ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠦᠷᠨᠢᠭᠦᠯᠭᠦ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-10-22
     ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ 2018 ᠤᠨ ᠤ 10 ᠰᠠᠷ᠎ᠠ ᠶᠢᠨ 18 ᠤ ᠦᠳᠡ ᠶᠢᠨ ᠡᠮᠦᠨ᠎ᠠ᠂ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠦᠷᠨᠢᠭᠦᠯᠭᠦ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠡᠮᠦᠨ᠎ᠠ᠂ ᠲᠦᠪ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠳᠤ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠳᠠ ᠶᠢ ᠵᠠᠷᠯᠠᠨ ᠨᠡᠶᠢᠳᠡᠯᠡᠵᠡᠢ᠃ ᠬᠤᠷᠠᠯ ᠲᠡᠭᠡᠷ᠎ᠠ᠂ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠠᠷᠤᠭ᠎ᠠ ᠨᠢᠩ ᠶᠠᠨ ᠯᠢᠩ ᠠᠴᠠ ᠤᠳᠠᠯ ᠦᠭᠡᠢ ᠦᠷᠨᠢᠭᠦᠯᠭᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠤᠨ ᠲᠤᠬᠠᠢ ᠶᠠᠷᠢᠶ᠎ᠠ ᠲᠠᠯᠪᠢᠬᠰᠠᠨ ᠪᠦᠭᠡᠳ ᠲᠤᠭᠤᠷᠢᠨ ᠪᠠᠶᠢᠴᠠᠭᠠᠬᠤ ᠠᠵᠢᠯ ᠢ ᠬᠠᠮᠵᠢᠯᠴᠠᠵᠤ ᠰᠠᠶᠢᠳᠤᠷ ᠬᠢᠭᠦ ᠲᠤᠬᠠᠢ ᠱᠠᠭᠠᠷᠳᠠᠯᠭ᠎ᠠ ᠲᠤᠷᠠᠳᠴᠠᠢ᠃ ᠯᠢ ᠵᠢᠢ ᠾᠧᠩ ᠬᠤᠷᠠᠯ ᠢ ᠡᠷᠬᠢᠯᠡᠭᠰᠡᠨ ᠪᠦᠬᠡᠳ ᠤᠪᠤᠷ ᠢᠶᠠᠨ ᠢᠯᠡᠳᠭᠡᠭᠦ ᠶᠠᠷᠢᠶ᠎ᠠ ᠲᠠᠯᠪᠢᠵᠠᠢ᠃
     ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠡᠳ᠋ ᠲᠠᠷᠤᠭ᠎ᠠ ᠵᠢᠴᠢ ᠬᠠᠮᠢᠶ᠎ᠠ ᠪᠦᠬᠦᠢ ᠨᠦᠬᠦᠳ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠲᠡᠳ᠋ ᠨᠠᠷᠢᠨ ᠪᠢᠴᠢᠭ ᠤᠨ ᠲᠠᠷᠤᠭ᠎ᠠ᠂ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠠᠷᠤᠭ᠎ᠠ᠂ ᠶᠠᠳᠠᠭᠤ ᠶᠢ ᠲᠡᠳᠭᠦᠵᠤ ᠨᠡᠬᠡᠬᠡᠨ ᠬᠦᠭᠵᠢᠬᠦᠯᠬᠦ ᠠᠯᠪᠠᠨ ᠬᠡᠷ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠦᠴᠢᠷ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ ᠬᠤᠷᠠᠯ ᠳᠤ ᠰᠤᠯᠠ ᠤᠷᠤᠯᠴᠠᠪᠡ᠃ ᠡᠯ᠎ᠠ ᠠᠶᠢᠮᠠᠭ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠭᠦᠨ᠂ ᠠᠶᠢᠮᠠᠭ ᠬᠤᠳᠠ ᠶᠢᠨ ᠠᠷᠠᠳ ᠤᠨ ᠰᠢᠭᠦᠭᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠭᠤᠤᠯ ᠬᠠᠷᠢᠭᠤᠴᠠᠯᠭᠠᠳᠠᠨ᠂ ᠠᠶᠢᠮᠠᠭ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠵᠤᠬᠢᠶᠠᠨ ᠪᠠᠶᠢᠭᠤᠯᠬᠤ ᠬᠡᠯᠳᠡᠰ ᠤᠨ ᠤᠳᠤᠷᠢᠳᠬᠤ ᠪᠠᠭ ᠤᠨ ᠪᠦᠷᠢᠯᠳᠦᠭᠦᠨ ᠂ ᠡᠯ᠎ᠠ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠳ ᠵᠢᠴᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠤᠪᠢᠳᠠᠨ ᠬᠠᠮᠢᠶᠠᠷᠴᠤ ᠪᠦᠬᠦᠢ ᠨᠠᠮ ᠵᠠᠰᠠᠭ ᠤᠨ ᠲᠡᠳ᠋ ᠲᠤᠰᠢᠶᠠᠯᠳᠠᠨ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠬᠢ ᠶᠢᠨ ᠲᠠᠷᠤᠭ᠎ᠠ ᠨᠠᠷ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠬᠤᠷᠠᠯ ᠳᠤ ᠤᠷᠤᠯᠴᠠᠵᠠᠢ᠃      ᠨᠢᠩ ᠶᠠᠨ ᠯᠢᠩ ᠨᠦᠬᠦᠷ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠪᠠ ︽ᠬᠤᠶᠠᠷ ᠢ ᠡᠷᠡᠰ ᠬᠠᠮᠠᠭᠠᠯᠠᠬᠤ︾ ᠶᠢ ᠦᠢᠯᠡᠳᠦᠯᠭᠡᠵᠢᠭᠦᠯᠭᠦ ᠪᠤᠳᠠᠳᠠᠢ ᠢᠯᠡᠷᠡᠯ ᠮᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠱᠠᠯᠠᠪᠳᠠᠭᠤᠯᠤᠨ ᠠᠬᠢᠭᠤᠯᠬᠤ ᠪᠠ ᠲᠤᠬᠳᠠᠬᠰᠠᠨ ᠴᠠᠭ ᠲᠠᠭᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠭᠦᠷᠭᠡ ᠶᠢ ᠪᠡᠶᠡᠯᠡᠭᠦᠯᠭᠦ ᠶᠢ ᠪᠠᠳᠤᠯᠠᠬᠤ ᠴᠢᠬᠤᠯᠠ ᠶᠡᠭᠡ ᠠᠷᠭ᠎ᠠ ᠠᠪᠴᠠᠯ ᠮᠦᠨ᠂ ᠪᠠᠰᠠ ᠴᠤ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠬᠰᠠᠨ ᠠᠰᠠᠭᠤᠳᠠᠯ ᠢ ᠰᠢᠢᠳᠪᠦᠷᠢᠯᠡᠭᠦ ᠪᠤᠳᠠᠳᠠᠢ ᠦᠢᠯᠡᠳᠦᠯᠭᠡ ᠮᠦᠨ᠃ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠤᠯᠤᠨ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠪᠠᠳᠤ ᠪᠤᠢ ᠪᠤᠯᠭᠠᠨ᠂ ᠦᠨᠡᠨ ᠬᠦ ᠦᠵᠡᠯ ᠰᠠᠨᠠᠭ᠎ᠠ ᠪᠤᠯᠤᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠯᠭᠠᠵᠤ᠂ ᠬᠠᠷᠢᠭᠤᠴᠠᠯᠭᠠᠳᠦ ᠰᠡᠳᠬᠢᠯᠭᠡ᠂ ᠡᠭᠦᠷᠭᠡᠳᠦ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠩᠭᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠬᠦᠯᠢᠶᠡᠭᠦ ᠤᠬᠠᠮᠰᠠᠷ ᠢᠶᠠᠨ ᠴᠢᠩᠭᠠᠷᠠᠭᠤᠯᠵᠤ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠳᠡᠢ ᠲᠡᠮᠵᠢᠨ ᠬᠠᠮᠵᠢᠯᠴᠠᠵᠤ᠂ ᠢᠵᠢᠯ ᠴᠢᠭᠯᠡᠯ ᠢᠶᠠᠷ ᠬᠦᠴᠦᠯᠡᠨ᠂ ᠨᠠᠮ ᠤᠨ ᠲᠦᠪ ᠬᠤᠷᠢᠶ᠎ᠠ ᠶᠢᠨ ᠲᠤᠰᠢᠶᠠᠬᠰᠠᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠡᠭᠦᠷᠭᠡ ᠶᠢ ᠬᠠᠮᠳᠤ ᠪᠠᠷ ᠰᠠᠶᠢᠳᠤᠷ ᠪᠡᠶᠡᠯᠡᠭᠦᠯᠭᠦ ᠬᠡᠷᠡᠭᠳᠡᠢ᠃ ᠤᠬᠠᠮᠰᠠᠷ ᠠᠴᠠ ᠪᠠᠨ ᠲᠦᠪ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠤᠷᠤᠨ ᠤ ᠪᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠷᠢᠶᠡᠨ ᠳᠤ ᠤᠷᠤᠰᠢᠵᠤ ᠪᠦᠬᠦᠢ ᠠᠰᠠᠭᠤᠳᠠᠯ ᠪᠤᠯᠤᠨ ᠬᠦᠷᠦᠯᠴᠡᠭᠦ ᠦᠭᠡᠢ ᠲᠠᠯ᠎ᠠ ᠪᠠᠨ ᠰᠠᠨᠠᠭᠠᠴᠢᠯᠠᠭ᠎ᠠ ᠠᠴᠠ ᠪᠠᠨ ᠡᠷᠢᠨ ᠰᠢᠰᠲ᠋ᠧᠮ ᠲᠠᠢ ᠪᠠᠷ ᠡᠮᠬᠢᠯᠡᠨ ᠲᠢᠭᠯᠡᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠂ ᠪᠠᠷᠢᠨ ᠬᠡᠷᠡᠭᠵᠢᠭᠦᠯᠦᠨ ᠪᠠᠷᠢᠨ ᠰᠠᠶᠢᠵᠢᠷᠠᠭᠤᠯᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠠᠯᠳᠠᠭ᠎ᠠ ᠲᠤᠳᠠᠬᠳᠠᠯ ᠢᠶᠠᠨ ᠨᠦᠬᠦᠪᠦᠷᠢᠯᠡᠨ᠂ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠵᠤ᠂ ᠲᠤᠰᠬᠠᠢ ᠲᠤᠭᠤᠷᠢᠨ ᠪᠠᠶᠢᠴᠠᠭᠠᠯᠳᠠ ᠪᠠᠷ ᠠᠵᠠ ᠲᠤᠬᠢᠶᠠᠯ ᠪᠤᠯᠭᠠᠨ᠂ ᠱᠠᠳᠤ ᠱᠠᠳᠤ ᠪᠠᠷ ᠲᠠᠷᠤᠯᠳᠠ ᠦᠭᠬᠦᠨ ᠱᠠᠳᠤ ᠱᠠᠳᠤ ᠪᠠᠷ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠤ᠂ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃      ᠨᠢᠩ ᠶᠠᠨ ᠯᠢᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠪᠤᠯ ᠲᠤᠭᠤᠷᠢᠨ ᠪᠠᠶᠢᠴᠠᠭᠠᠬᠳᠠᠬᠤ ᠨᠠᠮ ᠤᠨ ᠵᠤᠬᠢᠶᠠᠨ ᠪᠠᠶᠢᠭᠤᠯᠤᠯᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠤᠬᠰᠠᠨ ᠪᠠᠶᠢᠳᠠᠯ ᠤᠨ ᠲᠤᠬᠠᠢ ᠬᠢᠨᠠᠯᠳᠠ ᠪᠠ ᠱᠠᠯᠠᠪᠳᠠᠭᠤᠯᠤᠯ ᠪᠤᠯᠬᠤ ᠶᠤᠮ᠂ ︽ᠬᠠᠷᠢᠭᠤᠴᠠᠯᠭ᠎ᠠ︾ ᠶᠢ ᠴᠢᠩᠭ᠎ᠠ ᠠᠳᠬᠤᠨ᠂ ︽ᠵᠠᠩᠬᠢᠯᠠᠭ᠎ᠠ ᠶᠢᠨ ᠴᠦᠭᠡᠨ ᠲᠤᠭᠠᠳᠠᠨ︾ ᠢ ᠴᠢᠩᠭ᠎ᠠ ᠠᠩᠬᠠᠷᠴᠤ᠂ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠴᠢᠭᠯᠡᠯᠳᠡ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠤᠬᠰᠠᠨ᠂ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠤᠬᠰᠠᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠤᠯᠤᠨ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠤᠬᠰᠠᠨ ᠵᠢᠴᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠠᠪᠤᠴᠠ ᠳᠠᠬᠢ ᠡᠯ᠎ᠠ ᠲᠦᠷᠦᠯ ᠤᠨ ᠬᠢᠨᠠᠯᠳᠠ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠡᠶᠢᠳᠡᠪᠦᠷᠢᠵᠢᠭᠤᠯᠤᠬᠰᠠᠨ ᠵᠡᠷᠭᠡ ︽ᠲᠦᠷᠪᠡ ᠶᠢ ᠨᠡᠶᠢᠳᠡᠪᠦᠷᠢᠵᠢᠭᠤᠯᠤᠬᠰᠠᠨ︾ ᠲᠤᠭᠤᠷᠢᠨ ᠳᠤ ᠬᠢᠨᠠᠯᠳᠠ ᠪᠠᠶᠢᠴᠠᠭᠠᠯᠳᠠ ᠦᠷᠨᠢᠭᠦᠯᠦᠨ᠎ᠠ᠃ ᠲᠤᠰᠬᠠᠢ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠭᠤᠤᠯᠳᠠᠭᠤ ︽ᠬᠤᠶᠠᠷ ᠢ ᠡᠷᠡᠰ ᠬᠠᠮᠠᠭᠠᠯᠠᠬᠤ︾ ᠤᠯᠤᠰ ᠲᠦᠷᠦ ᠶᠢᠨ ᠦᠨᠳᠦᠷᠴᠡ ᠠᠴᠠ᠂ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠤᠬᠰᠠᠨ ᠪᠠᠶᠢᠳᠠᠯ ᠢ ᠠᠵᠢᠬᠯᠠᠵᠤ᠂ ᠲᠤᠭᠤᠷᠢᠨ ᠪᠠᠶᠢᠴᠠᠭᠠᠬᠳᠠᠬᠰᠠᠨ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠭᠠᠵᠠᠷ ᠲᠤᠨᠢ ᠨᠡᠶᠢᠳᠡᠪᠦᠷᠢᠵᠢᠭᠤᠯᠬᠤ ᠶᠢ ᠱᠠᠯᠠᠪᠳᠠᠭᠤᠯᠤᠨ᠎ᠠ︔ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠡᠭᠦᠷᠭᠡᠯᠡᠯ ᠤᠨ ᠤᠯᠤᠰ ᠲᠦᠷᠦ ᠶᠢᠨ ᠦᠨᠳᠦᠷᠴᠡ ᠠᠴᠠ᠂ ᠮᠤᠵᠢ ᠤᠷᠤᠨ ᠬᠤᠳᠠ ᠶᠢᠨ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠠᠵᠢᠬᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠤᠳᠠᠳᠠᠢ ᠶᠢ ᠡᠷᠬᠢᠮᠯᠡᠭᠦ᠂ ᠶᠠᠳᠠᠭᠤ ᠠᠴᠠ ᠠᠩᠬᠢᠵᠢᠷᠠᠭᠤᠯᠬᠤ ᠶᠠᠪᠤᠴᠠ ᠶᠢᠨ ᠯᠠᠪᠳᠠᠭᠤᠨ ᠪᠠᠳᠤᠳᠠᠢ ᠪᠠᠶᠢᠬᠤ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠠ ᠳ᠋ᠦᠩ ᠤᠨ ᠦᠨᠡᠨ ᠪᠤᠳᠠᠳᠠᠢ ᠪᠠᠶᠢᠬᠤ ᠶᠢ ᠪᠠᠳᠤᠯᠠᠨ᠎ᠠ︔ ︽ᠭᠤᠷᠪᠠᠨ ᠬᠡᠪ ᠲᠠᠭᠤᠷᠢᠶᠠᠯ︾ ᠤᠨ ᠤᠯᠤᠰ ᠲᠦᠷᠦ ᠶᠢᠨ ᠦᠨᠳᠦᠷᠴᠡ ᠠᠴᠠ᠂ ᠲᠦᠪ ᠤᠨ ᠪᠠᠶᠢᠭᠤᠯᠭ᠎ᠠ ᠨᠢᠭᠡᠴᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠠᠵᠢᠬᠯᠠᠵᠤ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢᠨ ᠤᠨᠤᠪᠴᠢᠳᠠᠢ ᠬᠡᠷᠡᠭᠵᠢᠭᠦᠯᠦᠭᠳᠡᠭᠦ ᠶᠢ ᠠᠬᠢᠭᠤᠯᠤᠨ᠎ᠠ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠦᠨ ᠬᠦᠭᠵᠢᠭᠦᠯᠭᠦ ᠶᠢ ᠠᠬᠢᠭᠤᠯᠬᠤ ᠤᠯᠤᠰ ᠲᠦᠷᠦ ᠶᠢᠨ ᠦᠨᠳᠦᠷᠴᠡ ᠠᠴᠠ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠠᠵᠢᠬᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠠᠪᠤᠴᠠ ᠳᠤ ᠲᠤᠭᠤᠰᠢᠯᠠᠭᠤᠯᠵᠤ᠂ ᠲᠤᠬᠳᠠᠬᠰᠠᠨ ᠴᠠᠭ ᠲᠠᠭᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠶᠢ ᠪᠡᠶᠡᠯᠡᠭᠦᠯᠭᠦ ᠳᠤ ᠪᠠᠳᠤ ᠴᠢᠩᠭ᠎ᠠ ᠰᠠᠬᠢᠯᠭ᠎ᠠ ᠪᠠᠳᠤ ᠪᠤᠯᠤᠨ ᠰᠤᠷᠳᠠᠯ ᠤᠨ ᠪᠠᠳᠤᠯᠠᠭ᠎ᠠ ᠬᠠᠩᠭᠠᠨ᠎ᠠ︔ ᠤᠯᠠᠨ ᠲᠦᠮᠨᠨ ᠤ ᠬᠦᠷᠳᠡᠮᠵᠢ ᠶᠢᠨ ᠲᠦᠷᠦᠭᠳᠡᠯ ᠢ ᠲᠠᠬᠡᠭᠰᠢᠯᠡᠬᠦᠯᠬᠦ ᠤᠯᠤᠰ ᠲᠦᠷᠦ ᠶᠢᠨ ᠦᠨᠳᠦᠷᠴᠡ ᠠᠴᠠ᠂ ᠡᠯ᠎ᠠ ᠲᠦᠷᠦᠯ ᠤᠨ ᠬᠢᠨᠠᠯᠳᠠ ᠪᠠᠶᠢᠴᠠᠭᠠᠯᠳᠠ ᠳᠤ ᠢᠯᠡᠷᠡᠭᠦᠯᠦᠭᠰᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠠᠪᠤᠴᠠ ᠲᠤᠮᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠡᠶᠢᠳᠡᠪᠦᠷᠢᠵᠢᠭᠤᠯᠤᠬᠰᠠᠨ ᠪᠠᠶᠢᠳᠠᠯ ᠢ ᠠᠵᠢᠬᠯᠠᠵᠤ᠂ ᠬᠢᠨᠠᠯᠳᠠ ᠪᠠᠶᠢᠴᠠᠭᠠᠯᠳᠠ ᠶᠢᠨ ᠨᠢᠭᠡᠨᠳᠡ ᠤᠯᠤᠬᠰᠠᠨ ᠦᠷ᠎ᠠ ᠪᠦᠳᠦᠭᠡᠯ ᠢ ᠴᠢᠨᠠᠬᠰᠢᠳᠠ ᠪᠠᠬᠢᠵᠢᠭᠦᠯᠦᠨ ᠬᠦᠨᠵᠡᠭᠡᠶᠢᠷᠡᠭᠦᠯᠦᠨ᠎ᠠ︔ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠲᠤᠭᠤᠰᠢᠯᠠᠭᠤᠯᠬᠤ ᠦᠨᠳᠦᠷᠴᠡ ᠠᠴᠠ ᠂ ᠶᠠᠳᠠᠭᠤ ᠶᠢ ᠲᠡᠳᠭᠦᠭᠦ ᠬᠦᠷᠢᠶᠡᠨ ᠳᠠᠬᠢ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢᠨ ᠪᠠᠶᠢᠳᠠᠯ ᠢ ᠠᠵᠢᠬᠯᠠᠵᠤ᠂ ᠲᠤᠬᠳᠠᠬᠰᠠᠨ ᠴᠠᠭ ᠲᠠᠭᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠶᠢ ᠪᠡᠶᠡᠯᠡᠭᠦᠯᠭᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠨ᠎ᠠ︔ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠤᠯᠤᠰ ᠲᠦᠷᠦ ᠶᠢᠨ ᠦᠨᠳᠦᠷᠴᠡ ᠠᠴᠠ᠂ ᠨᠠᠮ ᠤᠨ ᠪᠠᠶᠢᠭᠤᠯᠤᠯᠳᠠ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠴᠤᠬᠴᠠᠯᠠᠬᠤ ᠶᠢ ᠠᠬᠢᠭᠤᠯᠤᠬᠰᠠᠨ ᠪᠠᠶᠢᠳᠠᠯ ᠢ ᠠᠵᠢᠬᠯᠠᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠵᠠᠷᠢᠮ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠰᠤᠯᠠᠷᠠᠬᠰᠠᠨ᠂ ᠬᠡᠶᠢᠰᠪᠦᠷᠢᠵᠢᠭᠰᠡᠨ᠂ ᠬᠦᠪᠡᠭᠡᠳᠡᠭᠰᠡᠨ ᠠᠰᠠᠭᠤᠳᠠᠯ ᠢ ᠰᠢᠢᠳᠪᠦᠷᠢᠯᠡᠭᠦ ᠶᠢ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠭᠦᠯᠦᠨ᠎ᠠ︔ ᠬᠠᠮᠳᠤ ᠪᠠᠷ ᠴᠢᠨᠡᠭᠡᠯᠢᠭᠵᠢᠭᠦ ᠶᠢ ᠠᠯᠬᠤᠮ ᠠᠯᠬᠤᠮ ᠢᠶᠠᠷ ᠪᠡᠶᠡᠯᠡᠭᠦᠯᠭᠦ ᠤᠯᠤᠰ ᠲᠦᠷᠦ ᠶᠢᠨ ᠦᠨᠳᠦᠷᠴᠡ ᠠᠴᠠ᠂ ᠪᠠᠷᠠᠭᠤᠨ ᠵᠡᠭᠦᠨ ᠤᠷᠤᠨ ᠤ ᠶᠠᠳᠠᠭᠤ ᠶᠢ ᠲᠡᠳᠭᠦᠭᠦ ᠬᠠᠮᠵᠢᠯᠴᠠᠭ᠎ᠠ ᠪᠠ ᠲᠦᠪ ᠤᠨ ᠪᠠᠶᠢᠭᠤᠯᠭ᠎ᠠ ᠨᠢᠭᠡᠴᠢ ᠶᠢᠨ ᠴᠢᠭ᠋ ᠲᠤᠬᠳᠠᠭᠠᠨ ᠶᠠᠳᠠᠭᠤ ᠶᠢ ᠲᠡᠳᠭᠦᠭᠦ ᠠᠵᠢᠯ ᠦᠷᠨᠢᠭᠦᠯᠦᠭᠰᠡᠨ ᠪᠠᠶᠢᠳᠠᠯ ᠢ ᠠᠵᠢᠬᠯᠠᠵᠤ᠂ ᠪᠦᠬᠦ ᠨᠠᠮ ᠪᠦᠬᠦ ᠨᠡᠶᠢᠭᠡᠮ ᠤᠨ ᠲᠦᠪᠯᠡᠷᠡᠭᠦᠯᠦᠨ ᠪᠤᠭᠤᠮᠳᠠ ᠰᠢᠪᠳᠤᠯᠬᠤ ᠬᠦᠴᠦᠷᠭᠡᠭ ᠶᠡᠭᠡ ᠬᠠᠮᠳᠤᠷᠠᠯ ᠬᠦᠴᠦᠨ ᠪᠦᠷᠢᠯᠳᠦᠭᠦ ᠶᠢ ᠠᠬᠢᠭᠤᠯᠤᠨ᠎ᠠ ᠬᠡᠵᠤ ᠴᠢᠬᠤᠯᠠᠴᠢᠯᠠᠪᠠ᠃      ᠯᠢ ᠵᠢᠢ ᠾᠧᠩ᠂ ᠡᠨᠡ ᠤᠳᠠᠭ᠎ᠠ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠮᠠᠨ ᠤ ᠤᠷᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠪᠦᠷ ᠮᠤᠩᠭᠤᠯ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠂ ᠡᠨᠡ ᠨᠢ ᠪᠢᠳᠡᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠡᠯ᠎ᠠ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠳᠤᠷ ᠬᠢᠭᠦ ᠳᠤ ᠯᠠᠪᠳᠠᠢ ᠴᠢᠬᠤᠯᠠ ᠶᠡᠭᠡ ᠠᠬᠢᠭᠤᠯᠬᠤ ᠦᠢᠯᠡᠳᠦᠯ ᠦᠵᠡᠭᠦᠯᠭᠦ ᠶᠤᠮ᠃ ᠪᠢᠳᠡ ᠯᠠᠪᠳᠠᠢ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠷᠠᠭᠤᠯᠤᠨ᠂ ︽ᠲᠦᠷᠪᠡᠨ ᠢᠳᠡᠭᠡᠯ︾ ᠢᠶᠠᠨ ᠦᠨᠡᠨ ᠬᠦ ᠪᠠᠳᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠤᠶᠢᠢᠯᠠᠭᠠᠵᠤ᠂ ᠨᠠᠮ ᠤᠨ ᠲᠦᠪ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠲᠠᠢ ᠨᠢᠭᠡᠳᠦᠯᠳᠡᠢ ᠪᠠᠶᠢᠯᠭᠠᠵᠤ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠢᠬᠤᠯᠠ ᠶᠡᠭᠡ ᠠᠴᠢ ᠬᠤᠯᠪᠤᠬᠳᠠᠯ ᠤᠨ ᠲᠤᠬᠠᠢ ᠲᠠᠨᠢᠯᠳᠠ ᠪᠠᠨ ᠬᠦᠡᠵᠡᠭᠡᠶᠢᠷᠡᠭᠦᠯᠵᠤ᠂ ᠨᠡᠩ ᠦᠨᠳᠦᠷ ᠤᠯᠤᠰ ᠲᠦᠷᠦ ᠶᠢᠨ ᠵᠤᠬᠰᠤᠴᠠ ᠪᠤᠯᠤᠨ ᠤᠯᠤᠰ ᠲᠦᠷᠦ ᠶᠢᠨ ᠤᠬᠠᠮᠰᠠᠷ ᠠᠴᠠ ᠪᠠᠨ ᠬᠢᠨᠠᠯᠳᠠ ᠪᠠᠶᠢᠴᠠᠭᠠᠯᠳᠠ ᠶᠢ ᠬᠦᠯᠢᠶᠡᠵᠤ᠂ ᠪᠤᠳᠠᠳᠤ ᠠᠵᠢᠯᠯᠠᠭ᠎ᠠ ᠪᠠᠷ ᠢᠶᠠᠨ ︽ᠬᠤᠶᠠᠷ ᠢ ᠡᠷᠡᠰ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠠ ᠬᠡᠵᠤ ᠢᠯᠡᠷᠬᠡᠶᠢᠯᠡᠪᠡ᠃      ᠯᠢ ᠵᠢᠢ ᠾᠧᠩ᠂ ᠲᠦᠪ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠦᠷᠨᠢᠭᠦᠯᠭᠦ ᠶᠢ ᠬᠠᠮᠵᠢᠯᠴᠠᠬᠤ ᠪᠤᠯ ᠲᠦᠯᠬᠢᠵᠤ ᠪᠤᠯᠤᠰᠢ ᠦᠭᠡᠢ ᠤᠯᠤᠰ ᠲᠦᠷᠦ ᠶᠢᠨ ᠬᠠᠷᠢᠭᠤᠴᠠᠯᠭ᠎ᠠ ᠮᠦᠨ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠪᠠᠶᠢᠴᠠᠭᠠᠯᠳᠠ ᠶᠢ ᠦᠨᠡᠨᠴᠢ ᠪᠠᠷ ᠬᠦᠯᠢᠶᠡᠵᠤ᠂ ᠪᠠᠶᠢᠳᠠᠯ ᠪᠠ ᠠᠰᠠᠭᠤᠳᠠᠯ ᠢ ᠦᠨᠡᠨ ᠪᠤᠳᠠᠳᠠᠢ ᠪᠠᠷ ᠲᠤᠰᠬᠠᠨ᠂ ᠲᠤᠭᠤᠷᠢᠨ ᠪᠠᠶᠢᠴᠠᠭᠠᠬᠤ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠨᠢᠮᠪᠠᠢ ᠰᠠᠶᠢᠳᠤᠷ ᠬᠢᠵᠤ᠂ ᠲᠦᠪ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠦᠷᠨᠢᠭᠦᠯᠭᠦ ᠶᠢ ᠪᠦᠬᠦ ᠬᠦᠴᠦᠨ ᠢᠶᠠᠷ ᠢᠶᠠᠨ ᠬᠠᠮᠵᠢᠨ ᠵᠤᠬᠢᠴᠠᠭᠤᠯᠵᠤ᠂ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠬᠠᠮᠳᠤ ᠪᠠᠷ ᠰᠠᠶᠢᠳᠤᠷ ᠪᠡᠶᠡᠯᠡᠭᠦᠯᠭᠦ ᠬᠡᠷᠡᠭᠳᠡᠢ᠃ ᠲᠤᠭᠤᠷᠢᠨ ᠪᠠᠶᠢᠴᠠᠭᠠᠯᠳᠠ ᠶᠢᠨ ᠵᠢᠭᠠᠵᠤ ᠭᠠᠷᠭᠠᠬᠰᠠᠨ ᠪᠠ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠨᠡᠶᠢᠳᠡᠪᠦᠷᠢᠵᠢᠭᠤᠯᠬᠤ ᠶᠢ ᠴᠢᠩᠭ᠎ᠠ ᠠᠳᠬᠤᠵᠤ᠂ ᠲᠠᠷᠦ᠋ᠢᠬᠠᠨ ᠮᠡᠳᠡᠵᠤ ᠲᠠᠷᠦ᠋ᠢᠬᠠᠨ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠦᠨ ᠪᠠᠷᠢᠨ ᠰᠠᠶᠢᠵᠢᠷᠠᠭᠤᠯᠬᠤ ᠶᠢ ᠪᠠᠷᠢᠮᠳᠠᠯᠠᠨ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠳᠠᠯᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ᠂ ᠲᠦᠷᠢᠮ ᠲᠤᠬᠳᠠᠭᠠᠯ ᠲᠤᠬᠳᠠᠭᠠᠬᠤ ᠶᠢ ᠪᠠᠷᠢᠮᠳᠠᠯᠠᠨ᠂ ᠲᠤᠭᠤᠷᠢᠨ ᠪᠠᠶᠢᠴᠠᠭᠠᠯᠳᠠ ᠶᠢᠨ ︽ᠰᠡᠭᠦᠯᠴᠢ ᠶᠢᠨ ᠶᠠᠪᠤᠳᠠᠯ︾ ᠢ ᠦᠨᠳᠦᠷ ᠪᠠᠷᠢᠮᠵᠢᠶ᠎ᠠ᠂ ᠲᠡᠭᠡᠳᠦ ᠦᠷ᠎ᠠ ᠠᠰᠢᠭ᠂ ᠴᠢᠨᠠᠷ ᠰᠠᠶᠢᠳᠠᠢ ᠪᠠᠷ ᠰᠠᠶᠢᠳᠤᠷ ᠬᠢᠵᠤ᠂ ᠵᠦᠢᠯ ᠵᠤᠷᠪᠤᠰ ᠲᠠᠷᠠᠭᠠᠯᠠᠨ ᠲᠤᠭᠤᠰᠢᠳᠠᠢ ᠰᠠᠶᠢᠵᠢᠷᠠᠭᠤᠯᠤᠨ᠂ ᠵᠦᠢᠯ ᠵᠤᠷᠪᠤᠰ ᠪᠦᠷᠢ ᠶᠢ ᠨᠡᠶᠢᠳᠡᠪᠦᠷᠢᠵᠢᠭᠤᠯᠵᠤ᠂ ᠶᠠᠪᠤᠳᠠᠯ ᠪᠤᠯᠭᠠᠨ ᠳᠤ ᠬᠠᠷᠢᠭᠤᠯᠳᠠ ᠦᠭᠴᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠵᠤ ᠨᠡᠶᠢᠳᠡᠪᠦᠷᠢᠵᠢᠭᠤᠯᠤᠬᠳᠠᠬᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠡᠷᠡᠭᠦᠯ ᠢᠶᠠᠷ ᠬᠦᠭᠵᠢᠭᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠦᠨᠡᠨ ᠬᠦ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃      ᠤᠶᠢᠯᠠᠭᠠᠭᠰᠠᠨ ᠢᠶᠠᠷ᠂ ᠲᠦᠪ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ 1 ᠰᠠᠷ᠎ᠠ ᠭᠠᠷᠤᠢ ᠬᠤᠭᠤᠴᠠᠭ᠎ᠠ ᠠᠵᠢᠯᠯᠠᠬᠤ ᠪᠤᠯᠤᠨ᠎ᠠ᠃ ᠲᠤᠭᠤᠷᠢᠨ ᠪᠠᠶᠢᠴᠠᠭᠠᠬᠤ ᠬᠤᠭᠤᠴᠠᠭ᠎ᠠ ︵10 ᠰᠠᠷ᠎ᠠ ᠶᠢᠨ 18 ᠤ ᠡᠳᠦᠷ ᠠᠴᠠ 11 ᠰᠠᠷ᠎ᠠ ᠶᠢᠨ 25 ᠤ ᠡᠳᠦᠷ ᠪᠤᠯᠳᠠᠯ᠎ᠠ︶ ᠳᠤ ᠲᠤᠰ ᠪᠦᠷᠢ ᠲᠤᠰᠬᠠᠢ ᠵᠢᠵᠢᠭᠦᠷᠯᠡᠭᠦ ᠤᠳᠠᠰᠦ᠄ 0471 — 4819220︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠬᠡᠬᠤᠳᠠ ᠶᠢᠨ A2596 ᠨᠤᠮᠧᠷᠳᠦ ᠰᠢᠤᠳᠠᠨ ᠤ ᠬᠠᠶᠢᠷᠴᠠᠭ ᠢ ᠲᠤᠬᠢᠷᠠᠭᠤᠯᠪᠠ᠃ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠡᠳᠦᠷ ᠪᠦᠷᠢ ᠶᠢᠨ ᠲᠤᠰᠬᠠᠢ ᠤᠳᠠᠰᠦ ᠶᠢ ᠬᠦᠯᠢᠶᠡᠨ ᠠᠪᠴᠦ ᠰᠢᠢᠳᠪᠦᠷᠢᠯᠡᠭᠦ ᠴᠠᠭ ᠪᠤᠯ 8᠄ 00 — 18᠄ 00 ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠪ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠤᠯᠳᠠᠭᠤ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠬᠠᠢ ᠲᠤᠰᠬᠠᠬᠰᠠᠨ ᠠᠰᠠᠭᠤᠳᠠᠯ ᠪᠠ ᠰᠦᠪᠡᠭᠴᠢ ᠶᠢ ᠬᠦᠯᠢᠶᠡᠨ ᠠᠪᠴᠦ ᠰᠢᠢᠳᠪᠦᠷᠢᠯᠡᠨ᠎ᠠ᠃ ᠡᠨᠡ ᠤᠳᠠᠭ᠎ᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠦᠯᠢᠶᠡᠨ ᠠᠪᠴᠦ ᠰᠢᠢᠳᠪᠦᠷᠢᠯᠡᠭᠦ ᠬᠡᠪᠴᠢᠶᠡᠨ ᠳᠤ ᠦᠯᠦ ᠬᠠᠷᠢᠶᠠᠯᠠᠬᠳᠠᠬᠤ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠬᠰᠠᠨ ᠠᠰᠠᠭᠤᠳᠠᠯ ᠢ ᠲᠤᠬᠳᠠᠭᠠᠯ ᠶᠤᠰᠤᠭᠠᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号