ᠮᠠᠨ ᠤ ᠬᠤᠰᠢᠭᠤᠨ ᠤ ᠬᠤᠶᠠᠷ ᠬᠤᠰᠢᠭᠤᠴᠢ ᠠᠩᠬᠢ ᠶᠢᠨ ᠲᠤᠮᠳᠠ ᠠᠩᠬᠢ ᠨᠢ ᠪᠦᠬᠦ ᠤᠯᠤᠰ ᠤᠨ ᠰᠢᠯᠢᠳᠡᠭ ᠬᠤᠰᠢᠭᠤᠴᠢ ᠠᠩᠭᠢ ᠪᠣᠯᠣᠯ᠎ᠠ
ᠨᠡᠶᠢᠲᠡᠯᠡᠭᠰᠡᠨ ᠴᠠᠭ᠄
2018-10-22
      ᠤᠶᠢᠷ᠎ᠠ ᠶᠢᠨ ᠡᠳᠦᠷ ᠪᠦᠬᠦ ᠤᠯᠤᠰ ᠤᠨ ᠬᠤᠰᠢᠭᠤᠴᠢ ᠠᠩᠬᠢ ᠶᠢᠨ ᠠᠵᠢᠯ ᠤᠨ ᠵᠦᠪᠯᠡᠯ ᠠᠴᠠ 2017 ᠤᠨ ᠤ ᠪᠦᠬᠦ ᠤᠯᠤᠰ ᠤᠨ ᠰᠢᠯᠢᠳᠡᠭ ︽ᠵᠢᠪᠬᠤᠭᠠᠲᠤ ᠪᠠᠭᠠᠴᠤᠳ︾ ᠤᠨ ᠲᠤᠮᠳᠠ ᠠᠩᠬᠢ ᠶᠢᠨ ᠱᠠᠩᠨᠠᠯ ᠬᠦᠷᠳᠡᠭᠰᠡᠳ ᠢ ᠨᠡᠶᠢᠳᠡᠯᠡᠵᠦ᠂ ᠦᠤᠰᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠲᠠᠪᠤᠳᠤᠭᠠᠷ ᠤᠨ ᠤ ᠲᠠᠪᠤᠳᠤᠭᠠᠷ ᠠᠩᠬᠢ ᠪᠤᠯᠤᠨ ᠬᠤᠵᠢᠷᠲᠤ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠬᠤᠰᠢᠭᠤᠴᠢ ᠠᠩᠬᠢ ᠶᠢᠨ ᠲᠤᠮᠳᠠ ᠠᠩᠬᠢ ᠨᠢ ᠡᠨᠡᠬᠦ ᠨᠡᠷᠡᠰ ᠤᠨ ᠵᠢᠭᠰᠠᠭᠠᠯᠲᠠ ᠳᠤ ᠤᠷᠤᠵᠤ ᠢᠷᠠᠭᠤ ᠠᠯᠳᠠᠷ ᠤᠨ ᠴᠤᠯᠠ ᠬᠦᠷᠳᠡᠯ᠎ᠡ᠃      ᠦᠤᠰᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠲᠠᠪᠤᠳᠤᠭᠠᠷ ᠤᠨ ᠤ ᠲᠠᠪᠤᠳᠤᠭᠠᠷ ᠠᠩᠬᠢ ᠨᠢ ᠭᠠᠷᠠᠭ ᠪᠣᠯᠭᠠᠨ ᠤ ᠬᠤᠰᠢᠭᠤᠴᠢ ᠠᠩᠬᠢ ᠶᠢᠨ ᠬᠦᠳᠡᠯᠭᠡᠭᠡᠨ ᠳᠤ ᠪᠠᠨ ᠮᠣᠩᠭᠤᠯ ᠰᠣᠷᠣᠭᠴᠢᠳ ᠤᠨ ᠬᠢᠳᠡᠳ ᠮᠤᠩᠭᠤᠯ ᠬᠤᠶᠠᠷ ᠬᠡᠯᠡ ᠪᠠᠷ ᠬᠤᠯᠢᠯᠳᠤᠭᠤᠯᠤᠨ ᠶᠠᠷᠢᠵᠤ ᠪᠠᠶᠢᠭ᠎ᠠ ᠪᠤᠳᠠᠲᠤ ᠪᠠᠶᠢᠳᠠᠯ ᠳᠤ ᠴᠢᠭᠯᠡᠬᠦᠯᠦᠨ ︽ᠡᠬᠡ ᠬᠡᠯᠡ ᠪᠠᠨ ᠡᠪᠯᠢᠭ ᠰᠠᠶᠢᠬᠠᠨ ᠶᠠᠷᠢᠵᠠᠭᠠᠶ᠎ᠠ︾ ︽ᠰᠤᠳᠤᠨ ᠰᠠᠶᠢᠬᠠᠨ ᠵᠠᠩ ᠵᠠᠩᠰᠢᠯ︾ ᠬᠡᠬᠦ ᠮᠡᠲᠤ ᠶᠢᠨ ᠲᠤᠰᠬᠠᠢ ᠰᠡᠳᠦᠪᠲᠤ ᠰᠢᠷᠢᠰ ᠠᠵᠢᠯᠯᠠᠭ᠎ᠠ ᠦᠷᠨᠢᠬᠦᠯᠵᠦ᠂ ᠭᠡᠷ ᠤᠨ ᠠᠬᠠᠮᠠᠳ ᠲᠠᠢ ᠬᠠᠪᠰᠣᠷᠣᠯᠴᠠᠨ ᠪᠦᠬᠦ ᠬᠤᠰᠢᠭᠤᠨ ᠤ ᠡᠯ᠎ᠠ ᠪᠠᠶᠢᠭᠤᠯᠭ᠎ᠠ ᠨᠢᠭᠡᠴᠢ ᠶᠢᠨ ᠨᠡᠷ᠎ᠡ ᠳᠣᠮᠢᠶ᠎ᠠ ᠪᠣᠯᠣᠨ ᠠᠮᠢᠳᠤᠷᠠᠯ ᠤᠨ ᠬᠡᠷᠡᠭᠯᠡᠭᠡᠨ ᠤᠨ ᠦᠭᠡᠰ ᠢ ᠴᠡᠪᠡᠷ ᠮᠤᠩᠭᠤᠯ ᠢᠶᠠᠷ ᠶᠠᠷᠢᠵᠤ ᠰᠤᠷᠤᠭᠠᠳ ᠪᠦᠬᠦ ᠤᠯᠤᠰ ᠤᠨ ᠰᠢᠯᠢᠳᠡᠭ ︽ᠵᠢᠪᠬᠤᠭᠠᠲᠤ ᠪᠠᠭᠠᠴᠤᠳ︾ ᠤᠨ ᠲᠤᠮᠳᠠ ᠠᠩᠬᠢ ᠶᠢᠨ ᠱᠠᠩᠨᠠᠯ ᠢ ᠲᠤᠰᠤᠯ᠎ᠠ᠃      ᠣᠶᠢᠷ᠎ᠠ ᠶᠢᠨ ᠵᠢᠯ ᠠᠴᠠ ᠨᠠᠰᠢ ᠦᠤᠰᠢᠨ ᠬᠤᠰᠢᠭᠤᠨ ᠤ ᠡᠪᠯᠡᠯ ᠤᠨ ᠬᠤᠷᠢᠶ᠎ᠠ ᠪᠤᠯᠤᠨ ᠬᠤᠰᠢᠭᠤᠴᠢ ᠠᠩᠬᠢ  ᠶᠢᠨ ᠠᠵᠢᠯ ᠤᠨ ᠵᠦᠪᠯᠡᠯ ᠨᠢ ᠪᠦᠬᠦ ᠬᠤᠰᠢᠭᠤᠨ ᠤ ᠲᠤᠮᠳᠠᠲᠤ ᠪᠠᠭ᠎ᠠ ᠰᠤᠷᠭᠠᠭᠤᠯᠢ ᠨᠤᠭᠤᠳ ᠲᠤ ︽ᠵᠢᠪᠬᠤᠭᠠᠲᠤ ᠪᠠᠭᠠᠴᠤᠳ︾ ᠲᠤᠮᠳᠠ ᠠᠩᠬᠢ ᠶᠢᠨ ᠬᠦᠳᠡᠯᠭᠡᠭᠡᠨ ᠢ ᠢᠳᠡᠪᠬᠢᠳᠡᠢ ᠵᠤᠬᠢᠶᠠᠨ ᠪᠠᠶᠢᠭᠤᠯᠵᠤ᠂ ᠡᠯ᠎ᠡ ᠰᠤᠷᠭᠠᠭᠤᠯᠢ ᠤᠨ ᠬᠤᠰᠢᠭᠤᠴᠢ ᠠᠩᠬᠢ ᠶᠢᠨ ᠲᠤᠮᠳᠠ ᠠᠩᠬᠢ ᠨᠢ ᠠᠵᠢᠯ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠵᠢᠵᠢᠭ ᠰᠢᠨ᠎ᠡ ᠶᠢ ᠡᠬᠦᠳᠦᠭᠴᠢ︾ ︽ᠪᠢᠴᠢᠬᠠᠨ ᠨᠤᠮ ᠤᠨ ᠬᠤᠷᠤᠬᠠᠢ︾ ᠬᠡᠬᠦ ᠮᠡᠳᠦ ᠭᠤᠤᠯ ᠰᠡᠳᠦᠪ ᠢᠯᠡ ᠲᠤᠳᠤ ᠂ ᠠᠭᠤᠯᠭ᠎ᠠ ᠪᠠᠷ ᠪᠠᠶᠠᠯᠢᠭ ᠠᠵᠢᠯᠯᠭ᠎ᠠ ᠦᠷᠨᠢᠬᠦᠯᠵᠦ ᠪᠠᠶᠢᠨ᠎ᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号