ᠮᠠᠨ ᠤ ᠬᠤᠰᠢᠭᠤ ︽ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ︾ ᠰᠢᠨ᠎ᠡ ᠠᠷᠭ᠎ᠠ ᠬᠡᠯᠪᠡᠷᠢ ᠪᠠᠷ ᠶᠠᠳᠠᠭᠤ ᠶᠢ ᠳᠡᠳᠬᠦᠬᠦ ᠠᠵᠢᠯᠯᠠᠭ᠎ᠠ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2018-10-19
     10 ᠰᠠᠷ᠎ᠠ ᠶᠢᠨ 17 ᠤ ᠡᠳᠤᠷ᠂ ᠮᠠᠨ ᠤ ᠬᠤᠰᠢᠭᠤᠨ ᠤ ︽ᠪᠠᠶᠠᠵᠢᠯ︾ ᠡᠯᠧᠺᠲᠷᠤᠨ ᠬᠤᠳᠠᠯᠳᠤᠭᠠᠨ ᠤ ᠬᠢᠵᠠᠭᠠᠷᠲᠤ ᠺᠤᠮᠫᠠᠨᠢ ᠪᠤᠯᠤᠨ ᠦᠪᠦᠷ ᠮᠤᠩᠭᠤᠯ ᠤᠨ ︽ᠲᠦᠯᠦ︾ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ  ᠠᠴᠠ ︽ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ︾ ᠠᠵᠢᠯᠯᠠᠭ᠎ᠠ ᠦᠷᠨᠢᠬᠦᠯᠵᠤ᠂ ᠲᠠᠮᠠᠭ᠎ᠠ ᠲᠠᠢ ᠪᠤᠤᠪᠤ ᠶᠢᠨ ᠬᠤᠳᠠᠯᠳᠤᠭᠰᠠᠨ ᠨᠢᠭᠡ ᠰᠠᠷ᠎ᠠ ᠶᠢᠨ ᠤᠷᠤᠯᠭ᠎ᠠ ᠶᠢᠨ ᠢᠶᠠᠨ 10%᠂ ᠲᠠᠷᠤᠢ ᠲᠦᠷᠪᠡᠨ ᠮᠢᠩᠭ᠎ᠠ ᠭᠠᠷᠤᠢ ᠲᠦᠭᠦᠷᠢᠭ ᠢ ᠮᠠᠨ ᠤ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠲᠤ ᠬᠠᠨᠳᠢᠪᠯᠠᠵᠦ᠂ ᠨᠢᠭᠡ ᠲᠦᠷᠦᠯ ᠤᠨ ᠪᠠᠷᠠᠭ᠎ᠠ ᠶᠢ ᠬᠤᠳᠠᠯᠳᠤᠨ ᠠᠪᠤᠪᠠᠯ ᠶᠠᠳᠠᠭᠤ ᠶᠢ ᠲᠡᠳᠬᠦᠬᠦ ᠦᠢᠯᠡᠰ ᠲᠤ ᠨᠢᠭᠡ ᠬᠤᠪᠢ ᠬᠦᠴᠦ ᠪᠠᠨ ᠡᠷᠭᠦᠬᠦ ᠰᠢᠨ᠎ᠡ ᠬᠡᠯᠪᠡᠷᠢ ᠶᠢᠨ ᠶᠠᠳᠠᠭᠤ ᠶᠢ ᠲᠡᠳᠬᠦᠬᠦ ᠲᠦᠷᠦᠯ ᠵᠦᠢᠯ ᠢ ᠮᠠᠨ ᠤ ᠬᠤᠰᠢᠭᠤᠨ ᠳᠤ ᠵᠢᠩᠬᠢᠨᠢ ᠪᠠᠷ ᠡᠬᠢᠯᠡᠭᠦᠯᠵᠦ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ᠲᠠᠶᠢᠯᠠᠯᠳᠤᠭᠠᠨ ᠤ ᠢᠯᠠᠯᠳᠠ ᠤᠯᠬᠤ ᠵᠠᠩᠬᠢᠯᠠᠭ᠎ᠠ ᠶᠢᠨ ᠬᠤᠭᠤᠴᠠᠭᠠᠨ ᠳᠤ ᠰᠢᠯᠢᠳᠡᠭ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ ᠴᠢᠳᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ ᠲᠤᠰ ᠬᠤᠶᠠᠷ ᠺᠤᠮᠫᠠᠨᠢ ᠡᠯᠧᠺᠲᠷᠤᠨ ᠬᠤᠳᠠᠯᠳᠤᠭ᠎ᠠ ᠶᠢ ᠭᠠᠴᠠᠭ᠎ᠠ ᠲᠤᠰᠬᠤᠨ  ᠲᠠᠢ ᠬᠤᠯᠪᠤᠨ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠬᠢᠵᠦ ︽ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ︾ ᠠᠵᠢᠯᠯᠠᠭ᠎ᠠ ᠪᠠᠷ ᠲᠠᠮᠵᠢᠭᠤᠯᠤᠨ ᠦᠪᠡᠷ ᠤᠨ ᠰᠤᠳᠤᠯᠤᠨ ᠪᠦᠲᠦᠬᠡᠭᠰᠡᠨ ᠪᠦᠲᠦᠬᠡᠭᠳᠡᠬᠦᠨ ᠢᠶᠠᠨ ᠪᠤᠷᠤᠯᠠᠭᠤᠯᠵᠤ ᠰᠠᠷ᠎ᠠ ᠪᠦᠷᠢ ᠶᠢᠨ ᠤᠷᠤᠯᠭ᠎ᠠ ᠶᠢᠨ ᠢᠶᠠᠨ 10% ᠶᠢ ᠬᠤᠰᠢᠭᠤ ᠶᠠᠳᠠᠭᠤ ᠶᠢ ᠳᠡᠳᠬᠦᠬᠦ ᠦᠢᠯᠡᠰ ᠤᠨ ᠨᠡᠭᠡᠭᠡᠯᠲᠡ ᠶᠢᠨ ᠲᠦᠪ ᠢᠶᠠᠷ ᠲᠠᠮᠵᠢᠭᠤᠯᠤᠨ ᠶᠠᠳᠠᠭᠤ ᠬᠦᠴᠢᠷᠳᠡᠯᠳᠡᠢ ᠡᠷᠦᠬᠡ ᠶᠢ ᠬᠠᠪᠰᠤᠷᠤᠨ ᠲᠡᠮᠵᠢᠬᠦ ᠪᠠᠷ ᠪᠠᠶᠢᠨ᠎ᠠ᠃      ︽ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ︾ ᠭᠡᠳᠡᠭ ᠨᠢ ᠬᠡᠷᠡᠭᠯᠡᠭᠴᠢᠳ ᠪᠦᠲᠦᠬᠡᠭᠳᠡᠬᠦᠨ ᠬᠤᠳᠠᠯᠳᠤᠨ ᠠᠪᠬᠤ ᠪᠠᠷ ᠲᠠᠮᠵᠢᠨ ᠶᠠᠳᠠᠭᠤ ᠶᠢ ᠳᠡᠳᠬᠦᠬᠦ ᠠᠵᠢᠯ ᠳᠤ ᠬᠦᠴᠦ ᠡᠷᠬᠦᠵᠦ ᠨᠡᠶᠢᠬᠡᠮ ᠳᠤ ᠬᠠᠷᠢᠭᠤ ᠵᠢᠳᠬᠦᠯ ᠦᠵᠡᠬᠦᠯᠵᠦ ᠪᠠᠶᠢᠭ᠎ᠠ ᠶᠠᠪᠤᠳᠠᠯ ᠪᠤᠯᠤᠨ᠎ᠠ᠃ ᠡᠨᠡᠬᠦ ︽ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ︾ ᠪᠦᠲᠦᠭᠡᠭᠳᠡᠬᠦᠨ ᠨᠢ ᠪᠤᠬᠢᠷᠳᠤᠯ ᠦᠬᠡᠢ ᠴᠤᠯᠤ ᠪᠠᠶᠢᠭᠠᠯᠢᠯᠢᠭ ᠪᠦᠲᠦᠬᠡᠭᠳᠡᠬᠦᠨ ᠪᠤᠯᠬᠤᠷ ᠬᠡᠷᠡᠭᠯᠡᠭᠴᠢᠳ ᠰᠠᠨᠠᠭ᠎ᠠ ᠠᠮᠤᠷ ᠬᠡᠷᠡᠭᠯᠡᠭᠡ ᠶᠢ ᠬᠦᠷᠳᠡᠬᠦ ᠮᠦᠷᠳᠡᠭᠡᠨ ᠶᠠᠳᠠᠭᠤ ᠶᠢ ᠳᠡᠳᠬᠦᠬᠦ ᠠᠵᠢᠯ ᠳᠤ ᠬᠤᠪᠢ ᠨᠡᠮᠡᠷᠢ ᠪᠠᠨ ᠦᠵᠡᠬᠦᠯᠵᠤ ᠴᠢᠳᠠᠬᠤ ᠪᠠᠷ ᠪᠠᠷᠠᠬᠤ ᠦᠬᠡᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠶᠡᠬᠡᠬᠡᠨ ᠠᠰᠢᠭᠳᠠᠢ ᠪᠠᠶᠢᠵᠤ ᠮᠠᠨ ᠤ ᠬᠤᠰᠢᠭᠤᠨ ᠤ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠳᠤ ᠦᠵᠡᠯ ᠰᠠᠨᠠᠭ᠎ᠠ᠂ ᠠᠵᠤ ᠠᠬᠤᠢ ᠶᠢᠨ ᠬᠤᠤᠰ ᠠᠰᠢᠭ ᠢ ᠬᠦᠷᠳᠡᠬᠡᠵᠦ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号