︽ᠨᠢᠩᠵᠢᠨ ᠬᠠᠶᠢᠷ᠎ᠠ︾ ᠬᠤᠯᠪᠤᠭ᠎ᠠ ᠠᠮᠢᠨ᠎ᠠ ᠶᠢ ᠲᠤᠰᠠᠯᠠᠪᠠ
ᠨᠡᠶᠢᠲᠡᠯᠡᠭᠰᠡᠨ ᠴᠠᠭ᠄
2018-10-22
      ᠵᠢᠷᠬᠢᠶ᠎ᠡ ᠬᠤᠯᠪᠣᠭᠠᠨ ᠤ ᠦᠷᠭᠡᠵᠢᠨ ᠬᠦᠭᠵᠢᠬᠦ ᠶᠢ ᠲᠠᠭᠠᠯᠳᠤᠨ ᠪᠤᠶᠠᠨᠰᠠᠭ ᠰᠡᠳᠬᠢᠯ ᠲᠠᠢ ᠬᠦᠮᠥᠰ ᠵᠢᠷᠬᠢᠶ᠎ᠡ ᠬᠤᠯᠪᠤᠭ᠎ᠠ ᠪᠠᠶᠢᠭᠤᠯᠤᠨ ᠨᠡᠶᠢᠭᠡᠮ ᠨᠠᠶᠢᠳᠠ ᠳᠤ ᠠᠰᠢᠭᠳᠠᠢ᠂ ᠵᠥᠪ ᠡᠨᠧᠷᠭᠢ ᠶᠢ ᠲᠠᠮᠵᠢᠭᠤᠯᠬᠤ ᠠᠵᠢᠯᠯᠠᠭ᠎ᠠ ᠶᠢ ᠦᠷᠨᠢᠭᠦᠯᠭᠦ ᠨᠢ ᠣᠯᠠᠰᠢᠷᠠᠯ᠎ᠠ᠃ 10 ᠰᠠᠷ᠎ᠠ ᠶᠢᠨ 14 ᠤ ᠡᠳᠤᠷ᠂ ︽ᠨᠢᠩᠵᠢᠨ ᠬᠠᠶᠢᠷ᠎ᠠ︾ ᠬᠤᠯᠪᠤᠭᠠᠨ ᠤ ᠭᠡᠰᠢᠭᠦᠳ ᠴᠢᠰᠤᠨ ᠢᠯᠳᠠᠰᠤ ᠰᠢᠩᠭᠡᠷᠡᠭᠦ ᠡᠪᠡᠳᠴᠢᠨ ᠤᠷᠤᠭᠰᠠᠨ ᠪᠢᠴᠢᠬᠠᠨ ᠠᠮᠢᠨ᠎ᠠ ᠶᠢ ᠲᠠᠮᠵᠢᠨ ᠲᠤᠰᠠᠯᠠᠵᠤ ᠨᠡᠶᠢᠭᠡᠮ ᠨᠠᠶᠢᠳᠠ ᠶᠢᠨ ᠬᠠᠯᠠᠭᠤᠨ ᠬᠠᠶᠢᠷ᠎ᠠ ᠶᠢ ᠬᠦᠷᠳᠡᠯ᠎ᠡ᠃      ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤᠨ ᠤ ᠮᠦᠩᠭᠡᠴᠢ ᠭᠠᠴᠠᠭᠠᠨ ᠤ ᠪᠠᠶᠠᠨᠳᠠᠯᠠᠢ 2007 ᠤᠨ  ᠳᠤ ᠲᠡᠷᠭᠡᠨ ᠠᠳᠡᠯ ᠠᠴᠠ ᠪᠤᠯᠵᠤ ᠨᠢᠭᠡ ᠬᠥᠯ ᠨᠢ ᠵᠡᠮᠳᠡᠭ ᠪᠤᠯᠵᠤ ᠭᠡᠷ ᠤᠨ ᠬᠦᠨᠳᠤ ᠠᠵᠢᠯ ᠬᠢᠭᠦ ᠴᠢᠳᠠᠪᠤᠷᠢ ᠦᠭᠡᠢ ᠪᠤᠯᠤᠭᠰᠠᠨ ᠪᠠᠶᠢᠨ᠎ᠠ᠃ ᠭᠠᠢ ᠭᠠᠵᠠᠷ ᠲᠤᠤᠷ᠎ᠠ ᠠᠴᠠ ᠭᠡᠳᠡᠭᠴᠢᠯᠡᠨ 2015 ᠤᠨ ᠳᠤ ᠠᠮᠢᠨ ᠬᠠᠶᠢᠷᠠᠳᠠᠢ ᠭᠡᠤᠭᠡᠨ  ᠨᠢ ᠴᠢᠰᠤᠨ ᠢᠯᠳᠠᠰᠤ ᠰᠢᠩᠭᠡᠷᠡᠭᠦ ᠡᠪᠡᠳᠴᠢᠨ ᠤᠷᠤᠵᠤ ᠤᠳᠤ ᠪᠤᠯᠲᠠᠯ᠎ᠠ ᠪᠠᠷᠤᠭ ᠶᠡᠷᠢᠭᠡᠳ ᠲᠦᠮᠡᠨ ᠲᠦᠭᠦᠷᠢᠭ ᠵᠠᠷᠤᠴᠠᠭᠤᠯᠵᠤ ᠬᠦᠳᠡᠯᠮᠤᠷᠢ ᠬᠥᠴᠦ ᠬᠦᠷᠦᠯᠴᠡᠭᠦ ᠦᠭᠡᠢ ᠪᠠᠶᠢᠭᠰᠠᠨ ᠡᠨᠡ ᠠᠶᠢᠯ ᠤᠨ ᠠᠮᠢᠳᠤᠷᠠᠯ ᠤᠨ ᠲᠠᠷᠤᠭᠠᠰᠤ ᠶᠢ ᠤᠯᠠᠮ ᠬᠦᠨᠳᠤᠷᠠᠭᠦᠯᠵᠢ᠃ ᠡᠨᠡ ᠪᠠᠶᠢᠳᠠᠯ ᠢ ᠤᠶᠢᠯᠠᠭᠠᠨ ᠮᠡᠳᠡᠭᠰᠡᠨ ︽ᠨᠢᠩᠵᠢᠨ ᠬᠠᠶᠢᠷ᠎ᠠ︾ ᠬᠤᠯᠪᠤᠭ᠎ᠠ ᠶᠢᠨ ᠬᠢᠨ ᠬᠤᠷᠠᠮᠳᠤᠭᠤᠯᠵᠤ ᠴᠤᠭᠯᠠᠭᠤᠯᠤᠭᠰᠠᠨ 2000 ᠲᠦᠭᠦᠷᠢᠭ ᠢᠶᠠᠷ ᠡᠳᠡᠨ ᠤ ᠬᠢ ᠶᠢ ᠲᠠᠮᠵᠢᠨ ᠲᠤᠰᠠᠯᠠᠵᠤ᠂ ᠪᠢᠴᠢᠬᠠᠨ ᠠᠮᠢᠨ᠎ᠠ ᠭᠡᠤᠭᠡᠨ ᠤ ᠡᠷᠲᠡ ᠨᠢᠭᠡᠨ ᠡᠳᠤᠷ ᠡᠷᠡᠭᠦᠯᠵᠢᠭᠦ ᠶᠢ ᠬᠦᠰᠡᠭᠰᠡᠨ ᠪᠠᠶᠢᠨ᠎ᠠ᠃      ︽ᠨᠢᠩᠵᠢᠨ ᠬᠠᠶᠢᠷ᠎ᠠ︾ ᠬᠤᠯᠪᠤᠭ᠎ᠠ 2017 ᠤᠨ ᠳᠤ ᠪᠠᠶᠢᠭᠤᠯᠤᠭᠳᠠᠬᠤ ᠳᠤ ᠪᠠᠨ 9 ᠬᠦᠮᠦᠨ ᠲᠠᠢ ᠪᠠᠶᠢᠵᠤ᠂ ᠰᠡᠭᠦᠯᠡᠷ ᠤᠯᠠᠨ ᠤᠳᠠᠭᠠᠨ ᠤ ᠪᠤᠶᠠᠨ ᠤ ᠠᠵᠢᠯᠯᠠᠭ᠎ᠠ ᠪᠠᠷ ᠲᠠᠮᠵᠢᠭᠠᠳ ᠤᠳᠤ ᠪᠤᠯᠬᠤ ᠳᠤ ᠬᠤᠷᠢᠨ ᠭᠡᠳᠤᠨ ᠬᠦᠮᠦᠨ ᠪᠤᠯᠤᠨ ᠪᠤᠵᠠᠭᠠᠶᠢᠷᠠᠭᠰᠠᠨ ᠪᠠᠶᠢᠨ᠎ᠠ᠃ ︽ᠨᠢᠩᠵᠢᠨ ᠬᠠᠶᠢᠷ᠎ᠠ︾ ᠬᠤᠯᠪᠤᠭ᠎ᠠ ᠪᠤᠯ ᠤᠷᠳᠤᠰ ᠤᠨ ᠡᠯ᠎ᠡ ᠬᠤᠰᠢᠭᠤᠨ ᠤ ᠰᠠᠶᠢᠨ ᠲᠤᠷᠠᠴᠤᠳ ᠢᠶᠠᠷ ᠪᠦᠷᠢᠯᠳᠥᠭᠰᠡᠨ ᠪᠤᠶᠠᠨ ᠤ ᠠᠵᠢᠯᠯᠠᠭ᠎ᠠ ᠬᠢᠳᠡᠭ ᠬᠤᠯᠪᠣᠭ᠎ᠠ ᠪᠤᠯᠤᠨ᠎ᠠ᠃ ᠬᠤᠯᠪᠤᠭ᠎ᠠ ᠪᠠᠶᠢᠭᠤᠯᠣᠭᠳᠠᠭᠠᠳ ᠵᠢᠯ ᠭᠠᠷᠤᠢ ᠶᠢᠨ ᠬᠤᠭᠤᠴᠠᠭᠠᠨ ᠳᠤ ᠬᠠᠩᠬᠢᠨ᠂ ᠤᠳᠤᠭ᠂ ᠦᠤᠰᠢᠨ ᠵᠡᠷᠭᠡ ᠭᠠᠵᠠᠷ ᠤᠨ ᠶᠠᠳᠠᠭᠤ ᠬᠦᠴᠢᠷᠳᠡᠯᠳᠡᠢ ᠵᠢᠷᠭᠤᠭᠠᠨ ᠡᠷᠤᠭᠡ ᠶᠢ ᠲᠡᠮᠵᠢᠨ ᠲᠤᠰᠠᠯᠠᠭᠰᠠᠨ ᠪᠠᠶᠢᠨ᠎ᠠ᠃      ︽ᠨᠢᠩᠵᠢᠨ ᠬᠠᠶᠢᠷ᠎ᠠ︾ ᠬᠤᠯᠪᠤᠭᠠᠨ ᠤ ᠠᠬᠠᠯᠠᠭᠴᠢ ᠰᠤᠳᠣᠪᠢᠯᠢᠭ᠌᠄ ︽ᠮᠠᠨ ᠤ ᠬᠤᠯᠪᠤᠭ᠎ᠠ ᠶᠢᠨ ᠭᠡᠰᠢᠭᠦᠳ ᠰᠠᠶᠢᠨ ᠲᠤᠷ᠎ᠠ ᠠᠴᠠ ᠰᠠᠷ᠎ᠠ ᠪᠦᠷᠢ 30 ᠲᠦᠭᠦᠷᠢᠭ ᠲᠤᠰᠢᠶᠠᠳᠠᠭ᠂ ᠮᠠᠨ ᠤ ᠬᠢᠨ ᠲᠤᠰᠬᠠᠢ ᠵᠤᠭᠤᠰ ᠬᠤᠷᠢᠶᠠᠳᠠᠭ ᠬᠦᠮᠦᠨ ᠲᠠᠢ᠂ ᠡᠨᠡ ᠵᠤᠭᠤᠰ ᠢᠶᠠᠨ ᠬᠤᠷᠢᠶᠠᠵᠤ ᠪᠠᠶᠢᠭᠠᠳ ᠬᠦᠴᠢᠷᠳᠡᠯᠳᠠᠢ ᠠᠶᠢᠯ ᠡᠷᠤᠭᠡ ᠲᠠᠭᠠᠷᠠᠪᠠᠯ ᠡᠨᠡ ᠵᠤᠭᠤᠰ  ᠢᠶᠠᠷ ᠢᠶᠠᠨ ᠲᠤᠰᠠᠯᠠᠳᠠᠭ᠃ ᠲᠠᠷᠠᠭᠠᠴᠢ ᠢᠶᠠᠷ ᠪᠢᠳᠠ ᠠᠶᠢᠯ ᠳᠤ ᠠᠵᠢᠯ ᠬᠢᠵᠦ ᠦᠭᠭᠦ᠂ ᠮᠡᠷᠭᠡᠵᠢᠯ ᠤᠨ ᠲᠠᠯ᠎ᠠ ᠪᠠᠷ ᠵᠢᠯᠤᠭᠤᠳᠤᠯᠭ᠎ᠠ ᠬᠠᠪᠰᠤᠷᠤᠯᠭ᠎ᠠ ᠦᠵᠡᠭᠦᠯᠬᠦ᠂ ᠮᠤᠳᠣ ᠲᠠᠷᠢᠬᠤ ᠮᠡᠲᠤ ᠶᠢᠨ ᠠᠵᠢᠯᠯᠠᠭ᠎ᠠ ᠨᠤᠭᠤᠳ ᠢ ᠦᠷᠨᠢᠭᠦᠯᠤᠶ᠎ᠡ ᠭᠡᠵᠤ ᠪᠤᠳᠤᠵᠤ ᠪᠠᠶᠢᠨ᠎ᠠ︾ ᠭᠡᠯ᠎ᠡ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号