ᠬᠠᠷ᠎ᠠ ᠪᠦᠯᠦᠭᠲᠡᠨ ᠬᠠᠷᠭᠢᠰ ᠬᠦᠴᠦᠨ ᠤ ᠲᠤᠰᠬᠠᠢ ᠲᠡᠮᠡᠴᠡᠯ ᠢ ᠤᠯᠠᠮ ᠨᠢᠭᠡ ᠠᠯᠬᠤᠮ ᠠᠬᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠤ ᠴᠢᠬᠤᠯᠠ ᠶᠡᠭᠡ ᠰᠦᠪᠡᠭᠴᠢ ᠶᠢ ᠮᠠᠯᠲᠠᠬᠤ ᠶᠢᠨ ᠲᠦᠯᠦᠭᠡ ᠦᠪᠦᠷ ᠮᠤᠩᠭᠤᠯ ᠤᠨ | ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠬᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ᠂ ᠡᠯ᠎ᠡ ᠠᠶᠢᠮᠠᠭ ᠬᠤᠲᠠ ᠶᠢᠨ ᠲᠤᠳᠤᠭᠠᠳᠤ ᠶᠢ ᠬᠠᠮᠠᠭᠠᠯᠠᠬᠤ | ᠲᠤᠪᠴᠢᠶᠠᠨ ᠤ ᠳᠠᠷᠤᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠤ ᠢᠯᠡᠴᠢᠯᠡᠨ ᠮᠡᠳᠡᠭᠦᠯᠦᠯᠲᠡ ᠶᠢ ᠬᠦᠯᠢᠶᠡᠨ | ᠠᠪᠬᠤ ᠠᠷᠭ᠎ᠠ ᠬᠡᠯᠪᠡᠷᠢ ᠶᠢ ᠨᠡᠶᠢᠲᠡᠯᠡᠵᠤ᠂ ᠤᠯᠠᠨ ᠲᠦᠮᠡᠨ ᠭᠠᠷ ᠤᠲᠠᠰᠤ᠂ ᠢᠮᠧᠯ ᠵᠡᠷᠭᠡ ᠠᠷᠭ᠎ᠠ ᠬᠡᠯᠪᠡᠷᠢ ᠪᠠᠷ | ᠢᠯᠡᠴᠢᠯᠡᠨ ᠮᠡᠳᠡᠭᠦᠯᠵᠤ ᠪᠤᠯᠤᠨ᠎ᠠ᠃ | ᠢᠯᠡᠴᠢᠯᠡᠨ ᠮᠠᠳᠡᠭᠦᠯᠬᠦ ᠠᠭᠤᠯᠭ᠎ᠠ ᠳᠤ ᠬᠦᠨᠳᠤ ᠨᠤᠴᠢᠲᠠᠢ ᠬᠠᠷ᠎ᠠ ᠪᠦᠯᠦᠭᠲᠡᠨ ᠬᠠᠷᠭᠢᠰ ᠬᠦᠴᠦᠨ ᠲᠠᠢ | ᠬᠤᠯᠪᠤᠭᠳᠠᠭᠰᠠᠨ ᠰᠦᠪᠡᠭᠴᠢ᠂ ᠭᠤᠤᠯᠳᠠᠭᠤ ᠤᠯᠤᠰ ᠲᠦᠷᠦ ᠶᠢᠨ ᠠᠮᠤᠷ ᠲᠦᠪᠰᠢᠨ ᠢ ᠰᠦᠷᠳᠡᠭᠦᠯᠦᠭᠰᠡᠡ᠂ | ᠦᠨᠳᠦᠰᠦᠨ ᠱᠠᠲᠤᠨ ᠤ ᠵᠠᠰᠠᠭ ᠤᠨ ᠡᠷᠬᠡ ᠶᠢ ᠠᠳᠬᠤᠭᠰᠠᠨ᠂ ᠲᠦᠷᠦᠯ ᠤᠭᠰᠠᠭ᠎ᠠ᠂ ᠱᠠᠰᠢᠨ ᠰᠤᠷᠲᠠᠬᠤᠨ ᠤ | ᠬᠦᠴᠦᠨ ᠳᠤ ᠲᠦᠰᠢᠭᠯᠡᠨ ᠤᠷᠤᠨ ᠨᠤᠲᠤᠭ ᠲᠠᠭᠠᠨ ᠬᠡᠷᠴᠡᠭᠡᠶᠢᠯᠡᠨ ᠠᠭᠠᠰᠢᠯᠠᠭᠰᠠᠨ᠂ ᠲᠤᠰᠬᠤᠨ ᠤ ᠠᠷᠠᠳ ᠢ | ᠦᠳᠦᠭᠡᠵᠤ ᠬᠡᠷᠡᠭ ᠤᠴᠢᠷ ᠲᠠᠲᠠᠭᠰᠠᠨ᠂ ᠪᠠᠷᠢᠯᠭ᠎ᠠ ᠶᠢᠨ ᠲᠦᠷᠦᠯ ᠵᠦᠢᠯ ᠢ ᠪᠤᠯᠢᠶᠠᠵᠤ ᠳᠠᠭᠠᠭᠠᠴᠢᠯᠠᠨ ᠠᠪᠤᠭᠰᠠᠨ᠂ | ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠭᠰᠡᠨ᠂ ᠱᠠᠯᠢᠭ ᠵᠠᠪᠬᠠᠢ ᠵᠦᠢᠯᠡᠰ ᠪᠠ ᠵᠤᠭᠤᠰ | ᠮᠦᠷᠦ᠋ᠢᠴᠡᠬᠦ᠂ ᠬᠤᠤᠷ ᠲᠠᠲᠠᠬᠤ ᠤᠢᠢᠯᠠ ᠠᠵᠢᠯᠯᠠᠭ᠎ᠠ ᠶᠢ ᠵᠠᠬᠢᠷᠤᠨ ᠡᠵᠡᠩᠨᠡᠭᠰᠡᠨ᠂ ᠬᠠᠥᠯᠢ ᠪᠤᠰᠤ ᠪᠠᠷ ᠦᠨᠳᠦᠷ | ᠬᠦᠦ ᠮᠦᠩᠭᠦ ᠲᠠᠢ ᠵᠢᠭᠡᠯᠡᠯᠭᠡ ᠲᠠᠯᠪᠢᠭᠰᠠᠨ᠂ ᠢᠷᠭᠡᠨ ᠤ ᠬᠤᠭᠤᠷᠤᠳᠤᠬᠢ ᠵᠦᠷᠢᠴᠡᠯ ᠵᠢᠭᠤᠷᠠᠯᠳᠤᠭᠠᠨ ᠳᠤ ᠭᠠᠷ | ᠳᠦᠷᠦᠭᠰᠡᠨ᠂ ᠤᠯᠤᠰ ᠠᠯᠤᠰᠯᠠᠵᠤ ᠬᠢᠯᠢ ᠠᠯᠤᠰᠯᠠᠭᠰᠠᠨ᠂ ᠭᠠᠵᠠᠷ ᠰᠢᠷᠤᠢ ᠪᠡᠯᠴᠢᠭᠡᠷ ᠨᠤᠲᠤᠭ ᠢ ᠬᠠᠷᠬᠢᠰᠯᠠᠨ | ᠡᠵᠡᠯᠡᠭᠰᠡᠨ᠂ ᠤᠯᠤᠰ ᠤᠨ ᠠᠭᠤᠷᠬᠠᠢ ᠶᠢᠨ ᠭᠠᠷᠤᠯᠲᠠ ᠶᠢ ᠡᠵᠡᠯᠡᠨ ᠠᠪᠤᠭᠰᠠᠨ᠂ ︽ᠥᠷᠢ ᠨᠡᠬᠡᠬᠦ ᠺᠤᠮᠫᠠᠨᠢ︾ | ᠨᠡᠭᠡᠭᠡᠭᠰᠡᠨ᠂ ᠵᠢᠭᠡᠯᠡᠯᠭᠡ ᠲᠠᠯᠪᠢᠨ ᠵᠤᠭᠤᠰ ᠮᠦᠷᠦ᠋ᠴᠡᠬᠦ ᠶᠢ ᠵᠤᠬᠢᠶᠠᠨ ᠪᠠᠶᠢᠭᠤᠯᠤᠭᠰᠠᠨ᠂ ᠠᠳᠠᠯ ᠦᠢᠯᠡᠰ ᠤᠨ | ᠬᠠᠮᠢᠶᠠᠷᠤᠯᠲᠠ᠂ ᠰᠠᠭᠤᠭᠠᠯᠢ ᠲᠤᠭᠤᠷᠢᠭ ᠤᠨ ᠵᠠᠰᠠᠯ ᠴᠢᠮᠡᠭᠯᠡᠯ ᠤᠨ ᠠᠵᠢᠯ ᠢ ᠭᠠᠭᠴᠠᠭᠠᠷ ᠡᠵᠡᠮᠰᠢᠭᠰᠡᠨ ᠵᠡᠷᠭᠡ 15 | ᠲᠦᠷᠦᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠤ ᠰᠦᠪᠡᠭᠴᠢ ᠶᠢ ᠪᠠᠭᠲᠠᠭᠠᠨ᠎ᠠ᠃ | ᠡᠭᠦᠨ ᠤ ᠬᠠᠮᠲᠤ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠥᠯᠢ ᠵᠦᠷᠢᠴᠡᠭᠰᠡᠨ ᠶᠠᠯᠠᠲᠠᠨ ᠢ ᠦᠮᠦᠭᠯᠡᠨ | ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ︽ᠬᠠᠮᠠᠭᠠᠯᠠᠭᠴᠢ︾ ᠪᠤᠯᠤᠭᠰᠠᠨ ᠤᠯᠤᠰ ᠤᠨ | ᠠᠵᠢᠯᠲᠠᠨ ᠨᠢ ᠮᠦᠨ ᠭᠤᠣᠯ ᠢᠯᠡᠴᠢᠯᠡᠨ ᠮᠡᠳᠡᠭᠦᠯᠭᠦ ᠡᠲᠡᠭᠡᠳ ᠪᠤᠯᠤᠨ᠎ᠠ᠃ | ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠠᠷᠭ᠎ᠠ ᠬᠡᠯᠪᠡᠷᠢ ᠳᠤ᠂ ᠦᠪᠦᠷ ᠮᠤᠩᠭᠤᠯ ᠤᠨ | ᠲᠤᠳᠤᠭᠠᠳᠤ ᠶᠢ ᠬᠠᠮᠠᠭᠠᠯᠠᠬᠤ ᠲᠢᠩᠬᠢᠮ ᠠᠴᠠ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠠᠷ᠎ᠠ | ᠪᠦᠯᠦᠭᠲᠡᠨ ᠬᠠᠷᠭᠢᠰ ᠬᠦᠴᠦᠨ ᠢ ᠢᠯᠡᠴᠢᠯᠡᠨ ᠮᠠᠳᠡᠭᠦᠯᠬᠦ ᠭᠠᠷ ᠤᠲᠠᠰᠤ ᠠᠴᠠ ᠭᠠᠳᠠᠨ᠎ᠠ ᠡᠯ᠎ᠡ ᠭᠠᠵᠠᠷ ᠲᠤ ᠪᠠᠰᠠ | ᠭᠤᠷᠪᠠᠨ ᠵᠦᠢᠯ ᠤᠨ ᠢᠯᠡᠴᠢᠯᠡᠨ ᠮᠠᠳᠡᠭᠦᠯᠬᠦ ᠠᠷᠭ᠎ᠠ ᠬᠡᠯᠪᠡᠷᠢ ᠶᠢ ᠨᠡᠪᠲᠡᠷᠡᠭᠦᠯᠭᠦ ᠬᠡᠷᠡᠭᠲᠡᠢ ᠭᠡᠵᠤ ᠲᠤᠳᠤᠷᠬᠠᠢ | ᠱᠠᠭᠠᠷᠳᠠᠪᠠ᠄ | ᠲᠤᠪᠴᠢᠶᠠᠨ ᠤ ᠳᠠᠷᠤᠭ᠎ᠠ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠲᠤᠰᠬᠠᠢ ᠭᠠᠷ ᠤᠲᠠᠰᠤ ᠶᠢ | ᠨᠡᠪᠲᠡᠷᠡᠭᠦᠯᠵᠤ᠂ 24 ᠴᠠᠭ ᠢᠶᠠᠷ ᠢᠯᠡᠴᠢᠯᠡᠨ ᠮᠡᠳᠡᠭᠦᠯᠦᠯᠲᠡ ᠶᠢ ᠬᠦᠯᠢᠶᠡᠨ᠎ᠡ︔ | ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ᠂ ᠰᠢᠤᠳᠠᠨ ᠳ᠋ᠤᠭᠠᠷ᠂ ᠬᠠᠶ᠋ᠢᠭ ᠭᠠᠷᠭᠠᠵᠤ᠂ ᠲᠤᠳᠤᠭᠠᠳᠤ ᠶᠢ | ᠬᠠᠮᠠᠭᠠᠯᠠᠬᠤ ᠲᠢᠩᠬᠢᠮ ᠤᠨ ᠳᠠᠷᠤᠭ᠎ᠠ ᠳᠤ ᠢᠯᠡᠭᠡᠭᠰᠡᠨ ᠵᠠᠬᠢᠳᠠᠯ ᠢ ᠲᠤᠰᠬᠠᠢ ᠬᠦᠮᠦᠨ ᠲᠠᠩᠰᠠᠯᠠᠵᠤ ᠬᠠᠮᠢᠶᠠᠷᠤᠨ᠎ᠠ᠃ | ᠰᠦᠯᠵᠢᠶᠡᠨ ᠳᠡᠭᠡᠷ᠎ᠠ ᠢᠮᠧᠯ ᠢ ᠦᠨᠡᠨ ᠬᠦ ᠨᠠᠶᠢᠲᠠᠪᠤᠷᠢᠵᠢᠭᠤᠯᠬᠤ ᠶᠢᠨ ᠲᠦᠯᠦᠭᠡ ᠦᠪᠦᠷ ᠮᠤᠩᠭᠤᠯ ᠤᠨ | ᠲᠤᠳᠤᠭᠠᠳᠤ ᠶᠢ ᠬᠠᠮᠠᠭᠠᠯᠠᠬᠤ ᠲᠢᠩᠬᠢᠮ ᠠᠴᠠ ᠠᠵᠢᠯ ᠤᠨ ᠱᠠᠭᠠᠷᠳᠠᠯᠭ᠎ᠠ ᠶᠢ ᠳᠤᠷᠠᠳᠴᠤ᠂ ᠦᠪᠦᠷ ᠮᠤᠩᠭᠤᠯ ᠤᠨ | ᠲᠤᠳᠤᠭᠠᠳᠤ ᠶᠢ ᠬᠠᠮᠠᠭᠠᠯᠠᠬᠤ ᠲᠢᠩᠬᠢᠮ ᠨᠢ ᠡᠯ᠎ᠡ ᠭᠠᠵᠠᠷ ᠤᠨ ᠨᠡᠪᠲᠡᠷᠡᠭᠦᠯᠦᠭᠰᠡᠨ ᠢᠯᠡᠴᠢᠯᠡᠨ ᠮᠡᠳᠡᠭᠦᠯᠭᠦ ᠠᠷᠭ᠎ᠠ | ᠬᠡᠯᠪᠡᠷᠢ ᠳᠤ ᠬᠢᠨᠠᠯᠲᠠ ᠲᠠᠯᠪᠢᠵᠤ᠂ ᠡᠯ᠎ᠡ ᠵᠦᠢᠯ ᠤᠨ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠨᠢ ᠰᠠᠭᠠᠳ ᠦᠭᠡᠢ | ᠪᠠᠶᠢᠬᠤ ᠶᠢ ᠪᠠᠲᠤᠯᠠᠨ᠎ᠠ︔ ᠡᠯ᠎ᠡ ᠭᠠᠵᠠᠷ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠢᠯᠡᠴᠢᠯᠡᠨ | ᠮᠡᠳᠡᠭᠦᠯᠦᠯᠲᠡ ᠶᠢ ᠬᠦᠯᠢᠶᠡᠨ ᠠᠪᠬᠤ ᠠᠵᠢᠯ ᠢ ᠦᠪᠡᠷ ᠤᠨ ᠪᠡᠶ᠎ᠡ ᠪᠠᠷ ᠢᠶᠠᠨ ᠬᠠᠮᠢᠶᠠᠷᠴᠤ᠂ ᠬᠦᠯᠢᠶᠡᠨ ᠠᠪᠤᠭᠰᠠᠨ | ᠢᠯᠡᠴᠢᠯᠡᠨ ᠮᠡᠳᠡᠭᠦᠯᠭᠦ ᠰᠦᠪᠡᠭᠴᠢ ᠶᠢ ᠳᠠᠩᠰᠠᠯᠠᠵᠤ᠂ ᠰᠢᠢᠳᠪᠦᠷᠢᠯᠡᠬᠦ ᠰᠠᠨᠠᠯ ᠳᠤᠷᠠᠳᠴᠤ ᠭᠠᠷ ᠤᠨ ᠦᠰᠦᠭ ᠵᠢᠷᠤᠨ᠎ᠠ | ᠃ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠤᠭᠳᠠᠭᠰᠠᠨ ᠬᠡᠷᠡᠭ ᠢ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠠᠵᠢᠯ ᠤᠨ ᠲᠠᠪᠴᠠᠩ ᠳᠤ ᠳᠠᠩᠰᠠᠯᠠᠨ ᠤᠷᠤᠭᠤᠯᠵᠤ ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ | ᠬᠦᠴᠦᠨ ᠲᠠᠢ ᠬᠤᠯᠪᠤᠭᠳᠠᠬᠤ ᠦᠭᠡᠢ ᠬᠡᠷᠡᠭ ᠢ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ | ᠨᠢᠭᠡᠴᠡ ᠪᠤᠶᠤ ᠰᠠᠯᠠᠭ᠎ᠠ ᠮᠦᠴᠢᠷ ᠲᠤ ᠲᠤᠰᠢᠶᠠᠵᠤ ᠰᠢᠢᠳᠪᠦᠷᠢᠯᠡᠭᠦᠯᠦᠨ᠎ᠡ︔ ᠢᠯᠡᠴᠢᠯᠡᠨ ᠮᠡᠳᠡᠭᠦᠯᠦᠭᠴᠢ ᠨᠢ | ᠲᠤᠭᠲᠠᠭᠰᠠᠨ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠬᠢᠨᠠᠨ ᠪᠠᠶᠢᠴᠠᠭᠠᠭᠰᠠᠨ ᠦᠷ᠎ᠡ ᠳ᠋ᠥᠩ ᠢ ᠬᠠᠷᠢᠭᠤ | ᠮᠡᠳᠡᠭᠦᠯᠵᠤ᠂ ᠢᠯᠡᠴᠢᠯᠡᠨ ᠮᠡᠳᠡᠭᠦᠯᠦᠭᠴᠢ ᠶᠢᠨ ᠰᠠᠨᠠᠯ ᠢ ᠰᠤᠨᠤᠰᠴᠤ᠂ ᠬᠡᠷᠡᠭ ᠪᠦᠬᠦᠨ ᠬᠠᠷᠢᠭᠤ ᠲᠠᠢ ᠪᠠᠶᠢᠬᠤ ᠶᠢ | ᠪᠠᠲᠤᠯᠠᠨ᠎ᠠ︔ ᠢᠯᠡᠴᠢᠯᠡᠨ ᠮᠡᠳᠡᠭᠦᠯᠦᠭᠴᠢ ᠶᠢᠨ ᠰᠤᠷᠠᠭ ᠴᠢᠮᠡᠭᠡ ᠶᠢ ᠵᠠᠳᠠᠷᠠᠭᠤᠯᠬᠤ᠂ ᠢᠯᠡᠴᠢᠯᠡᠨ ᠮᠡᠳᠡᠭᠦᠯᠦᠭᠰᠡᠨ | ᠡᠲᠡᠭᠡᠳ ᠲᠤ ᠴᠢᠮᠡᠭᠡ ᠵᠠᠳᠠᠷᠠᠭᠤᠯᠬᠤ ᠵᠡᠷᠭᠡ ᠬᠠᠤᠯᠢ ᠶᠢ ᠵᠦᠷᠢᠴᠡᠵᠤ ᠰᠠᠬᠢᠯᠭ᠎ᠠ ᠪᠠᠲᠤ ᠶᠢ ᠵᠦᠷᠢᠴᠡᠭᠰᠡᠨ | ᠠᠵᠢᠯᠯᠠᠭ᠎ᠠ ᠶᠢ ᠡᠷᠡᠰ ᠬᠤᠷᠢᠭᠯᠠᠨ᠎ᠠ᠂ ᠡᠶᠢᠮᠤ ᠪᠠᠶᠢᠳᠠᠯ ᠢᠯᠡᠷᠡᠪᠡᠯ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | |