ᠨᠤᠮᠢᠨ ᠲᠠᠩᠰᠤᠭ ᠬᠦᠭᠵᠢᠨ ᠮᠠᠨᠳᠣᠯᠳᠠ ᠶᠢᠨ ︽ᠬᠤᠷᠳᠤᠨ ᠤ ᠵᠠᠮ︾
ᠨᠡᠶᠢᠲᠡᠯᠡᠭᠰᠡᠨ ᠴᠠᠭ᠄
2018-10-19
     ᠨᠠᠮᠤᠷ ᠤᠨ ᠡᠬᠢᠨ ᠤ ᠲᠦᠷᠦᠭᠦᠦ ᠰᠠᠷ᠎ᠠ ᠰᠢᠪᠡᠷᠡᠭᠡ ᠪᠤᠷᠤᠭ᠎ᠠ ᠦᠷᠭᠦᠯᠵᠢᠯᠡᠭᠰᠡᠭᠡᠷ ᠁      ᠪᠢᠷᠴᠢᠨ G338 ᠱᠤᠭᠤᠮ ᠤᠨ ᠭᠠᠯᠠᠭᠤᠳᠤ ᠠᠴᠠ ᠰᠤᠪᠤᠷᠭ᠎ᠠ ᠭᠤᠷᠪᠠᠳᠤᠭᠠᠷ ᠰᠢᠳᠠᠮᠠᠬᠠᠢ ᠭᠡᠢ ᠰᠢᠢᠳᠪᠤᠷᠢᠯᠡᠬᠦ ᠤᠢᠢᠯᠡᠳᠪᠤᠷᠢ ᠭᠦᠷᠭᠦ ᠭᠡᠰᠡᠭ ᠲᠠᠬᠢ ᠨᠢᠭᠡᠳᠦᠭᠡᠷ ᠲᠡᠰ ᠤᠨ ᠵᠠᠰᠠᠮᠠᠯ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠷᠭᠦ ᠳᠤ ᠠᠴᠢᠶ᠎ᠠ ᠲᠡᠭᠡᠭᠡᠪᠤᠷᠢ ᠶᠢᠨ ᠮᠠᠰᠢᠨ ᠵᠦᠷᠢᠯᠳᠦᠨ ᠲᠦᠷᠴᠢᠬᠢᠨᠡᠵᠤ᠂ ᠪᠠᠷᠢᠯᠭ᠎ᠠ ᠶᠢᠨ ᠠᠵᠢᠯᠴᠢᠳ ᠤᠨᠠᠬᠰᠠᠨ ᠮᠠᠯᠠᠭᠠᠢ ᠪᠠᠨ ᠠᠪᠬᠤ ᠵᠠᠪ ᠦᠬᠡᠢ ᠶᠠᠭᠠᠷᠠᠯᠳᠤᠵᠤ ᠪᠠᠶᠢᠯ᠎ᠠ᠃      ︽ᠲᠤᠰ ᠵᠠᠰᠠᠮᠠᠯ ᠵᠠᠮ ᠤᠨ ᠲᠦᠷᠦᠯ ᠵᠦᠢᠯ ᠤᠨ ᠪᠦᠭᠦ ᠤᠷᠳᠤ ᠨᠢ 50.5 ᠺᠢᠯᠤᠮᠧᠲᠷ ᠪᠠᠶᠢᠵᠤ᠂ ᠶᠡᠷᠦᠩᠬᠡᠢ ᠪᠡᠯᠡ ᠤᠷᠤᠭᠤᠯᠤᠯᠳᠡ ᠨᠢ 16.8 ᠳ᠋ᠦᠩᠰᠢᠭᠤᠷ ᠲᠦᠭᠦᠷᠢᠭ ᠲᠤ ᠭᠦᠷᠦᠨ᠂ ᠴᠠᠭ ᠪᠦᠷᠢ 100 ᠺᠢᠯᠣᠮᠧᠲᠷ ᠤᠨ ᠬᠤᠷᠳᠤᠴᠡ ᠪᠠᠷ ᠠᠶᠠᠯᠠᠵᠤ ᠪᠤᠯᠬᠤ ᠪᠠᠷ ᠲᠦᠯᠦᠪᠯᠡᠭᠰᠡᠨ ᠪᠠᠶᠢᠨ᠎ᠠ᠃ ᠲᠤᠰ ᠵᠠᠰᠠᠮᠠᠯ ᠵᠠᠮ ᠨᠢ ᠦᠤᠰᠢᠨ ᠬᠤᠰᠢᠭᠤᠨ ᠠᠴᠠ ᠤᠳᠤᠭ ᠬᠤᠰᠢᠭᠤ ᠭᠦᠷᠭᠦ ᠵᠠᠰᠠᠮᠠᠯ ᠵᠠᠮ ᠤᠨ ᠭᠤᠤᠯ ᠭᠡᠰᠡᠭ ᠨᠢ ᠪᠠᠶᠢᠵᠤ ᠵᠠᠰᠠᠮᠠᠯ ᠵᠠᠮ ᠲᠡᠪᠢᠰᠦᠭᠰᠡᠨ ᠤ ᠲᠠᠷᠠᠭ᠎ᠠ ᠮᠡᠨ ᠤ ᠬᠤᠰᠢᠭᠤᠨ ᠤ ᠠᠵᠤ ᠠᠬᠤᠢ ᠶᠢᠨ ᠭᠦᠭᠵᠢᠯᠳᠡ᠂ ᠨᠠᠭᠦᠷᠠᠰᠤᠨ ᠤ ᠡᠬᠢ ᠪᠠᠶᠠᠯᠢᠭ ᠤᠨ ᠨᠡᠭᠡᠭᠡᠯᠳᠡ᠂ ᠪᠤᠳᠠᠰ ᠤᠨ ᠭᠦᠢᠯᠭᠡᠭᠡ᠂ ᠠᠵᠤ ᠤᠢᠢᠯᠡᠰ ᠤᠨ ᠭᠦᠭᠵᠢᠯᠳᠡ ᠳᠤ ᠴᠢᠬᠤᠯᠠ ᠠᠬᠢᠭᠤᠯᠬᠤ ᠤᠢᠢᠯᠡᠳᠦᠯ ᠦᠵᠡᠭᠦᠯᠭᠦ ᠪᠠᠷ ᠪᠠᠷᠠᠬᠤ ᠦᠬᠡᠢ ᠭᠠᠵᠠᠷ ᠤᠷᠤᠨ ᠤ ᠵᠠᠮ ᠬᠠᠷᠢᠯᠴᠠᠭᠠᠨ ᠤ ᠲᠡᠭᠡᠭᠡᠪᠤᠷᠢ ᠶᠢᠨ ᠲᠤᠤᠷᠵᠢᠯ ᠢ ᠰᠠᠶᠢᠵᠢᠷᠠᠭᠤᠯᠬᠤ ᠪᠤᠯᠤᠨ᠎ᠠ︾ ᠬᠡᠵᠣ ᠣᠷᠳᠣᠰ ᠬᠤᠳᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠣᠯᠳᠠ ᠶᠢᠨ ᠲᠦᠷᠥᠯ ᠵᠣᠶᠢᠯ ᠤᠨ ᠪᠡᠯᠡᠳᠬᠡᠯ ᠠᠵᠢᠯ ᠤᠨ ᠠᠯᠪᠡᠨ ᠬᠡᠷ ᠤᠨ ᠠᠵᠢᠯᠳᠠᠨ ᠬᠤᠣ ᠷᠦᠢ ᠶᠠᠷᠢᠵᠣ ᠪᠠᠶᠢᠯ᠎ᠠ᠃      ᠦᠤᠰᠢᠨ ᠨᠤᠳᠤᠭ ᠤᠨ  ᠠᠷᠠᠳ ᠲᠦᠮᠠᠨ ᠨᠤᠳᠤᠭ ᠤᠷᠤᠨ ᠤ ᠪᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠶᠢᠨ ᠭᠦᠭᠵᠢᠯᠳᠡ ᠶᠢᠨ ᠦᠷ᠎ᠠ ᠪᠦᠳᠦᠮᠵᠢ ᠶᠢ ᠬᠠᠮᠳᠤ ᠪᠠᠷ ᠡᠳ᠋ᠯᠡᠵᠤ ᠪᠠᠶᠢᠬᠤ ᠪᠠᠷ ᠪᠠᠷᠠᠬᠤ ᠦᠬᠡᠢ ᠨᠤᠮᠢᠨ ᠲᠠᠩᠰᠤᠭ ᠦᠤᠰᠢᠨ ᠤ ᠭᠤᠤᠯᠳᠠᠯᠭᠠᠳᠤ ᠵᠠᠰᠠᠮᠠᠯ ᠵᠠᠮ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠵᠡᠷᠭᠡ ᠵᠠᠮ ᠤᠨ ᠲᠤᠤᠷᠵᠢᠯ ᠤᠨ ᠪᠦᠳᠦᠭᠡᠨ ᠪᠠᠶᠢᠭᠤᠯᠤᠯᠳᠡ ᠶᠢᠨ ᠦᠩᠭᠡᠷᠡᠯᠳᠡ ᠶᠢ ᠪᠠᠶ᠎ᠠ ᠪᠠᠷ ᠢᠶᠠᠨ ᠤᠢᠢᠯᠠᠭᠠᠵᠤ ᠶᠠᠪᠤᠨ᠎ᠠ᠃ ᠮᠡᠨ ᠤ ᠬᠤᠰᠢᠭᠤᠨ ᠤ ᠭᠡᠪᠴᠢᠶᠠᠨ ᠳᠤ ᠵᠠᠮ ᠤᠨ ᠲᠤᠤᠷᠵᠢᠯ ᠡᠳᠦᠷ ᠢᠷᠡᠭᠦᠶ᠎ᠠ ᠲᠡᠭᠦᠯᠳᠡᠷᠵᠢᠵᠤ᠂ ᠲᠡᠭᠡᠭᠡᠪᠤᠷᠢ ᠶᠢᠨ ᠤᠢᠢᠯᠡᠴᠢᠯᠡᠭᠡ ᠡᠳᠦᠷ ᠠᠴᠠ ᠡᠳᠦᠷ ᠰᠠᠶᠢᠵᠢᠷᠠᠵᠤ᠂ ᠭᠠᠴᠠᠭ᠎ᠠ ᠲᠤᠰᠬᠤᠨ ᠪᠦᠭᠦᠨ ᠳᠤ ᠴᠠᠷᠳᠠᠮᠠᠯ ᠵᠠᠮ᠂ ᠱᠦᠢᠨᠢ ᠵᠠᠮ ᠨᠡᠪᠳᠡᠷᠡᠵᠤ᠂ ᠤᠳᠤᠬᠠᠨ ᠪᠤᠯᠳᠠᠯ᠎ᠠ ᠨᠢᠭᠡᠳᠦᠭᠡᠷ ᠲᠡᠰ ᠤᠨ ᠵᠠᠰᠠᠮᠠᠯ ᠵᠠᠮ 470 ᠺᠢᠯᠤᠮᠧᠲᠷ ᠲᠤ ᠭᠦᠷᠴᠦ᠂ ᠪᠦᠭᠦ ᠬᠤᠳᠠ ᠶᠢᠨ ᠲᠡᠷᠢᠭᠦᠨ ᠡᠩᠨᠡᠭᠡᠨ ᠳᠤ ᠤᠷᠤᠬᠰᠠᠨ ᠪᠠᠶᠢᠨ᠎ᠠ᠃
     ᠤᠢᠢᠷ᠎ᠠ ᠶᠢᠨ ᠵᠢᠯ ᠠᠴᠠ ᠨᠠᠰᠢ ᠦᠤᠰᠢᠨ ᠬᠤᠰᠢᠭᠤ ᠨᠢ ᠠᠵᠤ ᠤᠢᠢᠯᠡᠳᠪᠤᠷᠢ᠂ ᠮᠠᠯ ᠲᠠᠷᠢᠶᠠᠯᠠᠩ ᠤᠨ ᠤᠢᠢᠯᠡᠰ᠂ ᠰᠤᠶᠤᠯ ᠵᠢᠭᠤᠯᠴᠢᠯᠠᠯ ᠪᠠ ᠬᠤᠳᠠ ᠪᠠᠯᠭᠠᠰᠤᠨ ᠤ ᠰᠢᠨ᠎ᠠ ᠭᠡᠯᠪᠡᠷᠢ ᠶᠢᠨ ᠠᠵᠤ ᠤᠢᠢᠯᠠᠰ ᠲᠤ ᠤᠢᠢᠯᠡᠴᠢᠯᠡᠭᠦ ︽ᠶᠡᠭᠡ ᠵᠠᠮ ᠬᠠᠷᠢᠯᠴᠠᠭ᠎ᠠ︾ ᠶᠢᠨ ᠠᠭᠤᠯᠬᠤᠨ ᠢ ᠪᠡᠳᠦ ᠱᠤᠭᠤᠵᠤ᠂ ᠭᠠᠯᠠᠭᠤᠳᠤ ᠪᠠᠯᠭᠠᠰᠤ ᠪᠠᠷ ᠲᠦᠪ ᠪᠤᠯᠭᠠᠨ ᠡᠯ᠎ᠠ ᠰᠤᠮᠤ ᠪᠠᠯᠭᠠᠰᠤ᠂ ᠭᠦᠷᠢᠶᠠᠯᠠᠩ ᠲᠤᠭᠤᠷᠢᠭ ᠢ ᠵᠠᠯᠭᠠᠯᠳᠤᠭᠤᠯᠤᠨ ᠪᠦᠭᠦ ᠬᠤᠰᠢᠭᠤ ᠪᠠᠷ ᠢᠶᠠᠨ ︽ᠬᠠᠭᠠᠰ ᠴᠠᠭ ᠲᠤ ᠬᠦᠷᠬᠦ︾ ᠵᠠᠮ ᠬᠠᠷᠢᠯᠴᠠᠭ᠎ᠠ ᠶᠢᠨ ᠨᠡᠶᠢᠳᠡᠮᠵᠢᠬᠦᠯᠥᠯᠳᠡ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠤᠯᠳᠤᠬᠤ ᠶᠢ ᠲᠦᠷᠭᠡᠳᠭᠡᠨ ᠠᠬᠢᠭᠤᠯᠵᠤ᠂ ᠭᠠᠳᠠᠬᠰᠢ ᠲᠡᠭᠡᠭᠡᠪᠤᠷᠢᠯᠡᠭᠦ ᠵᠠᠮ ᠬᠠᠷᠢᠯᠴᠠᠭᠠᠨ ᠤ ᠨᠡᠪᠳᠡᠷᠡᠯᠴᠡᠭᠡ ᠶᠢ ᠦᠷᠭᠡᠳᠬᠡᠨ᠂ ᠮᠤᠵᠢ ᠶᠢᠨ ᠬᠤᠭᠤᠷᠤᠨᠳᠤᠭᠢ ︽ᠮᠤᠬᠤᠷ ᠵᠠᠮ︾ ᠢ ᠪᠦᠭᠦ ᠳᠠᠯ᠎ᠠ ᠪᠠᠷ ᠨᠡᠪᠳᠡᠷᠡᠬᠦᠯᠵᠦ᠂ ᠭᠦᠷᠰᠢ ᠵᠡᠷᠭᠡᠯᠡᠳᠡᠭᠡ 7 ᠬᠤᠰᠢᠭᠤ ᠲᠠᠢ ᠢᠳᠡᠪᠬᠢᠳᠡᠢ ᠪᠠᠷ ᠬᠤᠯᠪᠤᠭᠠᠯᠠᠨ ︽ᠨᠢᠭᠡ ᠴᠠᠭ ᠲᠤ ᠬᠦᠷᠬᠦ︾ ᠵᠠᠮ ᠬᠠᠷᠢᠯᠴᠠᠭ᠎ᠠ ᠶᠢ ᠪᠠᠶᠢᠭᠤᠯᠵᠤ᠂ ᠪᠦᠭᠦ ᠬᠤᠰᠢᠭᠤᠨ ᠤ ᠠᠵᠤ ᠠᠬᠤᠢ ᠶᠢᠨ ᠴᠢᠨᠡᠷ ᠰᠠᠶᠢᠳᠠᠢ ᠭᠦᠭᠵᠢᠯᠳᠡ ᠶᠢ ᠠᠬᠢᠭᠤᠯᠬᠤ ᠳᠤ ᠪᠠᠳᠤ ᠪᠠᠬᠢ ᠵᠠᠮ ᠬᠠᠷᠢᠯᠴᠠᠭᠠᠨ ᠤ ᠪᠠᠳᠤᠯᠠᠭ᠎ᠠ ᠶᠢ ᠬᠠᠩᠭᠠᠬᠰᠠᠨ ᠪᠠᠶᠢᠨ᠎ᠠ᠃      ᠦᠤᠰᠢᠨ ᠬᠤᠰᠢᠭᠤᠨ ᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠡ ᠶᠢᠨ ᠤᠯᠠ ᠮᠦᠷ ᠢ ᠡᠷᠬᠢᠴᠡᠭᠦᠯᠪᠠᠯ ᠨᠢᠭᠡᠨ ᠵᠢᠵᠢᠭᠭᠡᠨ ᠴᠡᠭ ᠢᠶᠠᠷ ᠡᠬᠢᠯᠡᠯᠳᠡ ᠶᠢᠨ ᠴᠡᠭ ᠪᠤᠯᠭᠠᠨ ᠱᠤᠭᠤᠮ ᠲᠡᠳᠡᠨ ᠰᠦᠯᠵᠢᠯᠳᠦᠨ ᠵᠦᠷᠢᠯᠳᠦᠭᠰᠡᠭᠡᠷ ᠲᠤᠤᠷᠵᠢᠯ ᠪᠤᠯᠤᠬᠰᠠᠨ ᠢ ᠤᠯᠵᠤ ᠬᠠᠷᠠᠨ᠎ᠠ᠃ ᠤᠢᠢᠷ᠎ᠠ ᠶᠢᠨ ᠵᠢᠯ ᠠᠴᠠ ᠨᠠᠰᠢ ᠮᠡᠨ ᠤ ᠬᠤᠰᠢᠭᠤ ᠨᠠᠶᠢᠳᠠ 130 ᠭᠠᠷᠤᠢ ᠳ᠋ᠦᠩᠰᠢᠭᠤᠷ ᠲᠦᠭᠦᠷᠢᠭ ᠤᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠡ ᠶᠢᠨ ᠪᠡᠯᠡ ᠮᠦᠩᠭᠦ ᠶᠢ ᠵᠠᠷᠤᠴᠠᠭᠤᠯᠤᠨ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ S313 ᠱᠤᠭᠤᠮ ᠤᠨ ᠯᠠᠨ ᠵᠢᠶᠠ ᠯᠢᠶᠠᠩ ᠠᠴᠠ ᠭᠠᠯᠠᠭᠤᠳᠤ ᠭᠦᠷᠭᠦ ᠵᠠᠮ᠂ ᠬᠠᠩᠬᠢᠨ ᠬᠤᠰᠢᠭᠤ ᠲᠠᠢ ᠵᠠᠯᠭᠠᠯᠳᠤᠬᠤ ᠲᠡᠮᠡᠭᠡᠳᠦ ᠬᠤᠳᠠ ᠶᠢᠨ ᠢᠤᠢ ᠶᠠᠩ ᠲᠤᠭᠤᠷᠢᠭ ᠲᠠᠢ ᠨᠡᠪᠳᠡᠷᠡᠭᠦ S226 ᠱᠤᠭᠤᠮ ᠤᠨ ᠠᠮᠢᠨᠴᠢᠷᠭ᠎ᠠ ᠠᠴᠠ ᠪᠠᠭ᠎ᠠ ᠬᠤᠭᠤᠯᠠᠶᠢᠳᠤ ᠭᠦᠷᠭᠦ ᠵᠠᠮ᠂ ᠲᠡᠮᠡᠭᠡᠳᠦ ᠬᠤᠳᠠ ᠶᠢᠨ ᠡᠾᠧᠩ ᠱᠠᠨ ᠳᠣᠭᠤᠷᠢᠭ ᠲᠠᠢ ᠨᠠᠪᠳᠠᠷᠠᠭᠦ ᠭᠠᠯᠠᠭᠤᠳᠤ ᠠᠴᠠ ᠳ᠋ᠠ ᠼᠤᠤ ᠸᠠᠨ ᠭᠦᠷᠭᠦ ᠵᠠᠮ᠂ ᠤᠳᠤᠭ ᠤᠨ ᠡᠮᠤᠨᠠᠳᠤ ᠬᠤᠰᠢᠭᠤ ᠭᠦᠷᠭᠦ S317 ᠱᠤᠭᠤᠮ ᠤᠨ ᠲᠤᠯᠢ ᠠᠴᠠ ᠨᠠᠩᠰᠤ ᠭᠦᠷᠭᠦ ︵ᠨᠢᠭᠡᠳᠦᠭᠡᠷ ᠬᠤᠭᠤᠴᠠᠭ᠎ᠠ︶ ᠵᠠᠮ ᠵᠡᠷᠭᠡ 4 ᠵᠤᠷᠪᠤᠰ ᠨᠢᠭᠡᠳᠦᠭᠡᠷ ᠲᠠᠰ ᠤᠨ ᠵᠠᠰᠠᠮᠠᠯ ᠵᠠᠮ ᠢ ᠪᠦᠳᠦᠭᠡᠨ ᠪᠠᠶᠢᠭᠤᠯᠤᠨ ᠨᠡᠪᠳᠡᠷᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠪᠠᠷ ᠪᠤᠶᠤ ᠵᠠᠰᠠᠨ ᠲᠡᠪᠢᠰᠦᠭᠰᠡᠨ ᠵᠠᠰᠠᠮᠠᠯ ᠵᠠᠮ 490 ᠺᠢᠯᠣᠮᠧᠲᠷ ᠲᠤ ᠭᠦᠷᠴᠦ᠂ ᠵᠠᠬᠡᠯᠢ ᠭᠤᠳᠤᠮᠵᠢ ᠶᠢᠨ ᠪᠦᠳᠦᠭᠡᠨ ᠪᠠᠶᠢᠭᠤᠯᠤᠯᠳᠡ ᠶᠢ 1355.5 ᠺᠢᠯᠣᠮᠧᠲᠷ ᠬᠠᠳᠠᠭᠤᠷᠠᠭᠤᠯᠪᠠ᠃ ᠡᠳᠡᠭᠡᠷ ᠠᠮᠵᠢᠯᠳᠡ ᠪᠦᠳᠦᠮᠵᠢ ᠣᠯᠣᠭᠰᠠᠨ ᠨᠢ ᠬᠢᠯᠪᠠᠷ ᠪᠣᠰᠣ ᠪᠠᠶᠢᠵᠣ ᠨᠠᠷᠢᠯᠢᠭ ᠤᠨᠤᠪᠴᠢᠳᠡᠢ ᠲᠦᠯᠦᠪᠯᠡᠭᠡ ᠬᠢᠭᠦ᠂ ᠵᠤᠭᠤᠰ ᠮᠦᠩᠭᠦᠨ ᠤ ᠭᠦᠴᠢᠷᠳᠡᠯ᠂ ᠭᠠᠵᠠᠷ ᠭᠡᠷᠡᠭᠯᠡᠭᠦ ᠠᠰᠠᠭᠤᠳᠠᠯ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠡ ᠶᠢᠨ ᠭᠡᠯᠪᠡᠷᠢ ᠶᠢᠨ ᠰᠢᠨ᠎ᠠ ᠡᠭᠦᠳᠦᠯᠳᠡ ᠵᠡᠷᠭᠡ ᠶᠢ ᠲᠤᠬᠢᠳᠡᠢ ᠰᠢᠢᠳᠪᠤᠷᠢᠯᠡᠭᠰᠡᠨ ᠲᠠᠢ ᠬᠤᠯᠪᠤᠭ᠎ᠠ ᠲᠠᠢ ᠶᠤᠮ᠃ ᠮᠦᠨ ᠴᠦ ᠨᠢᠬᠳᠠ ᠰᠦᠯᠵᠢᠯᠳᠦᠭᠰᠡᠨ ᠵᠠᠰᠠᠮᠠᠯ ᠵᠠᠮ ᠤᠨ ᠲᠤᠤᠷᠵᠢᠯ ᠨᠢ ᠨᠤᠮᠢᠨ ᠲᠠᠩᠰᠤᠭ ᠦᠤᠰᠢᠨ ᠤ ᠭᠦᠭᠵᠢᠯᠳᠡ ᠳᠤ ᠰᠢᠨ᠎ᠠ ᠭᠦᠰᠡᠯ ᠡᠷᠡᠮᠡᠯᠵᠡᠯ᠂ ᠰᠢᠨ᠎ᠠ ᠲᠦᠯᠦᠪ᠂ ᠰᠢᠨ᠎ᠠ ᠭᠦᠴᠦᠨ ᠢ ᠠᠪᠴᠢᠷᠠᠵᠤ᠂ ᠨᠤᠮᠢᠨ ᠲᠠᠩᠰᠤᠭ ᠬᠦᠭᠵᠢᠨ ᠮᠠᠨᠳᠣᠯᠳᠠ ᠶᠢ ᠠᠬᠢᠭᠤᠯᠬᠤ ᠳᠤ ᠰᠠᠷᠠᠭᠤᠯ ᠲᠠᠷᠳᠠᠩ ᠵᠠᠮ ᠢ ᠨᠡᠭᠡᠭᠡᠭᠰᠡᠨ ᠪᠠᠶᠢᠨ᠎ᠠ᠃      ᠦᠤᠰᠢᠨ ᠬᠤᠰᠢᠭᠤ ᠨᠢ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠪᠠᠨ ᠲᠦᠷᠭᠡᠳᠭᠡᠵᠤ᠂ ᠭᠤᠤᠯᠳᠠᠯᠭᠠᠳᠦ ᠵᠠᠰᠠᠮᠠᠯ ᠵᠠᠮ ᠢ ᠪᠦᠳᠦᠭᠡᠨ ᠪᠠᠶᠢᠭᠤᠯᠬᠤ ᠲᠦᠷᠦᠯ ᠵᠦᠢᠯ ᠢ ᠠᠬᠢᠭᠤᠯᠵᠤ᠂ ᠤᠳᠤᠬᠠᠨ ᠪᠤᠯᠳᠠᠯ᠎ᠠ S338 ᠱᠤᠭᠤᠮ ᠤᠨ ᠭᠠᠯᠠᠭᠤᠳᠤ ᠠᠴᠠ ᠰᠤᠪᠤᠷᠭ᠎ᠠ ᠭᠤᠷᠪᠠᠳᠤᠭᠠᠷ ᠰᠢᠳᠠᠮᠠᠬᠠᠢ ᠭᠡᠢ ᠰᠢᠢᠳᠪᠤᠷᠢᠯᠡᠬᠦ ᠤᠢᠢᠯᠡᠳᠪᠤᠷᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ ᠰᠠᠭᠤᠷᠢ ᠶᠢ ᠲᠠᠯᠪᠢᠬᠤ ᠭᠦᠭᠦᠷᠭᠡ ᠪᠤᠰᠬᠠᠬᠤ ᠢᠨᠵᠧᠨᠧᠷᠢᠩ ᠢ ᠦᠨᠳᠤᠰᠤᠨ ᠳᠡᠭᠡᠨ ᠲᠠᠭᠤᠰᠬᠠᠪᠠ︔ S317 ᠱᠤᠭᠤᠮ ᠤᠨ ᠲᠤᠯᠢ ᠠᠴᠠ ᠨᠠᠩᠰᠤ ᠭᠦᠷᠭᠦ ᠭᠡᠰᠡᠭ ᠤᠨ ᠨᠢᠭᠡᠳᠦᠭᠡᠷ ᠲᠠᠰ ᠤᠨ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠨᠢ ᠰᠠᠭᠤᠷᠢ ᠲᠠᠯᠪᠢᠬᠤ ᠭᠦᠭᠦᠷᠭᠡ ᠪᠤᠰᠬᠠᠬᠤ ᠱᠠᠳᠤᠨ ᠳᠤ ᠤᠷᠤᠬᠰᠠᠨ ᠪᠠᠶᠢᠨ᠎ᠠ︔ S215 ᠱᠤᠭᠤᠮ ᠤᠨ ᠲᠦᠩᠽᠢ ᠠᠴᠠ ᠬᠠᠢ ᠼᠧ ᠫᠠᠨ ︵ᠦᠪᠤᠷ ᠮᠤᠩᠭᠤᠯ ᠱᠠᠨᠰᠢ ᠶᠢᠨ︶ ᠭᠡᠰᠡᠭ ᠲᠠᠬᠢ ᠨᠢᠭᠡᠳᠦᠭᠡᠷ ᠲᠠᠰ ᠤᠨ ᠵᠠᠰᠠᠮᠠᠯ ᠵᠠᠮ ᠤᠨ ᠲᠦᠷᠦᠯ ᠵᠦᠢᠯ ᠤᠨ ᠭᠡᠷᠡᠭᠵᠢᠭᠦᠯᠭᠦ ᠲᠦᠰᠦᠪ ᠢ ᠲᠤᠭᠤᠷᠪᠢᠨ ᠪᠢᠴᠢᠭᠦ ᠱᠠᠳᠤᠨ ᠳᠤ ᠤᠷᠤᠬᠰᠠᠨ ᠪᠠᠶᠢᠨ᠎ᠠ︔ G242 ᠱᠤᠭᠤᠮ ᠤᠨ ᠭᠠᠯᠠᠭᠤᠳᠤ ᠠᠴᠠ ᠪᠤᠯᠠᠭ ᠤᠨ ᠭᠤᠤᠯ ᠭᠦᠷᠭᠦ ᠭᠡᠰᠡᠭ ᠤᠨ ᠬᠤᠶᠠᠳᠤᠭᠠᠷ ᠲᠡᠰ ᠤᠨ ᠵᠠᠰᠠᠮᠠᠯ ᠵᠠᠮ ᠤᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠭᠠᠷ ᠭᠦᠢᠴᠡᠳᠭᠡᠯ ᠢ ᠬᠢᠵᠤ ᠲᠠᠭᠤᠰᠬᠠᠬᠰᠠᠨ ᠪᠠᠶᠢᠨ᠎ᠠ᠃ ᠮᠡᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠤ ︽ᠭᠦᠳᠡᠭᠡ ᠲᠤᠰᠬᠤᠨ ᠤ ᠲᠦᠷᠪᠡᠨ ᠰᠠᠶᠢᠳᠠᠢ ᠵᠠᠮ︾ ᠤᠨ ᠵᠢᠱᠢᠶ᠎ᠠ ᠦᠵᠡᠭᠦᠯᠭᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠢᠳᠡᠪᠭᠢᠳᠡᠢ ᠦᠷᠨᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠡ ᠶᠢᠨ ᠭᠦᠴᠦᠯᠡᠴᠡ ᠪᠠᠨ ᠦᠷᠭᠦᠯᠵᠢᠯᠡᠨ ᠦᠷᠭᠡᠳᠭᠡᠵᠤ᠂ ᠵᠠᠰᠠᠮᠠᠯ ᠵᠠᠮ ᠤᠨ ᠬᠠᠮᠠᠭᠠᠯᠠᠯᠳᠠ ᠵᠠᠰᠠᠯᠳᠠ ᠶᠢ ᠡᠮᠬᠢ ᠵᠢᠷᠤᠮ ᠲᠠᠢ ᠶᠠᠪᠤᠬᠳᠠᠭᠤᠯᠵᠤ ᠪᠠᠶᠢᠨ᠎ᠠ᠃
     ᠵᠤᠷᠪᠤᠰ ᠵᠤᠷᠪᠤᠰ ᠵᠠᠰᠠᠮᠠᠯ ᠵᠠᠮ ᠭᠦᠳᠡᠭᠡ ᠲᠤᠰᠬᠤᠨ᠂ ᠬᠤᠳᠠ ᠪᠠᠯᠭᠠᠰᠤ ᠶᠢ ᠤᠢᠢᠷᠠᠳᠤᠭᠤᠯᠤᠨ ᠬᠤᠯᠪᠤᠵᠤ᠂ ᠭᠦᠮᠦᠰ ᠤᠨ ᠭᠦᠰᠡᠯ ᠡᠷᠡᠮᠡᠯᠵᠡᠯ᠂ ᠠᠯᠤᠰ ᠢᠷᠡᠭᠡᠳᠦᠢ ᠳᠠᠰᠢ ᠵᠠᠮᠴᠢᠯᠠᠨ᠎ᠠ᠃ ᠮᠡᠨ ᠤ ᠬᠤᠰᠢᠭᠤ ᠨᠢ ᠵᠠᠮ ᠬᠠᠷᠢᠯᠴᠠᠭᠠᠨ ᠤ ᠲᠡᠭᠡᠭᠡᠪᠤᠷᠢ ᠶᠢᠨ ᠴᠢᠨᠡᠷ ᠰᠠᠶᠢᠳᠠᠢ ᠭᠦᠭᠵᠢᠯᠳᠡ ᠶᠢ ᠪᠠᠳᠤᠳᠠᠢ ᠠᠬᠢᠭᠤᠯᠵᠤ᠂ ᠠᠮᠢᠨᠴᠢᠷᠭ᠎ᠠ ᠠᠴᠠ ᠪᠠᠭ᠎ᠠ ᠬᠤᠭᠤᠯᠠᠶᠢᠳᠤ ᠭᠦᠷᠭᠦ᠂ ᠭᠠᠯᠠᠭᠤᠳᠤ ᠠᠴᠠ ᠳ᠋ᠠ ᠼᠣᠣ ᠸᠠᠨ ᠭᠦᠷᠭᠦ 2 ᠵᠤᠷᠪᠤᠰ ᠮᠤᠵᠢ ᠶᠢᠨ ᠲᠠᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠶᠢ ᠲᠡᠮᠡᠭᠡᠳᠦ ᠬᠤᠳᠠ ᠲᠠᠢ ᠵᠤᠬᠢᠴᠠᠭᠤᠯᠵᠤ᠂ ᠵᠡᠭᠦᠨ ᠢᠶᠠᠨ ᠪᠤᠭᠤᠳᠤ ᠠᠴᠠ ᠮᠤᠤ ᠮᠢᠩ ᠭᠦᠷᠭᠦ᠂ ᠡᠮᠤᠨ᠎ᠠ ᠪᠠᠨ ᠴᠢᠩᠳᠤᠤ ᠠᠴᠠ ᠢᠷᠭᠠᠢ ᠬᠤᠳᠠ ᠭᠦᠷᠭᠦ᠂ ᠬᠤᠶᠢᠨ᠎ᠠ ᠪᠠᠨ ᠷᠦᠩ ᠴᠧᠩ ᠬᠤᠳᠠ ᠠᠴᠠ ᠦᠬᠠᠢ ᠭᠦᠷᠭᠦ᠂ ᠪᠠᠷᠠᠭᠤᠨ ᠢᠶᠠᠨ ᠪᠡᠭᠡᠵᠢᠩ ᠠᠴᠠ ᠯᠾᠠᠰᠠ ᠭᠦᠷᠭᠦ ᠵᠠᠰᠠᠮᠠᠯ ᠵᠠᠮ ᠲᠠᠢ ᠵᠠᠯᠭᠠᠯᠳᠤᠬᠰᠠᠨ ᠵᠠᠰᠠᠮᠠᠯ ᠵᠠᠮ ᠤᠨ ᠲᠤᠤᠷᠵᠢᠯ ᠢ ᠪᠦᠭᠦ ᠲᠠᠯ᠎ᠠ ᠪᠠᠷ ᠪᠠᠶᠢᠭᠤᠯᠵᠤ᠂ ᠵᠡᠬᠦᠨᠰᠢ ᠪᠠᠷᠠᠭᠤᠨᠰᠢ ᠡᠮᠤᠨᠡᠰᠢ ᠬᠤᠶᠢᠰᠢ ᠪᠠᠨ ᠵᠠᠯᠭᠠᠨ᠂ ᠪᠦᠭᠦ ᠬᠤᠰᠢᠭᠤ ᠶᠢ ᠪᠦᠷᠭᠦᠭᠦᠯᠵᠤ᠂ ᠲᠦᠷᠪᠡᠨ ᠵᠡᠷᠭᠡᠯᠡᠳᠡᠭᠡ ᠤᠷᠤᠨ ᠢᠶᠠᠷ ᠨᠡᠪᠳᠡᠷᠡᠭᠦ ᠶᠡᠷᠦᠩᠭᠡᠶᠢᠯᠡᠭᠰᠡᠨ ᠵᠠᠮ ᠬᠠᠷᠢᠯᠴᠠᠭᠠᠨ ᠤ ᠲᠤᠤᠷᠵᠢᠯ ᠢ ᠲᠦᠷᠭᠡᠳᠭᠡᠨ ᠪᠠᠶᠢᠭᠤᠯᠵᠤ᠂ ᠵᠠᠮ ᠬᠠᠷᠢᠯᠴᠠᠭ᠎ᠠ ᠲᠦᠭᠦᠷᠵᠢᠭᠰᠡᠨ ᠠᠴᠠ ᠭᠦᠮᠦᠰ ᠤᠨ ᠶᠠᠪᠤᠵᠤ ᠰᠠᠭᠤᠬᠤ᠂ ᠡᠳ᠋ ᠪᠠᠷᠠᠭ᠎ᠠ ᠵᠦᠭᠡᠭᠡᠪᠦᠷᠢᠯᠡᠭᠦ᠂ ᠮᠡᠷᠭᠡᠵᠢᠯ ᠤᠨ ᠰᠤᠯᠢᠯᠴᠠᠭ᠎ᠠ ᠬᠢᠭᠦ᠂ ᠵᠤᠭᠤᠰ ᠮᠦᠩᠭᠦ ᠵᠡᠷᠭᠡ ᠶᠢᠨ ᠭᠦᠢᠯᠭᠡᠭᠡ ᠤᠯᠠᠮ ᠢᠶᠠᠷ ᠲᠦᠭᠦᠮ ᠲᠦᠳᠡ ᠪᠤᠯᠵᠤ᠂ᠰᠢᠨ᠎ᠠ ᠴᠠᠭ ᠦᠶ᠎ᠠ ᠳᠠᠬᠢ ᠨᠤᠮᠢᠨ ᠲᠠᠩᠰᠤᠭ ᠦᠤᠰᠢᠨ ᠤ ︽ᠨᠤᠮᠢᠨ ᠨᠤᠭᠤᠭᠠᠨ ᠬᠦᠭᠵᠢᠨ ᠮᠠᠨᠳᠣᠯᠳᠠ︾ ᠶᠢ ᠠᠬᠢᠭᠤᠯᠬᠤ ᠳᠤ ᠨᠢᠭᠡ ᠵᠤᠷᠪᠤᠰ ᠵᠤᠷᠪᠤᠰ ︽ᠬᠤᠷᠳᠤᠨ ᠤ ᠵᠠᠮ︾ ᠢ ᠲᠠᠪᠢᠰᠴᠦ ᠦᠭᠭᠦᠭᠰᠡᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号