10 ᠰᠠᠷ᠎ᠠ ᠶᠢᠨ 17 ᠤ ᠡᠳᠦᠷ᠂ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ | ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠡᠯᠲᠡ ᠶᠢ ᠬᠦᠯᠢᠶᠡᠬᠦ ᠰᠠᠭᠤᠳᠠᠯ ᠤᠨ ᠬᠤᠷᠠᠯ ᠢ | ᠬᠤᠷᠠᠯᠳᠤᠭᠤᠯᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠳ᠋ ᠲᠠᠷᠢᠭᠦᠯᠡᠭᠴᠢ ᠯᠧᠢ · ᠬᠠᠰ ᠪᠤᠯᠤᠨ | ᠣᠯᠣᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠪᠴᠢᠶᠠᠨ ᠤ ᠠᠵᠢᠯᠲᠠᠳ ᠰᠠᠭᠤᠳᠠᠯ ᠤᠨ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠠᠴᠠ | ᠭᠤᠣᠯᠳᠠᠯᠭᠠᠲᠣ ᠠᠵᠢᠯ ᠢ ᠥᠷᠨᠢᠬᠦᠯᠵᠦ ᠪᠠᠶᠢᠭ᠎ᠠ ᠪᠠᠶᠢᠳᠠᠯ ᠵᠢᠴᠢ ᠣᠷᠣᠰᠢᠵᠣ ᠪᠠᠶᠢᠭ᠎ᠠ ᠠᠰᠠᠭᠤᠳᠠᠯ ᠳᠤ ᠬᠠᠷᠢᠭᠤ | ᠮᠡᠳᠡᠭᠦᠯᠥᠯᠳᠠ ᠭᠢᠵᠤ ᠳᠠᠷᠠᠭᠠᠴᠢ ᠶᠢᠨ ᠠᠯᠬᠤᠮ ᠤᠨ ᠠᠵᠢᠯ ᠳᠤ ᠪᠠᠨ ᠪᠠᠶᠢᠷᠢᠯᠠᠭᠤᠯᠤᠯᠳᠠ ᠲᠣᠬᠢᠷᠠᠭᠤᠯᠣᠯᠲᠠ ᠭᠢᠪᠠ᠃ | | ᠬᠤᠷᠠᠯ ᠳᠡᠭᠡᠷ᠎ᠡ ᠯᠧᠢ · ᠬᠠᠰ ᠵᠢᠭᠠᠵᠦ ᠭᠠᠷᠭᠠᠬᠤ ᠳᠤ ᠪᠠᠨ᠂ ᠠᠷᠠᠳᠴᠢᠯᠠᠯ ᠤᠨ ᠬᠢᠨᠠᠯᠲᠠ ᠨᠢ ᠠᠷᠠᠳ | ᠤᠨ ᠣᠯᠣᠰ ᠲᠦᠷᠦ ᠶᠢᠨ ᠵᠦᠪᠯᠡᠯᠭᠡᠨ ᠤ ᠭᠤᠷᠪᠠᠨ ᠶᠡᠭᠡ ᠡᠭᠦᠷᠭᠡ ᠲᠤᠰᠢᠶᠠᠯ ᠤᠨ ᠨᠢᠭᠡ᠂ ᠨᠡᠶᠢᠬᠡᠮ ᠵᠢᠷᠦᠮ ᠤᠨ | ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠡᠭᠦᠷᠭᠡ ᠮᠦᠷᠳᠡᠭᠡᠨ ᠤᠯᠤᠰ ᠤᠨ | ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠲᠤᠭᠠᠳᠤ | ᠱᠠᠭᠠᠷᠳᠠᠯᠭ᠎ᠠ ᠮᠦᠨ᠃ ᠠᠷᠠᠳᠴᠢᠯᠠᠯ ᠤᠨ ᠬᠢᠨᠠᠯᠲᠠ ᠶᠢ ᠶᠠᠪᠤᠭᠳᠠᠭᠤᠯᠳᠠᠭ ᠨᠢ ᠳᠠᠷᠤᠢ ᠬᠢᠨᠠᠯᠲᠠ ᠳᠤᠮᠳᠠ ᠳᠡᠮᠵᠢᠵᠦ᠂ | ᠬᠢᠨᠡᠯᠲᠡ ᠲᠤᠮᠳᠠ ᠦᠢᠯᠡᠴᠢᠯᠡᠵᠦ᠂ ᠰᠠᠯᠠᠭ᠎ᠠ ᠮᠦᠴᠢᠷ ᠢ ᠬᠠᠪᠰᠤᠷᠤᠨ ᠠᠵᠢᠯ ᠢᠶᠠᠨ ᠬᠠᠯᠠᠨ ᠰᠠᠶᠢᠵᠢᠷᠠᠭᠤᠯᠵᠦ ᠠᠵᠢᠯ | ᠤᠨ ᠦᠷ᠎ᠡ ᠪᠦᠲᠦᠭᠡᠯ ᠢ ᠳᠡᠭᠡᠭᠰᠢᠯᠡᠬᠦᠯᠤᠨ ᠤᠯᠠᠨ ᠲᠦᠮᠡᠨ ᠳᠤ ᠨᠡᠩ ᠣᠯᠠᠨ ᠬᠦᠷᠳᠡᠮᠵᠢ ᠶᠢᠨ ᠲᠦᠷᠦᠭᠳᠡᠯ | ᠤᠯᠭᠤᠬᠤ ᠶᠢᠨ ᠲᠦᠯᠦᠭᠡ ᠶᠤᠮ ᠭᠡᠪᠡ᠃ | | | | | | | ᠬᠤᠷᠠᠯ ᠳᠡᠭᠡᠷ᠎ᠡ ᠯᠧᠢ · ᠬᠠᠰ ᠴᠢᠬᠤᠯᠠᠴᠢᠯᠠᠬᠤ ᠳᠠᠭᠠᠨ᠂ ᠠᠷᠠᠳᠴᠢᠯᠠᠯ ᠤᠨ ᠬᠢᠨᠠᠯᠲᠠ ᠳᠤ ᠣᠷᠣᠯᠴᠠᠵᠦ | ᠪᠠᠶᠢᠭ᠎ᠠ ᠣᠯᠣᠰ ᠲᠦᠷᠦ ᠶᠢᠨ ᠵᠦᠪᠯᠡᠯᠭᠡᠨ ᠤ ᠬᠡᠰᠢᠬᠦᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠦᠨᠡᠨᠬᠦ ᠰᠠᠶᠢᠲᠤᠷ ᠬᠦᠢᠴᠡᠳᠬᠡᠵᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ | ᠰᠶᠢᠳᠪᠤᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠠᠷᠠᠳᠴᠢᠯᠠᠭᠰᠠᠨ ᠬᠢᠨᠠᠯᠲᠠ ᠶᠢ | ᠦᠷᠨᠢᠬᠦᠯᠵᠦ ᠳᠣᠷᠠᠳᠤᠭᠰᠠᠨ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠶᠢᠨ ᠦᠨᠳᠦᠷᠴᠡ ᠪᠠ ᠶᠡᠷᠤᠩᠬᠡᠢ ᠲᠠᠯ᠎ᠠ ᠠᠴᠠ | ᠭᠤᠤᠯᠳᠠᠯᠭ᠎ᠠ ᠨᠢ ᠲᠤᠪᠤᠶᠢᠮ᠎ᠠ᠂ ᠤᠨᠢᠨ ᠳᠡᠭᠡᠷ᠎ᠡ ᠨᠢ ᠬᠦᠴᠦᠯᠡᠵᠦ᠂ ᠲᠤᠳᠤᠷᠬᠠᠢ ᠵᠤᠷᠢᠯᠭ᠎ᠠ ᠲᠠᠢ ᠠᠵᠢᠯᠯᠠᠬᠤ ᠶᠢ | ᠦᠨᠡᠨᠬᠦ ᠪᠡᠶᠡᠯᠡᠬᠦᠯᠬᠦ ᠬᠡᠷᠡᠭᠲᠡᠢ᠃ ᠠᠷᠠᠳᠴᠢᠯᠠᠯ ᠤᠨ ᠬᠢᠨᠠᠯᠲᠠ ᠶᠢ ᠬᠦᠯᠢᠶᠡᠵᠦ ᠪᠠᠶᠢᠭ᠎ᠠ ᠪᠠᠶᠢᠭᠤᠯᠭ᠎ᠠ ᠨᠢᠭᠡᠴᠢ ᠨᠢ | ᠲᠣᠰ ᠲᠦᠷᠦᠯ ᠤᠨ ᠠᠵᠢᠯ ᠢ ᠳᠡᠭᠡᠲᠣ ᠬᠡᠮᠵᠢᠶ᠎ᠠ ᠪᠠᠷ ᠴᠢᠬᠤᠯᠠᠴᠢᠯᠠᠨ ᠦᠵᠡᠵᠦ ᠬᠠᠷᠢᠭᠤᠴᠠᠯᠭ᠎ᠠ ᠪᠠᠨ ᠴᠢᠩᠭ᠎ᠠ | ᠡᠭᠦᠷᠭᠡᠯᠡᠨ ᠠᠵᠢᠯ ᠤᠨ ᠲᠣᠮᠲᠠ ᠲᠣᠯᠭᠠᠷᠠᠭᠰᠠᠨ ᠠᠰᠠᠭᠤᠳᠠᠯ ᠪᠤᠯᠤᠨ ᠪᠠᠶᠢᠳᠠᠯ ᠢᠶᠠᠨ ᠴᠠᠭ ᠢᠮᠠᠭᠲᠠ ᠬᠠᠷᠢᠭᠤ | ᠮᠡᠳᠡᠭᠦᠯᠵᠦ ᠬᠡᠷᠡᠭᠵᠢᠭᠦᠯᠦᠬᠦᠰᠢᠲᠡᠢ ᠰᠠᠨᠠᠯ ᠰᠠᠨᠤᠭᠤᠯᠭᠠ ᠪᠠᠨ ᠲᠣᠷᠠᠳᠬᠤ ᠬᠡᠷᠡᠭᠲᠡᠢ᠃ ᠠᠷᠠᠳᠴᠢᠯᠠᠯ ᠤᠨ ᠬᠢᠨᠠᠯᠲᠠ | ᠶᠢ ᠬᠦᠯᠢᠶᠡᠬᠦ ᠠᠵᠢᠯ ᠢ ᠰᠢᠨ᠎ᠡ ᠨᠢᠭᠡ ᠲᠦᠪᠰᠢᠨ ᠳᠤ ᠬᠦᠷᠭᠡᠵᠦ ᠮᠠᠨ ᠤ ᠬᠤᠰᠢᠭᠤᠨ ᠤ ︽ᠨᠤᠮᠢᠨ ᠲᠠᠩᠰᠤᠭ | ᠬᠦᠭᠵᠢᠨ ᠮᠠᠨᠳᠤᠯᠲᠠ︾ ᠶᠢ ᠪᠡᠶᠡᠯᠡᠬᠦᠯᠬᠦ ᠳᠤ ᠬᠤᠪᠢ ᠨᠡᠮᠡᠷᠢ ᠪᠠᠨ ᠡᠷᠭᠦᠭᠦ ᠪᠠᠷ ᠴᠢᠷᠮᠠᠶᠢᠬᠤ ᠬᠡᠷᠡᠭᠲᠡᠢ ᠬᠡᠪᠡ᠃ | | | | | | | ᠬᠤᠷᠠᠯ ᠤᠨ ᠳᠠᠷᠠᠭ᠎ᠠ᠂ ᠯᠧᠢ · ᠬᠠᠰ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠳ ᠣᠷᠢᠳ ᠬᠤᠵᠢᠳ | ᠵᠦᠩ ᠮᠧᠢ ᠪᠦᠯᠦᠭᠯᠡᠯ ᠤᠨ ᠣᠷᠳᠣᠰ ᠡᠨᠧᠷᠬᠢ ᠬᠢᠮᠢ ᠶᠢᠨ ᠠᠵᠤ ᠦᠢᠯᠡᠳᠪᠤᠷᠢ᠂ ᠵᠦᠩ ᠲᠢᠶᠡᠨ ᠾᠧ ᠴᠤᠸᠠᠩ | ᠡᠨᠧᠷᠬᠢ ᠶᠢᠨ ᠬᠢᠵᠠᠭᠠᠷᠲᠣ ᠬᠠᠷᠢᠭᠤᠴᠠᠯᠭᠠᠲᠤ ᠺᠤᠮᠫᠠᠨᠢ ᠵᠡᠷᠭᠡ ᠭᠠᠵᠠᠷ ᠲᠤ ᠬᠦᠷᠴᠤ ᠣᠷᠴᠢᠨ ᠲᠣᠭᠤᠷᠢᠨ ᠢ | ᠴᠡᠭᠴᠡᠯᠠᠨ ᠰᠠᠶᠢᠵᠢᠷᠠᠭᠤᠯᠤᠭᠰᠠᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ᠃ | | |