ᠡᠬᠡᠯ ᠵᠢᠷ ᠤᠨ ᠠᠵᠢᠯ ᠤᠨ ᠪᠠᠶᠢᠷᠢ    ᠠᠷᠢᠭᠤᠨ ᠳᠠᠷᠬᠠᠨ ᠡᠬᠦᠷᠬᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2018-10-19
      ᠸᠠᠩ ᠯᠦᠩ ᠨᠦᠬᠦᠷ ᠦᠨᠦ ᠵᠢᠯ 44 ᠨᠠᠰᠤᠲᠠᠢ᠂ ᠬᠤᠰᠢᠭᠤ ᠤᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ ᠶᠢᠨ ᠲᠤᠪᠴᠢᠶᠠᠨ ᠤ ᠵᠢᠷ ᠤᠨ ᠨᠢᠭᠡᠨ ᠤᠷᠴᠢᠨ ᠲᠤᠭᠤᠷᠢᠨ ᠤ ᠴᠡᠪᠡᠷᠯᠡᠭᠴᠢ ᠪᠤᠯᠤᠨ᠎ᠠ᠃ ᠲᠡᠷᠡ ᠤᠷᠴᠢᠨ ᠲᠤᠭᠤᠷᠢᠨ ᠤ ᠬᠠᠮᠢᠶᠠᠷᠤᠯᠲᠠ ᠶᠢᠨ ᠨᠢᠭᠡᠳᠤᠭᠡᠷ ᠹᠷᠤᠨᠲ ᠶᠢᠨ ᠠᠵᠢᠯᠲᠠᠨ ᠪᠤᠯᠤᠭᠰᠠᠨ ᠤ ᠬᠤᠪᠢ ᠳᠤ ᠦᠪᠡᠷ  ᠤᠨ ᠢᠶᠠᠨ ᠠᠵᠢᠯ ᠦᠢᠯᠡᠰ ᠢᠶᠠᠨ ᠳᠡᠭᠡᠳᠤᠯᠡᠨ ᠠᠵᠢᠯ ᠤᠨ ᠪᠠᠶᠢᠷᠢ ᠪᠠᠨ ᠪᠠᠲᠤ ᠰᠠᠬᠢᠨ ᠬᠦᠴᠢᠷ ᠵᠤᠪᠠᠭᠤᠷᠢ ᠶᠢ ᠬᠦᠯᠢᠴᠡᠨ ᠲᠡᠰᠪᠤᠷᠢᠯᠡᠵᠤ ᠲᠦᠪ ᠴᠢᠩᠭ᠎ᠠ ᠵᠠᠩ ᠰᠤᠷᠲᠠᠯ ᠢᠶᠠᠷ ᠢᠶᠠᠨ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠬᠦᠷᠲᠡᠵᠤ ᠰᠢᠨᠲᠠᠷᠠᠰᠢ ᠦᠭᠡᠢ ᠵᠢᠳᠬᠦᠯ ᠴᠢᠷᠮᠠᠶᠢᠯᠭ᠎ᠠ ᠪᠠᠷ ᠢᠶᠠᠨ ᠡᠬᠡᠯ ᠵᠢᠷ ᠤᠨ ᠠᠵᠢᠯ ᠤᠨ ᠪᠡᠶᠢᠷᠢᠨ ᠳᠡᠭᠡᠷ᠎ᠡ ᠪᠠᠨ ᠦᠪᠡᠷ ᠤᠨ ᠢᠶᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠢᠮᠪᠠᠢ ᠪᠡᠶᠡᠯᠡᠭᠦᠯᠦᠨ ᠶᠠᠪᠤᠵᠤ ᠪᠠᠶᠢᠭ᠎ᠠ ᠶᠤᠮ᠃ ᠸᠠᠩ ᠯᠦᠩ ᠨᠦᠬᠦᠷ 2005 ᠤᠨ ᠠᠴᠠ 2010 ᠤᠨ ᠪᠤᠯᠲᠠᠯ᠎ᠠ ᠦᠷᠭᠦᠯᠵᠢᠯᠡᠨ ᠵᠢᠷᠭᠤᠭᠠᠨ ᠵᠢᠯ ᠦᠤᠰᠢᠨ ᠬᠤᠰᠢᠭᠤᠨ ᠤ ᠤᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ ᠶᠢᠨ ᠲᠤᠪᠴᠢᠶᠠᠨ ᠤ ︽ᠠᠵᠢᠯ ᠤᠨ ᠪᠠᠶᠢᠷᠢ ᠤᠨ ᠵᠢᠱᠢᠶᠡᠴᠢ︾ ᠪᠠ ︽ᠲᠡᠷᠢᠬᠦᠨ ᠤ ᠠᠵᠢᠯᠲᠠᠨ︾ ᠢᠶᠠᠷ ᠰᠤᠩᠭᠤᠭᠳᠠᠪᠠ᠃ 2016 ᠤᠨ ᠤ 3 ᠰᠠᠷ᠎ᠠ  ᠳᠤ ︽ᠲᠤᠮᠳᠠᠳᠤ ᠤᠯᠤᠰ ᠤᠨ ᠰᠠᠶᠢᠨ ᠬᠦᠮᠦᠨ ᠤ ᠵᠢᠭᠰᠠᠭᠠᠯᠲᠠ︾ ᠳᠤ ᠰᠤᠩᠭᠤᠭᠳᠠᠨ ᠤᠷᠤᠵᠤ᠂ ᠲᠤᠰ ᠵᠢᠯ ᠤᠨ 4 ᠰᠠᠷ᠎ᠠ ᠳᠤ ︽ᠦᠪᠦᠷ ᠮᠤᠩᠭᠤᠯ ᠤᠨ ᠰᠠᠶᠢᠨ ᠬᠦᠮᠦᠨ ᠤ ᠵᠢᠭᠰᠠᠭᠠᠯᠲᠠ︾ ᠳᠤ ᠰᠤᠩᠭᠤᠭᠳᠠᠨ ᠤᠷᠤᠪᠠ᠃      ᠤᠷᠴᠢᠨ ᠲᠤᠭᠤᠷᠢᠨ ᠤ ᠴᠡᠪᠡᠷᠯᠡᠭᠴᠢ ᠪᠤᠯᠬᠤ ᠨᠢ ᠲᠡᠶᠢᠮᠤ ᠬᠦᠴᠢᠷᠲᠠᠢ ᠶᠠᠪᠤᠳᠠᠯ ᠪᠢᠰᠢ᠂ ᠬᠠᠷᠢᠨ ᠨᠢᠭᠡᠨ ᠬᠢᠷᠢ ᠳᠡᠩᠴᠡᠭᠰᠡᠨ ᠤᠷᠴᠢᠨ ᠲᠤᠭᠤᠷᠢᠨ ᠤ ᠰᠠᠶᠢᠨ ᠴᠡᠪᠡᠷᠯᠡᠭᠴᠢ ᠪᠤᠯᠬᠤ ᠨᠢ ᠲᠤᠶᠢᠯ ᠤᠨ ᠬᠦᠴᠢᠷᠲᠠᠢ ᠶᠠᠪᠤᠳᠠᠯ ᠪᠤᠯᠤᠨ᠎ᠠ᠂ ᠸᠠᠩ ᠯᠦᠩ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠬᠠᠯᠠᠰᠢᠷᠠᠬᠤ ᠦᠭᠡᠢ ᠪᠠᠶᠢᠵᠤ᠂ ᠲᠡᠷᠡ ᠤᠤᠯ ᠳᠠᠭᠠᠨ ᠭᠠᠯᠠᠭᠤᠲᠤ ᠪᠠᠯᠭᠠᠰᠤᠨ ᠤ ᠵᠤᠷᠯᠤᠩ ᠢ ᠴᠪᠡᠷᠯᠡᠨ ᠮᠠᠯᠲᠠᠬᠤ ᠠᠵᠢᠯ ᠢ ᠭᠠᠭᠴᠠᠭᠠᠷ ᠬᠠᠷᠢᠭᠤᠴᠠᠵᠤ᠂ ᠡᠳᠤᠷ ᠲᠤ 10 ᠴᠠᠭ ᠢᠯᠡᠭᠦᠤ ᠠᠵᠢᠯᠯᠠᠵᠤ ᠪᠠᠶᠢᠵᠠᠢ᠃ 2011 ᠤᠨ ᠳᠤ ᠸᠠᠩ ᠯᠦᠩ ᠬᠤᠭ ᠨᠤᠪᠰᠢ ᠶᠢ ᠴᠡᠪᠡᠷᠯᠡᠨ ᠲᠡᠭᠡᠭᠡᠪᠤᠷᠢᠯᠡᠬᠦ ᠠᠵᠢᠯ ᠤᠨ ᠪᠠᠶᠢᠷᠢᠨ ᠳᠤ ᠰᠢᠯᠵᠢᠵᠤ᠂ ᠦᠷᠯᠦᠭᠡ ᠪᠤᠯᠭᠠᠨ ᠤ ᠲᠦᠷᠪᠡᠨ ᠴᠠᠭ  ᠠᠴᠠ ᠡᠬᠢᠯᠡᠨ ᠪᠠᠯᠭᠠᠰᠤᠨ ᠲᠤᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠬᠤᠭ ᠨᠤᠪᠰᠢ ᠶᠢ ᠴᠡᠪᠡᠷᠯᠡᠨ ᠲᠡᠭᠡᠭᠡᠪᠤᠷᠢᠯᠡᠵᠤ ᠬᠤᠭ ᠨᠤᠪᠰᠢ ᠰᠢᠢᠳᠪᠤᠷᠢᠯᠡᠬᠦ  ᠦᠢᠯᠡᠳᠪᠤᠷᠢ ᠳᠤ ᠵᠦᠭᠡᠭᠡᠪᠤᠷᠢᠯᠡᠨ ᠬᠦᠷᠭᠡᠳᠡᠭ ᠪᠢᠯᠡ᠃ ᠲᠡᠷᠡ ᠡᠳᠤᠷ ᠪᠤᠯᠭᠠᠨ ᠬᠤᠭ ᠨᠤᠪᠰᠢ ᠶᠢ ᠲᠡᠭᠡᠭᠡᠪᠤᠷᠢᠯᠡᠬᠦ ᠲᠡᠷᠭᠡᠨ ᠳᠤ 336 ᠤᠳᠠᠭ᠎ᠠ ᠭᠠᠷᠴᠤ ᠪᠠᠭᠤᠨ᠂ ᠵᠠᠭᠤ ᠰᠢᠬᠠᠮ ᠵᠢᠩ ᠤᠨ ᠬᠦᠨᠳᠤ ᠲᠠᠪᠤᠨ ᠵᠠᠭᠤᠭᠠᠳ ᠬᠤᠭ ᠤᠨ ᠰᠠᠪᠠ ᠶᠢ ᠡᠷᠭᠦᠵᠤ ᠲᠡᠷᠭᠡᠨ ᠳᠤ ᠪᠠᠨ ᠬᠤᠭ ᠶᠢ ᠨᠢ ᠰᠠᠪᠠᠯᠠᠵᠤ᠂ ᠠᠵᠢᠯ ᠤᠨ ᠬᠦᠴᠢᠷ ᠪᠡᠷᠬᠡ ᠪᠠ ᠪᠤᠵᠠᠷ ᠪᠤᠷᠲᠠᠭ ᠢ ᠬᠠᠶᠢᠬᠤᠷᠠᠯ ᠦᠭᠡᠢ᠂ ᠦᠪᠡᠷ ᠤᠨ ᠰᠢᠷᠭᠠᠭᠤ ᠬᠦᠳᠡᠯᠮᠤᠷᠢ ᠪᠠᠷ  ᠢᠶᠠᠨ ᠤᠷᠴᠢᠨ ᠲᠤᠭᠤᠷᠢᠨ ᠢᠶᠠᠨ ᠬᠠᠮᠠᠭᠠᠯᠠᠵᠤ ᠦᠵᠡᠰᠭᠦᠯᠡᠩᠲᠤ ᠰᠠᠶᠢᠬᠠᠨ ᠦᠤᠰᠢᠨ ᠬᠤᠰᠢᠭᠤᠨ ᠤ ᠪᠦᠲᠦᠭᠡᠨ ᠪᠡᠶᠢᠭᠤᠯᠤᠯᠲᠠ ᠳᠤ ᠦᠪᠡᠷ ᠤᠨ ᠬᠤᠪᠢ ᠨᠡᠮᠡᠷᠢ ᠪᠠᠨ ᠡᠷᠭᠦᠵᠤ ᠶᠠᠪᠤᠨ᠎ᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号