᠦᠷᠴᠤ ᠬᠢᠨᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2018-10-19
     10 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠷᠠᠭ ᠤᠨ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠰᠦᠯᠳᠠ ᠰᠤᠮᠤ᠂ ᠰᠢᠷᠬᠤᠰᠤᠨ ᠪᠠᠯᠭᠠᠰᠤᠨ ᠳᠤ ᠬᠦᠷᠴᠤ ᠬᠦᠳᠡᠭᠡ ᠳᠤᠰᠬᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ᠂ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠠᠶᠤᠯᠬᠦᠢ ᠦᠢᠯᠡᠳᠪᠦᠷᠢᠯᠡᠯ ᠵᠡᠷᠭᠡ ᠠᠵᠢᠯ ᠳᠤ ᠬᠢᠨᠠᠨ ᠵᠢᠯᠤᠭᠤᠳᠤᠯᠭ᠎ᠠ ᠬᠢᠪᠡ᠃
     ᠴᠠᠶᠢᠵᠠ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ᠂ ᠦᠯᠡᠶᠢᠨᠴᠠᠶᠢᠳᠠᠮ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ᠂ ᠱᠠᠷᠯᠢᠭ ᠨᠡᠶᠢᠭᠡᠮ ᠲᠤᠭᠤᠷᠢᠭ᠂ ᠤᠷᠳᠤᠪᠡᠶ᠎ᠡ ᠬᠡᠷᠡᠭ ᠡᠷᠬᠢᠯᠡᠬᠦ ᠭᠠᠵᠠᠷ ᠵᠡᠷᠭᠡ ᠭᠠᠵᠠᠷ ᠤᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢᠨ ᠪᠠᠶᠢᠳᠠᠯ ᠪᠠ ᠰᠠᠭᠤᠭᠠᠯᠢ ᠠᠷᠠᠳ ᠤᠨ ᠰᠠᠭᠤᠷᠢᠰᠢᠬᠤ ᠴᠡᠭ ᠲᠤ ᠤᠷᠤᠵᠤ ᠰᠠᠭᠤᠭᠰᠠᠨ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠡᠷᠳᠡᠨᠢᠪᠢᠯᠢᠭ ᠵᠢᠭᠠᠬᠤ ᠳᠠᠭᠠᠨ᠂ ᠤᠷᠴᠢᠨ ᠲᠤᠭᠤᠷᠢᠨ ᠤ ᠶᠡᠷᠦᠩᠬᠡᠶᠢᠯᠠᠨ ᠵᠠᠰᠠᠨ ᠴᠡᠭᠴᠡᠯᠡᠯᠲᠡ ᠪᠤᠯ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠵᠠᠩᠬᠢᠯᠠᠭ᠎ᠠ ᠪᠠᠶᠢᠵᠤ᠂ ᠤᠳᠤᠬᠠᠨ ᠳᠤ᠂ ᠮᠠᠨ ᠤ ᠬᠤᠰᠢᠭᠤᠨ ᠤ ᠬᠦᠳᠡᠭᠡ ᠳᠤᠰᠬᠤᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠪᠤᠵᠠᠷ᠂ ᠡᠷᠦᠢ ᠬᠤᠷᠤᠢ ᠦᠭᠡᠢ ᠪᠠᠶᠢᠵᠤ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠳᠠᠷᠠᠭᠠᠬᠢ ᠬᠠᠮᠢᠶᠠᠷᠤᠯᠲᠠ ᠰᠤᠯᠠ ᠵᠡᠷᠭᠡ ᠠᠰᠠᠭᠤᠳᠠᠯ ᠤᠳ ᠮᠦᠨ ᠯᠠ ᠢᠯᠡᠳᠲᠡ ᠤᠷᠤᠰᠢᠵᠤ ᠪᠠᠶᠢᠨ᠎ᠠ᠂ ᠡᠯ᠎ᠡ ᠰᠤᠮᠤ ᠪᠠᠯᠭᠠᠰᠤ᠂ ᠡᠯ᠎ᠡ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠪᠠᠶᠢᠭᠤᠯᠭ᠎ᠠ ᠨᠢᠭᠡᠴᠢ ᠨᠢ ᠡᠷᠬᠡᠪᠰᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠪᠦᠬᠦ ᠬᠤᠰᠢᠭᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤᠬᠠᠢ ᠶᠢᠨ ᠲᠠᠯᠠᠪᠠᠢ ᠶᠢᠨ ᠳᠤᠷᠰᠢᠯᠭ᠎ᠠ ᠰᠤᠯᠢᠯᠴᠠᠬᠤ ᠬᠤᠷᠠᠯ ᠤᠨ ᠡᠬᠦᠷᠭᠡ ᠱᠠᠭᠠᠷᠳᠠᠯᠭ᠎ᠠ ᠶᠤᠰᠤᠭᠠᠷ ᠦᠳᠲᠡᠷ ᠲᠦᠷᠭᠡᠨ ᠬᠦᠳᠡᠯᠦᠯᠴᠡᠨ ᠵᠠᠰᠠᠮᠠᠯ ᠵᠠᠮ ᠳᠠᠭᠠᠤ᠂ ᠭᠤᠤᠯᠳᠠᠯᠭᠠᠳᠤ ᠤᠷᠤᠨ ᠲᠤᠭᠤᠷᠢᠭ᠂ ᠭᠤᠤᠯᠳᠠᠯᠭᠠᠳᠤ ᠭᠠᠴᠠᠭ᠎ᠠ ᠳᠤᠰᠬᠤᠨ᠂ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠵᠡᠷᠭᠡ ᠭᠠᠵᠠᠷ ᠤᠨ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠪᠠ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠦᠴᠦᠯᠡᠴᠡ ᠪᠠᠨ ᠨᠡᠮᠡᠭᠳᠡᠬᠦᠯᠦᠨ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠤᠨ ᠤᠤᠭᠤᠬᠤ ᠤᠰᠤ᠂ ᠴᠠᠬᠢᠯᠭᠠᠨ ᠬᠠᠩᠭᠠᠬᠤ᠂ ᠬᠠᠰᠢᠶ᠎ᠠ ᠰᠠᠷᠠᠪᠴᠢ ᠪᠠᠶᠢᠭᠤᠯᠬᠤ ᠵᠡᠷᠭᠡ ᠦᠢᠯᠡᠳᠪᠦᠷᠢᠯᠡᠯ ᠠᠮᠢᠳᠤᠷᠠᠯ ᠤᠨ ᠢᠵᠢ ᠪᠦᠷᠢᠳᠤᠬᠦᠯᠬᠦ ᠲᠦᠬᠦᠭᠡᠷᠦᠮᠵᠢ ᠶᠢ ᠲᠡᠬᠦᠯᠳᠡᠷᠵᠢᠬᠦᠯᠦᠨ ᠠᠷᠭ᠎ᠠ ᠠᠪᠴᠠᠯ ᠢᠶᠠᠨ ᠰᠢᠨᠡᠳᠭᠡᠨ ᠠᠷᠭ᠎ᠠ ᠤᠬᠠᠭᠠᠨ ᠭᠠᠷᠭᠠᠵᠤ ᠰᠠᠭᠤᠭᠠᠯᠢ ᠠᠷᠠᠳ ᠤᠨ ᠲᠦᠪᠯᠡᠷᠡᠨ ᠰᠠᠭᠤᠷᠢᠰᠢᠬᠤ ᠴᠡᠭ ᠢ ᠰᠠᠶᠢᠳᠤᠷ ᠠᠮᠢᠳᠤᠯᠢᠭ ᠢᠶᠠᠷ ᠠᠰᠢᠭᠯᠠᠬᠤ ᠬᠡᠷᠡᠭᠲᠡᠢ ᠬᠡᠪᠡ᠃
     S215 ᠱᠤᠭᠤᠮ ᠤᠨ ᠲᠦᠩᠽᠢ ᠠᠴᠠ ᠱᠠᠷᠯᠢᠭ ᠬᠦᠷᠬᠦ ᠵᠠᠰᠠᠮᠠᠯ ᠵᠠᠮ ᠤᠨ ᠢᠨᠵᠧᠨᠧᠷᠢᠩ᠂ ᠲᠦᠩᠽᠢ ᠠᠴᠠ ᠪᠤᠷᠤᠪᠠᠯᠭᠠᠰᠤ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠱᠠᠷᠯᠢᠭ ᠳᠠᠬᠢ ᠬᠤᠯᠪᠤᠬᠤ ᠱᠤᠭᠤᠮ᠂ S216 ᠱᠤᠭᠤᠮ ᠤᠨ ᠤᠯᠵᠠᠴᠢ ᠠᠴᠠ ᠵᠠᠩᠭᠤᠲᠤ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠵᠢᠩᠪᠢᠶᠠᠨ ᠳᠡᠶᠢᠰᠢ ᠤᠷᠤᠵᠤ ᠭᠠᠷᠬᠤ ᠠᠮᠠ ᠵᠡᠷᠭᠡ ᠪᠠᠷᠢᠯᠭ᠎ᠠ ᠶᠢᠨ ᠳᠤᠬᠠᠢ ᠶᠢᠨ ᠲᠠᠯᠠᠪᠠᠢ ᠳᠤ ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠡᠯ᠎ᠡ ᠪᠦᠲᠦᠭᠡᠨ ᠪᠠᠶᠢᠭᠤᠯᠤᠯᠲᠠ ᠳᠤ ᠤᠷᠤᠯᠴᠠᠵᠤ ᠪᠠᠶᠢᠭ᠎ᠠ ᠪᠠᠶᠢᠭᠤᠯᠭ᠎ᠠ ᠨᠢᠭᠡᠴᠢ ᠨᠢ ᠬᠦᠮᠦᠨ ᠤ ᠬᠦᠴᠦ ᠪᠤᠳᠠᠰ ᠤᠨ ᠬᠦᠴᠦ ᠪᠠᠨ ᠨᠡᠮᠡᠭᠳᠡᠬᠦᠯᠦᠨ᠂ ᠵᠠᠰᠠᠮᠠᠯ ᠵᠠᠮ ᠤᠨ ᠪᠠᠷᠢᠯᠭ᠎ᠠ ᠶᠢᠨ ᠬᠢᠵᠠᠭᠠᠷ ᠲᠠᠢ ᠴᠠᠭ ᠮᠦᠴᠡ ᠶᠢ ᠠᠳᠬᠤᠵᠤ ᠠᠵᠢᠯ ᠤᠨ ᠬᠤᠭᠤᠴᠠᠭ᠎ᠠ ᠪᠠᠨ ᠲᠤᠩᠭᠤᠷᠤᠭᠤᠯᠤᠨ ᠵᠢᠭᠰᠠᠭᠠᠵᠤ᠂ ᠪᠦᠲᠦᠮᠵᠢᠲᠡᠢ ᠠᠵᠢᠯᠯᠠᠨ ᠪᠦᠲᠦᠭᠡᠨ ᠪᠠᠶᠢᠭᠤᠯᠤᠯᠲᠠ ᠶᠢᠨ ᠡᠬᠦᠷᠭᠡ ᠪᠠᠨ ᠴᠠᠭ ᠳᠤᠬᠠᠢ ᠳᠤ ᠨᠢ ᠴᠢᠨᠠᠷ ᠰᠠᠶᠢᠲᠠᠢ ᠪᠡᠶᠡᠯᠡᠬᠦᠯᠬᠦ ᠶᠢ ᠪᠠᠳᠤᠯᠠᠬᠤ ᠬᠡᠷᠡᠭᠲᠡᠢ᠃ ᠪᠠᠷᠢᠯᠭ᠎ᠠ ᠶᠢᠨ ᠶᠠᠪᠤᠴᠠ ᠳᠠᠭᠠᠨ ᠠᠵᠢᠯᠲᠠᠨ ᠠᠵᠢᠯᠴᠢᠨ᠂ ᠲᠡᠷᠭᠡ ᠮᠠᠰᠢᠨ ᠪᠠ ᠤᠰᠤ᠂ ᠴᠠᠬᠢᠯᠭᠠᠨ ᠵᠡᠷᠭᠡ ᠡᠬᠢ ᠰᠤᠷᠪᠤᠯᠵᠢ ᠶᠢ ᠰᠠᠶᠢᠲᠤᠷ ᠬᠠᠮᠢᠶᠠᠷᠤᠨ᠂ ᠲᠡᠪᠢᠰᠴᠤ ᠪᠠᠶᠢᠭ᠎ᠠ ᠵᠠᠰᠠᠮᠠᠯ ᠵᠠᠮ ᠤᠨ ᠡᠮᠬᠢ ᠲᠢᠭᠯᠢᠮ ᠢ ᠬᠠᠮᠠᠭᠠᠯᠠᠬᠤ ᠶᠢᠨ ᠳᠠᠭᠠᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠰᠤᠮᠤ ᠪᠠᠯᠭᠠᠰᠤ᠂ ᠰᠠᠯᠠᠭ᠎ᠠ ᠮᠦᠴᠢᠷ ᠨᠢ ᠬᠠᠷᠢᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠨ ᠬᠠᠮᠳᠤᠷᠠᠨ ᠠᠵᠢᠯᠯᠠᠬᠤ ᠳᠤᠭᠤᠶᠢᠯᠠᠩ ᠢ ᠪᠠᠶᠢᠭᠤᠯᠤᠨ ᠭᠠᠵᠠᠷ ᠲᠠᠲᠠᠪᠤᠷᠢᠯᠠᠨ ᠨᠤᠷᠠᠭᠠᠵᠤ ᠨᠡᠬᠦᠯᠭᠡᠬᠦ᠂ ᠭᠠᠷ ᠬᠦᠢᠴᠡᠳᠭᠡᠯ ᠢ ᠬᠦᠢᠴᠡᠳᠭᠡᠬᠦ ᠵᠡᠷᠭᠡ ᠠᠵᠢᠯ ᠢ ᠳᠠᠷᠦ᠋ᠢᠬᠠᠨ ᠪᠡᠶᠡᠯᠡᠬᠦᠯᠵᠤ᠂ ᠠᠷᠭ᠎ᠠ ᠪᠦᠬᠦᠨ ᠢ ᠰᠦᠪᠡᠭᠴᠢᠯᠡᠨ ᠪᠡᠯᠡ ᠮᠦᠩᠬᠦ ᠴᠤᠭᠯᠠᠭᠤᠯᠵᠤ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠬᠡᠪᠡ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号