ᠡᠮᠴᠢᠯᠡᠬᠡᠨ ᠤ ᠣᠶᠢᠯᠡᠰ ᠢᠶᠠᠷ ᠨᠠᠰᠣᠨ ᠤ ᠪᠠᠨ ᠵᠢᠷᠭᠠᠯ ᠪᠣᠯᠭᠠᠭᠰᠠᠨ ᠨᠣᠳᠤᠭ ᠤᠨ ᠡᠮᠴᠢ ᠵᠤᠤ ᠶᠥᠩ ᠱᠢ
ᠨᠡᠶᠢᠲᠡᠯᠡᠭᠰᠡᠨ ᠴᠠᠭ᠄
2018-10-22
      ᠵᠤᠤ ᠶᠦᠩ ᠱᠢ ᠪᠣᠯ ᠬᠢᠲᠠᠳ ᠦᠨᠳᠤᠰᠤᠲᠡᠨ᠂ 1953 ᠤᠨ ᠳᠤ ᠲᠦᠷᠦᠵᠤ ᠦᠤᠰᠢᠨ ᠬᠤᠰᠢᠭᠤᠨ ᠤ ᠮᠤᠳᠤᠨᠴᠠᠶᠢᠳᠠᠮ ᠲᠤᠰᠬᠤᠨ ᠤ ᠨᠤᠳᠤᠭ ᠤᠨ ᠡᠮᠴᠢ ᠪᠤᠯᠤᠨ᠎ᠠ᠃ ᠲᠡᠷᠡ 18 ᠨᠠᠰᠤᠨ ᠳᠤ ᠪᠠᠨ ᠨᠤᠳᠤᠭ ᠤᠨ ᠡᠮᠴᠢ ᠪᠤᠯᠤᠭᠰᠠᠨ ᠠᠴᠠ ᠨᠠᠰᠢ 46 ᠵᠢᠯ ᠤᠨ ᠲᠤᠷᠰᠢ ᠠᠷᠠᠳ ᠲᠦᠮᠡᠨ ᠤ ᠡᠷᠡᠭᠦᠯ ᠴᠢᠬᠢᠷᠠᠭ ᠢ ᠪᠠᠲᠤᠯᠠᠬᠤ ᠪᠠᠷ ᠡᠭᠦᠷᠭᠡ  ᠪᠠᠨ ᠪᠤᠯᠭᠠᠵᠤ᠂ ᠦᠨᠳᠤᠰᠤᠨ ᠱᠠᠲᠤᠨ ᠳᠤ ᠮᠠᠯᠵᠢᠬᠤ ᠲᠠᠷᠢᠶᠠᠯᠠᠬᠤ ᠤᠷᠤᠨ ᠤ ᠬᠤᠷᠰᠢᠭᠰᠠᠨ ᠡᠮᠨᠡᠯᠭᠡ ᠶᠢ ᠪᠤᠳᠠᠲᠠᠢ ᠦᠢᠯᠡᠳᠤᠯᠭᠡᠵᠢᠭᠦᠯᠵᠤ ᠶᠠᠪᠠᠭᠠᠨ ᠢᠶᠠᠷ᠂ ᠮᠤᠷᠢ ᠪᠠᠷ ᠶᠠᠪᠤᠵᠤ ᠪᠠᠶᠢᠭᠰᠠᠨ ᠠᠴᠠ ᠳᠤᠭᠤᠢ ᠲᠡᠷᠭᠡ᠂ ᠮᠤᠲ᠋ᠤᠷ ᠲᠡᠷᠭᠡ ᠤᠨᠤᠵᠤ ᠪᠦᠬᠦ ᠲᠤᠰᠬᠤᠨ ᠪᠠ ᠬᠠᠵᠠᠭᠤ ᠵᠡᠷᠭᠡᠯᠡᠳᠡᠭᠡ ᠭᠠᠴᠠᠭ᠎ᠠ ᠲᠤᠰᠬᠤᠨ ᠢᠶᠠᠷ ᠬᠦᠷᠴᠤ ᠮᠠᠯᠴᠢᠨ ᠳᠠᠷᠢᠶᠠᠴᠢᠳ  ᠤᠨ ᠡᠪᠡᠳᠴᠢᠨ ᠢ ᠡᠮᠴᠢᠯᠡᠨ ᠬᠠᠷᠠᠮ ᠦᠭᠡᠢ ᠭᠤᠶᠠᠴᠢ ᠰᠡᠳᠬᠢᠯ ᠢᠶᠠᠷ ᠢᠶᠠᠨ ᠨᠤᠲᠤᠭ ᠤᠰᠤᠨ ᠤ ᠡᠪᠡᠳᠴᠢᠨ᠂ ᠮᠠᠯᠴᠢᠨ ᠲᠠᠷᠢᠶᠠᠴᠢᠨ ᠳᠤ ᠬᠠᠪᠰᠤᠷᠤᠯᠭ᠎ᠠ ᠳᠡᠮᠵᠢᠯᠭᠡ ᠬᠠᠩᠭᠠᠳᠠᠭ ᠪᠢᠯᠡ᠃ ᠵᠤᠤ ᠶᠦᠩ ᠱᠢ ᠨᠦᠬᠦᠷ ᠰᠤᠳᠠᠯ ᠪᠠᠷᠢᠬᠤ᠂ ᠡᠮ ᠨᠠᠶᠢᠷᠠᠭᠤᠯᠬᠤ᠂ ᠵᠡᠭᠦᠤ ᠲᠠᠷᠢᠵᠤ ᠡᠮ ᠶᠡᠭᠦᠯᠡᠬᠦ ᠠᠴᠠ ᠡᠬᠢᠯᠡᠭᠡᠳ ᠬᠦᠩᠭᠡᠵᠢᠭᠦᠯᠬᠦ᠂ ᠭᠠᠳᠠᠷ ᠰᠢᠷᠬ᠎ᠠ ᠤᠶᠤᠬᠤ ᠬᠦᠷᠳᠡᠯ᠎ᠡ ᠲᠡᠷᠡ ᠪᠦᠷ ᠦᠪᠡᠰᠤᠪᠡᠨ ᠪᠡᠶᠡᠯᠡᠭᠦᠯᠳᠡᠭ᠃ ᠲᠠᠭᠰᠢᠭᠤᠷ ᠢ ᠰᠡᠷᠭᠡᠶᠢᠯᠡᠬᠦ᠂ ᠭᠠᠷ ᠬᠦᠯ ᠠᠮᠠᠨ ᠬᠦᠨᠳᠡᠢ ᠶᠢᠨ ᠦᠷᠪᠢᠰᠤᠯ᠂ ᠬᠦᠳᠡᠭᠡ ᠲᠤᠰᠬᠤᠨ ᠤ ᠬᠡᠤᠬᠡᠳ ᠤᠨ ᠬᠢᠵᠢᠭ ᠠᠴᠠ ᠰᠡᠷᠭᠡᠶᠢᠯᠡᠬᠦ ᠠᠵᠢᠯ ᠵᠡᠷᠭᠡ ᠢ ᠴᠦ ᠪᠦᠬᠦ ᠤᠶᠤᠨ ᠴᠢᠳᠠᠯ ᠢᠶᠠᠨ ᠰᠢᠪᠬᠠᠨ ᠰᠠᠶᠢᠲᠤᠷ ᠬᠢᠳᠡᠭ᠃ ᠨᠠᠰᠤ ᠨᠡᠮᠡᠭᠳᠡᠬᠦ ᠶᠢ ᠳᠠᠭᠠᠯᠳᠤᠨ ᠵᠤᠤ ᠶᠦᠩ ᠱᠢ ᠶᠢᠨ ᠪᠡᠶ᠎ᠡ ᠮᠠᠬᠠᠪᠤᠳ ᠤᠤᠯ ᠤᠨ ᠬᠢ ᠳᠡᠭᠡᠨ ᠬᠦᠷᠬᠦ ᠦᠭᠡᠢ ᠪᠤᠯᠵᠤ᠂ ᠤᠯᠠᠨ ᠤᠳᠠᠭ᠎ᠠ ᠡᠯ᠎ᠡ ᠭᠠᠵᠠᠷ ᠤᠨ ᠶᠡᠭᠡ ᠡᠮᠨᠡᠯᠭᠡ  ᠳᠤ ᠬᠦᠷᠴᠤ ᠡᠮᠴᠢᠯᠡᠭᠦᠯᠵᠤ ᠪᠠᠶᠢᠭ᠎ᠠ ᠪᠤᠯᠪᠠᠴᠤ ᠲᠡᠷᠡ ᠠᠷᠠᠳ ᠲᠦᠮᠡᠨ ᠤ ᠡᠪᠡᠳᠴᠢᠨ ᠵᠤᠪᠠᠯᠠᠩ ᠢ ᠰᠡᠳᠬᠢᠯ ᠳᠤ  ᠪᠠᠨ ᠲᠠᠯᠪᠢᠵᠤ᠂ ᠲᠦᠴᠢᠨ ᠵᠢᠷᠭᠤᠭᠠᠨ ᠵᠢᠯ ᠡᠭᠦᠷᠦᠭᠰᠡᠨ ᠤᠯᠠᠭᠠᠨ ᠦᠩᠭᠡᠲᠤ ︽+︾ ᠲᠠᠮᠲᠡᠭ ᠤᠨ ᠡᠮ ᠤᠨ ᠬᠠᠶᠢᠷᠴᠠᠭ ᠪᠠᠨ ᠡᠭᠦᠷᠴᠤ᠂ ᠶᠠᠳᠠᠷᠠᠯ ᠵᠦᠳᠡᠷᠠᠯ ᠪᠠᠨ ᠬᠠᠶᠢᠬᠤᠷᠤᠯ ᠦᠭᠡᠢ ᠰᠠᠯᠬᠢ ᠪᠤᠷᠤᠭᠠᠨ ᠳᠤ ᠰᠠᠭᠠᠲᠠᠯ ᠦᠭᠡᠢ᠂ ᠪᠤᠰᠤᠳ ᠢ ᠲᠤᠰᠠᠯᠠᠨ ᠡᠮᠴᠢᠯᠡᠭᠡ ᠶᠢᠨ ᠦᠢᠯᠡᠰ ᠢᠶᠠᠷ ᠨᠠᠰᠤᠨ ᠤ ᠵᠢᠷᠭᠠᠯ ᠢᠶᠠᠨ ᠪᠤᠯᠭᠠᠵᠤ ᠶᠠᠪᠤᠵᠤ ᠪᠠᠶᠢᠭ᠎ᠠ ᠪᠢᠯᠡ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号