10 ᠰᠠᠷ᠎ᠠ ᠶᠢᠨ16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠯᠲᠠ ᠶᠢᠨ | ᠬᠠᠷᠢᠭᠤ ᠳᠣᠰᠬᠠᠭᠰᠠᠨ ᠰᠠᠨᠠᠯ ᠢ ᠴᠡᠭᠴᠡᠯᠡᠨ ᠦᠬᠡᠷᠡᠴᠢᠯᠡᠵᠦ ᠲᠤᠭᠤᠰᠢᠯᠠᠭᠤᠯᠤᠭᠰᠠᠨ ᠪᠠᠶᠢᠳᠠᠯ ᠢ ᠬᠢᠨᠠᠨ | ᠵᠢᠯᠣᠭᠤᠳᠬᠤ ᠠᠵᠢᠯ ᠳᠤ ᠬᠠᠷᠢᠭᠤ ᠮᠡᠳᠡᠬᠦᠯᠬᠦ ᠬᠤᠷᠠᠯ ᠢ ᠬᠤᠰᠢᠭᠤ ᠵᠠᠰᠠᠭ ᠵᠠᠬᠢᠷᠭᠠᠨ ᠤ ᠳᠦᠪ ᠲᠤ | ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠯᠲᠠ ᠶᠢᠨ ᠬᠠᠷᠢᠭᠤ ᠳᠣᠰᠬᠠᠭᠰᠠᠨ | ᠰᠠᠨᠠᠯ ᠢ ᠴᠡᠭᠴᠡᠯᠡᠨ ᠦᠬᠡᠷᠡᠴᠢᠯᠡᠵᠦ ᠲᠤᠭᠤᠰᠢᠯᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠳᠣᠭᠤᠶᠢᠯᠠᠩ ᠤᠨ | ᠳᠠᠷᠤᠭ᠎ᠠ ᠬᠤᠳᠠ ᠶᠢᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠵᠢᠩᠬᠢᠨᠢ ᠭᠠᠵᠠᠷ ᠤᠨ ᠳᠡᠰ ᠤᠨ ᠰᠠᠬᠢᠯᠭ᠎ᠠ | ᠪᠠᠳᠣ ᠪᠠᠶᠢᠴᠠᠭᠠᠭᠴᠢ ᠬᠡᠰᠢᠬᠦᠨ ᠸᠠᠩ ᠵᠠᠨ ᠷᠦᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠸᠠᠩ ᠯᠢ | ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ | ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ ᠣᠬᠠᠭᠤᠯᠬᠤ ᠬᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ | ᠣᠳᠣᠷᠢᠳᠣᠯᠭ᠎ᠠ ᠸᠠᠩ ᠭᠠᠩ᠂ ᠼᠤᠤ ᠶᠢᠨ ᠱᠠᠨ᠂ ᠽᠦᠸᠧ ᠴᠧᠨ ᠭᠤᠸᠠᠩ ᠬᠤᠷᠠᠯ ᠳᠤ ᠣᠷᠣᠯᠴᠠᠪᠠ᠃ ᠬᠢᠨᠠᠨ | ᠵᠢᠯᠣᠭᠤᠳᠬᠤ ᠳᠣᠭᠤᠶᠢᠯᠠᠩ ᠤᠨ ᠬᠠᠮᠢᠶ᠎ᠠ ᠪᠦᠬᠦᠢ ᠬᠡᠰᠢᠬᠦᠨ᠂ ᠰᠣᠪᠣᠷᠭ᠎ᠠ ᠠᠵᠣ ᠠᠬᠤᠢ ᠶᠢᠨ ᠨᠡᠬᠡᠬᠡᠯᠳᠡ ᠶᠢᠨ | ᠲᠤᠭᠤᠷᠢᠭ᠂ ᠡᠯ᠎ᠡ ᠰᠣᠮᠣ ᠪᠠᠯᠭᠠᠰᠣ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠳ ᠬᠤᠷᠠᠯ | ᠳᠤ ᠰᠤᠯᠠ ᠣᠷᠣᠯᠴᠠᠪᠠ᠃ | | | | | ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠴᠠ ᠦᠦᠰᠢᠨ ᠬᠤᠰᠢᠭᠤᠨ ᠤ | ᠳᠦᠪ ᠤᠨ ᠳᠦᠷᠪᠡᠳᠦᠬᠡᠷ ᠳᠣᠭᠤᠷᠢᠨ ᠪᠠᠶᠢᠴᠠᠭᠠᠯᠲᠠ ᠶᠢᠨ ᠳᠣᠭᠤᠶᠢᠯᠠᠩ᠂ ᠲᠦᠪ ᠤᠨ ᠬᠤᠶᠠᠳᠣᠭᠠᠷ ᠳᠣᠭᠤᠷᠢᠨ | ᠪᠠᠶᠢᠴᠠᠭᠠᠯᠲᠠ ᠶᠢᠨ ᠳᠣᠭᠤᠶᠢᠯᠠᠩ ᠤᠨ ᠳᠠᠪᠳᠠᠨ ᠪᠠᠶᠢᠴᠠᠭᠠᠬᠤ ᠵᠢᠴᠢ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠶᠢᠰᠦᠳᠦᠭᠡᠷ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠬᠠᠷᠢᠭᠤ ᠳᠣᠰᠬᠠᠭᠰᠠᠨ ᠰᠠᠨᠠᠯ ᠢ ᠴᠡᠭᠴᠡᠯᠡᠨ | ᠦᠬᠡᠷᠡᠴᠢᠯᠡᠵᠦ ᠲᠤᠭᠤᠰᠢᠯᠠᠭᠤᠯᠤᠭᠰᠠᠨ ᠪᠠᠶᠢᠳᠠᠯ ᠤᠨ ᠳᠣᠬᠠᠢ ᠬᠠᠷᠢᠭᠤ ᠮᠡᠳᠡᠬᠦᠯᠦᠯᠲᠡ ᠬᠢᠪᠡ᠃ ᠬᠢᠨᠠᠨ | ᠵᠢᠯᠣᠭᠤᠳᠬᠤ ᠳᠣᠭᠤᠶᠢᠯᠠᠩ ᠪᠠ ᠬᠤᠷᠠᠯ ᠳᠤ ᠣᠷᠣᠯᠴᠠᠭᠰᠠᠳ ᠬᠠᠮᠢᠶ᠎ᠠ ᠪᠦᠬᠦᠢ ᠠᠰᠠᠭᠤᠳᠠᠯ ᠤᠨ ᠳᠣᠬᠠᠢ ᠰᠠᠨᠠᠯ | ᠢᠶᠠᠨ ᠰᠣᠯᠢᠯᠴᠠᠵᠣ ᠶᠠᠷᠢᠯᠴᠠᠪᠠ᠃ | ᠬᠢᠨᠠᠨ ᠵᠢᠯᠣᠭᠤᠳᠬᠤ ᠳᠣᠭᠤᠶᠢᠯᠠᠩ ᠠᠴᠠ ᠴᠢᠬᠤᠯᠠᠴᠢᠯᠠᠬᠤ ᠳᠠᠭᠠᠨ᠂ ᠳᠣᠭᠤᠷᠢᠨ ᠪᠠᠶᠢᠴᠠᠭᠠᠵᠣ ᠠᠰᠠᠭᠤᠳᠠᠯ | ᠢ ᠢᠯᠡᠷᠡᠬᠦᠯᠬᠦ ᠪᠣᠯ ᠠᠮᠢᠨ ᠰᠣᠳᠠᠰᠣ ᠮᠦᠨ᠂ ᠠᠰᠠᠭᠤᠳᠠᠯ ᠢ ᠰᠢᠢᠳᠪᠦᠷᠢᠯᠡᠬᠦ ᠪᠣᠯ ᠵᠤᠭᠰᠤᠯᠲᠠ ᠶᠢᠨ ᠴᠡᠭ ᠮᠦᠨ᠃ | ᠡᠯ᠎ᠡ ᠱᠠᠳᠣᠨ ᠤ ᠨᠠᠮ ᠤᠨ ᠪᠠᠶᠢᠭᠤᠯᠣᠯᠲᠠ ᠣᠯᠣᠰ ᠳᠦᠷᠦ ᠶᠢᠨ ᠵᠣᠭᠰᠣᠴᠠ ᠪᠠᠨ ᠣᠯᠠᠮ ᠨᠢᠬᠡ ᠠᠯᠬᠤᠮ | ᠳᠡᠭᠡᠭᠰᠢᠯᠡᠬᠦᠯᠵᠦ ᠴᠡᠭᠴᠡᠯᠡᠨ ᠦᠬᠡᠷᠡᠴᠢᠯᠡᠬᠦ ᠠᠰᠠᠭᠤᠳᠠᠯ ᠠᠴᠠ ᠭᠠᠷᠳᠠᠨ ᠡᠯ᠎ᠡ ᠳᠦᠷᠦᠯ ᠤᠨ ᠠᠵᠢᠯ ᠦᠢᠯᠡᠰ ᠤᠨ | ᠬᠦᠭᠵᠢᠯᠲᠡ ᠶᠢ ᠪᠦᠬᠦ ᠳᠠᠯ᠎ᠠ ᠪᠠᠷ ᠠᠬᠢᠭᠤᠯᠬᠤ ᠬᠡᠷᠡᠭᠲᠡᠢ᠃ ᠳᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠰᠠᠨᠠᠯ ᠢ ᠴᠡᠭᠴᠡᠯᠡᠨ ᠦᠭᠡᠷᠡᠴᠢᠯᠡᠬᠦ ᠠᠵᠢᠯ ᠢ ᠰᠠᠶᠢᠳᠣᠷ ᠬᠢᠬᠦ ᠶᠢ ︽ᠳᠦᠷᠪᠡᠨ ᠣᠬᠠᠮᠰᠠᠷ︾ ᠢ ᠰᠢᠯᠭᠠᠬᠤ | ᠰᠢᠯᠭᠠᠭᠤᠷ ᠪᠣᠯᠭᠠᠵᠣ ᠨᠠᠮ ᠳᠠᠭᠠᠨ ᠬᠠᠷᠢᠴᠠᠯᠠᠰᠢᠬᠦᠢ ᠦᠨᠡᠨᠴᠢ ᠪᠠᠶᠢᠬᠤ ᠣᠪᠣᠷ ᠢᠶᠠᠷ ᠠᠰᠠᠭᠤᠳᠠᠯ ᠢ ᠴᠡᠭᠴᠡᠯᠡᠨ | ᠦᠭᠡᠷᠡᠴᠢᠯᠡᠯᠲᠡ ᠶᠢ ᠲᠤᠭᠤᠰᠢᠯᠠᠭᠤᠯᠬᠤ ᠬᠡᠷᠡᠭᠲᠡᠢ᠃ ᠣᠯᠣᠰ ᠳᠦᠷᠦ ᠶᠢᠨ ᠳᠣᠭᠤᠷᠢᠨ ᠪᠠᠶᠢᠴᠠᠭᠠᠯᠲᠠ ᠶᠢᠨ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ ᠴᠡᠭᠴᠡᠯᠡᠨ ᠦᠬᠡᠷᠡᠴᠢᠯᠡᠭᠰᠡᠨ ᠦᠷ᠎ᠡ ᠪᠦᠲᠦᠮᠵᠢ ᠪᠠᠷ ᠢᠶᠠᠨ | ᠦᠬᠡᠷᠡᠴᠢᠯᠡᠯᠳᠡ ᠨᠡᠬᠡᠬᠡᠯᠳᠡ ᠶᠢᠨ ᠬᠦᠭᠵᠢᠯᠲᠡ ᠶᠢ ᠠᠬᠢᠭᠤᠯᠤᠨ ᠬᠦᠭᠵᠢᠯᠲᠡ ᠶᠢᠨ ᠦᠷ᠎ᠡ ᠪᠦᠲᠦᠮᠵᠢ ᠶᠢ | ᠬᠦᠨᠵᠡᠬᠡᠶᠢᠷᠡᠬᠦᠯᠦᠨ ᠪᠠᠳᠣᠳᠬᠠᠵᠣ ᠭᠠᠵᠠᠷ ᠣᠷᠣᠨ ᠤ ᠬᠦᠭᠵᠢᠯᠲᠡ ᠪᠠ ᠦᠬᠡᠷᠡᠴᠢᠯᠡᠯᠲᠡ ᠶᠢ ᠠᠬᠢᠭᠤᠯᠤᠨ ᠦᠦᠰᠢᠨ | ᠬᠤᠰᠢᠭᠤᠨ ᠤ ᠠᠵᠣ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠲᠡ ᠳᠤ ᠢᠳᠡᠪᠬᠢᠲᠡᠢ ᠬᠤᠪᠢ ᠨᠡᠮᠡᠷᠢ | ᠦᠵᠡᠬᠦᠯᠬᠦ ᠬᠡᠷᠡᠭᠲᠡᠢ ᠬᠡᠪᠡ᠃ | ᠡᠷᠳᠡᠨᠢᠪᠢᠯᠢᠭ ᠢᠯᠡᠷᠬᠡᠶᠢᠯᠡᠬᠦ ᠳᠡᠭᠡᠨ᠂ ᠡᠯ᠎ᠡ ᠰᠠᠯᠠᠭ᠎ᠠ ᠮᠦᠴᠢᠷ ᠤᠨ ᠬᠢᠨ ᠭᠤᠣᠯ ᠴᠣᠭᠴᠠ ᠶᠢᠨ ᠡᠬᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠲᠤᠭᠤᠰᠢᠯᠠᠭᠤᠯᠵᠤ ᠣᠯᠣᠰ ᠳᠦᠷᠦ ᠶᠢᠨ ᠣᠬᠠᠮᠰᠠᠷ ᠢᠶᠠᠨ ᠳᠡᠭᠡᠭᠰᠢᠯᠡᠬᠦᠯᠦᠨ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ ᠡᠯ᠎ᠡ ᠲᠦᠷᠦᠯ ᠤᠨ ᠳᠣᠭᠤᠷᠢᠨ ᠪᠠᠶᠢᠴᠠᠭᠠᠯᠳᠠ | ᠶᠢᠨ ᠴᠡᠭᠴᠡᠯᠡᠨ ᠵᠠᠰᠠᠯᠲᠠ ᠪᠣᠳᠠᠳᠣ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠳᠣᠭᠤᠷᠢᠨ ᠪᠠᠶᠢᠴᠠᠭᠠᠯᠳᠠ ᠶᠢᠨ | ᠪᠦᠬᠦ ᠶᠠᠪᠣᠴᠠ ᠶᠢ ᠱᠠᠭᠠᠷᠳᠠᠨ ᠬᠦᠢᠴᠡᠳᠬᠡᠭᠦᠯᠵᠣ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠪᠠ ᠬᠢᠨᠠᠨ ᠪᠠᠶᠢᠴᠠᠭᠠᠬᠤ | ᠵᠦᠪᠯᠡᠯ ᠤᠨ ᠠᠵᠢᠯ ᠢ ᠪᠦᠬᠦ ᠬᠦᠴᠦᠨ ᠢᠶᠠᠷ ᠳᠡᠮᠵᠢᠬᠦ ᠬᠡᠷᠡᠭᠲᠠᠢ᠃ ᠤᠯᠤᠰ ᠲᠦᠷᠦ ᠶᠢᠨ ᠬᠠᠷᠢᠭᠤᠴᠠᠯᠭ᠎ᠠ ᠶᠢ | ᠴᠢᠩᠭᠠᠳᠬᠠᠵᠤ ᠬᠤᠶᠢᠰᠢᠳᠠ ᠶᠢᠨ ᠴᠡᠭᠴᠡᠯᠡᠨ ᠦᠬᠡᠷᠡᠴᠢᠯᠡᠬᠦ ᠠᠵᠢᠯ ᠢ ᠰᠠᠶᠢᠳᠣᠷ ᠠᠳᠬᠤᠨ ᠪᠦᠬᠦ ᠲᠠᠯ᠎ᠠ ᠪᠠᠷ | ᠴᠡᠭᠴᠡᠯᠡᠨ ᠵᠠᠰᠠᠯᠲᠠ ᠬᠢᠵᠤ ᠲᠦᠷᠢᠮ ᠤᠨ ᠶᠠᠪᠤᠭᠳᠠᠬᠤ ᠬᠦᠴᠦᠨ ᠪᠠ ᠬᠢᠵᠠᠭᠠᠷᠯᠠᠬᠤ ᠬᠦᠴᠦᠨ ᠢ ᠤᠯᠠᠮ ᠨᠢᠭᠡ | ᠠᠯᠬᠤᠮ ᠴᠢᠩᠭᠠᠳᠬᠠᠨ ᠡᠳᠦᠷ ᠳᠣᠳᠣᠮ ᠤᠨ ᠬᠢᠨᠠᠯᠲᠠ ᠶᠢ ᠳᠠᠰᠤᠷᠠᠯᠲᠠ ᠦᠭᠡᠢ ᠴᠢᠩᠭᠠᠳᠬᠠᠵᠣ ᠴᠡᠭᠴᠡᠯᠡᠨ | ᠦᠬᠡᠷᠡᠴᠢᠯᠡᠬᠦ ᠡᠬᠦᠷᠭᠡ ᠪᠠ ᠴᠡᠭᠴᠡᠯᠡᠨ ᠦᠬᠡᠷᠡᠴᠢᠯᠡᠵᠦ ᠪᠠᠶᠢᠭ᠎ᠠ ᠪᠠᠶᠢᠳᠠᠯ ᠤᠨ ᠳᠣᠬᠠᠢ ᠴᠠᠭ ᠳᠣᠬᠠᠢ ᠳᠤᠨᠢ | ᠬᠠᠷᠭᠤᠭᠤᠯᠤᠨ ᠪᠠᠶᠢᠴᠠᠭᠠᠵᠣ ᠬᠠᠷᠢᠭᠤ ᠳᠣᠰᠬᠠᠬᠤ ᠬᠡᠷᠡᠭᠲᠡᠢ᠃ ᠳᠣᠭᠤᠷᠢᠨ ᠪᠠᠶᠢᠴᠠᠭᠠᠯᠲᠠ ᠶᠢᠨ ᠬᠠᠷᠢᠭᠤ | ᠳᠣᠰᠬᠠᠭᠰᠠᠨ ᠰᠠᠨᠠᠯ ᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠬᠦᠳᠡᠯᠭᠡᠭᠴᠢ ᠬᠦᠴᠦᠨ ᠪᠣᠯᠭᠠᠵᠣ ᠰᠢᠨ᠎ᠡ | ᠴᠠᠭ ᠦᠶ᠎ᠡ ᠳᠠᠬᠢ ᠦᠦᠰᠢᠨ ᠤ ︽ᠨᠣᠮᠢᠨ ᠳᠠᠩᠰᠤᠭ ᠬᠦᠭᠵᠢᠨ ᠮᠠᠨᠳᠤᠯᠲᠠ︾ ᠶᠢ ᠪᠡᠶᠡᠯᠡᠬᠦᠯᠬᠦ ᠶᠢ ᠠᠬᠢᠭᠤᠯᠬᠤ | ᠬᠡᠷᠡᠭᠳᠡᠢ ᠬᠡᠪᠡ᠃ | | |