ᠮᠠᠨ ᠤ ᠬᠤᠰᠢᠭᠤ ᠨᠠᠰᠤᠲᠠᠶᠢᠴᠤᠳ ᠤᠨ ᠪᠠᠶᠠᠷ ᠢ ᠤᠳᠬ᠎ᠠ ᠠᠭᠤᠯᠭ᠎ᠠ ᠲᠠᠢ ᠲᠡᠮᠳᠡᠭᠯᠡᠪᠡ
ᠨᠡᠶᠢᠲᠡᠯᠡᠭᠰᠡᠨ ᠴᠠᠭ᠄
2018-10-23
ᠨᠠᠶᠢᠷᠠᠭᠤᠯᠤᠭᠴᠢ ᠶᠢᠨ ᠦᠭᠡ᠄      ᠬᠢᠲᠠᠳ ᠬᠡᠯᠡᠨ ᠳᠤ ︽ᠶᠢᠰᠦ︾ ︵九︶ ᠭᠡᠬᠦ ᠲᠤᠭ᠎ᠠ ᠨᠢ ︽ᠦᠨᠢ ᠤᠳᠠᠭᠠᠨ︾ ︵久︶ ᠬᠡᠰᠡᠨ ᠦᠭᠡ ᠲᠠᠢ ᠢᠵᠢᠯ ᠳᠠᠭᠤᠳᠠᠯᠭ᠎ᠠ ᠲᠠᠢ ᠪᠠᠶᠢᠵᠤ᠂ ᠦᠨᠢ ᠤᠳᠠᠭᠠᠨ ᠤᠷᠳᠤ ᠨᠠᠰᠤᠯᠠᠬᠤ ᠤᠳᠬ᠎ᠠ ᠠᠭᠤᠯᠤᠭᠳᠠᠵᠤ ᠪᠠᠶᠢᠳᠠᠭ ᠠᠴᠠ ᠶᠢᠰᠤᠨ ᠰᠠᠷ᠎ᠠ ᠶᠢᠨ ᠰᠢᠨ᠎ᠡ ᠶᠢᠨ ᠶᠢᠰᠤᠨ ᠤ ᠡᠳᠤᠷ ᠬᠦᠮᠦᠰ ᠡᠪᠦᠭᠡ ᠳᠡᠭᠡᠳᠤᠰ ᠢᠶᠠᠨ ᠳᠠᠬᠢᠬᠤ ᠪᠤᠶᠤ ᠨᠠᠰᠤᠲᠠᠶᠢᠴᠤᠳ ᠢᠶᠠᠨ ᠠᠴᠢᠯᠠᠨ ᠬᠦᠨᠳᠦᠯᠡᠬᠦ ᠠᠵᠢᠯᠯᠠᠭ᠎ᠠ ᠶᠠᠪᠤᠭᠳᠠᠭᠤᠯᠳᠠᠭ ᠪᠠᠶᠢᠨ᠎ᠠ᠃᠂ ᠶᠠᠭ ᠡᠶᠢᠮᠦ ᠤᠴᠢᠷ ᠠᠴᠠ ᠡᠨᠡᠬᠦ ᠡᠳᠤᠷ ᠢ ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠤ ᠪᠠᠶᠠᠷ ᠤᠨ ᠡᠳᠤᠷ ᠬᠡᠬᠦ ᠪᠤᠶᠤ ᠨᠠᠰᠤᠲᠠᠶᠢᠴᠤᠳ ᠤᠨ ᠪᠠᠶᠠᠷ ᠭᠡᠵᠤ ᠨᠡᠷᠡᠯᠡᠳᠡᠭ᠃ ᠡᠨᠡ ᠵᠢᠯ ᠤᠨ ︽ᠨᠠᠰᠦᠲᠠᠶᠢᠴᠤᠳ ᠤᠨ ᠪᠠᠶᠠᠷ ᠤᠨ ᠡᠳᠤᠷ︾ ᠬᠦᠷᠴᠤ ᠢᠷᠡᠬᠦ ᠳᠠᠰᠢᠷᠠᠮ ᠢᠶᠠᠷ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ ᠪᠠᠶᠢᠭᠤᠯᠭ᠎ᠠ ᠨᠢᠭᠡᠴᠢ ᠰᠠᠯᠠᠭ᠎ᠠ ᠮᠦᠴᠢᠷ ᠨᠢ ᠨᠠᠰᠤᠲᠠᠶᠢᠴᠤᠳ ᠤᠨ ᠪᠠᠶᠠᠷ ᠤᠨ ᠡᠳᠤᠷ ᠢ ᠤᠭᠲᠤᠵᠤ᠂ ᠦᠨᠳᠤᠰᠦᠲᠡᠨ ᠤ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠤᠨ ᠨᠠᠰᠤᠲᠠᠶᠢᠴᠤᠳ ᠲᠤ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠬᠦᠷᠲᠡᠭᠡᠵᠤ ᠨᠠᠰᠤᠲᠠᠳ ᠢᠶᠠᠨ ᠠᠴᠢᠯᠠᠨ ᠬᠥᠨᠳᠥᠯᠡᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠬᠠᠮᠳᠤ ᠪᠤᠯᠪᠠᠰᠤᠨ ᠡᠶ᠎ᠡ ᠵᠤᠬᠢᠴᠠᠩᠭᠤᠢ ᠨᠤᠮᠢᠨ ᠳᠠᠩᠰᠤᠭ ᠦᠦᠰᠢᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢᠨ ᠲᠦᠯᠦᠭᠡ ᠭᠠᠷᠠᠭ ᠤᠨ ᠠᠮᠠᠷᠠᠯᠲᠠ ᠶᠢᠨ ᠬᠤᠭᠤᠴᠠᠭ᠎ᠠ᠂ ᠠᠵᠢᠯ ᠤᠨ ᠳᠤᠮᠳᠠᠬᠢ ᠴᠠᠭ ᠢ ᠠᠰᠢᠭᠯᠠᠨ ᠨᠠᠰᠤᠲᠠᠶᠢᠴᠤᠳ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠦᠰᠦ ᠵᠠᠰᠠᠬᠤ᠂ ᠪᠤᠯᠭᠤᠭᠠᠨ ᠲᠤᠬᠤᠨᠢᠭᠤᠯᠬᠤ᠂ ᠤᠷᠠᠨ ᠰᠠᠶᠢᠬᠠᠨ ᠤ ᠳᠤᠭᠯᠠᠯᠲᠠ ᠭᠠᠷᠭᠠᠬᠤ ᠵᠡᠷᠭᠡ ᠠᠭᠤᠯᠭ᠎ᠠ ᠬᠡᠯᠪᠡᠷᠢ ᠲᠠᠢ ᠤᠯᠠᠨ ᠶᠠᠩᠵᠤ ᠶᠢᠨ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃ ᠡᠳᠡᠭᠡᠷ ᠠᠵᠢᠯᠯᠠᠭ᠎ᠠ ᠨᠢ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠨᠠᠰᠤᠲᠠᠶᠢᠴᠤᠳ ᠲᠤ ᠬᠦᠷᠭᠡᠵᠤ᠂ ᠵᠠᠯᠠᠭᠤ ᠪᠠᠭᠠᠴᠤᠳ ᠲᠤ ᠤᠯᠠᠮᠵᠢᠯᠠᠯᠳᠤ ᠰᠤᠶᠤᠯ ᠤᠨ ᠭᠦᠨ ᠵᠤᠵᠠᠭᠠᠨ ᠤᠳᠬ᠎ᠠ ᠠᠭᠤᠯᠭ᠎ᠠ ᠶᠢ ᠦᠢᠯᠠᠭᠠᠭᠤᠯᠵᠤ᠂ ᠲᠡᠳᠡᠨ ᠤ ᠨᠠᠰᠤᠲᠠᠶᠢᠴᠤᠳ ᠢᠶᠠᠨ ᠠᠰᠠᠷᠠᠨ ᠬᠦᠨᠳᠦᠯᠡᠬᠦ ᠦᠵᠡᠯᠲᠠ ᠶᠢ ᠪᠠᠲᠤᠵᠢᠭᠤᠯᠬᠤ ᠶᠢᠨ ᠬᠠᠮᠳᠤ ᠭᠡᠷ ᠲᠤ ᠪᠠᠨ ᠰᠠᠭᠤᠭ᠎ᠠ ᠭᠤᠤᠨᠢ ᠨᠠᠰᠦᠲᠠᠨ ᠪᠠ ᠠᠰᠠᠷᠠᠮᠵᠢ ᠶᠢᠨ ᠭᠠᠵᠠᠷ ᠲᠤ ᠰᠠᠭᠤᠭ᠎ᠠ ᠨᠠᠰᠤᠲᠠᠶᠢᠴᠤᠳ ᠲᠤ ᠨᠢᠭᠡᠨ ᠤᠳᠬ᠎ᠠ ᠠᠭᠤᠯᠭ᠎ᠠ ᠲᠠᠢ᠂ ᠪᠠᠶᠠᠷ ᠬᠦᠷ ᠲᠠᠢ ᠪᠠᠶᠠᠷ ᠤᠨ ᠡᠳᠤᠷ ᠢ ᠦᠩᠭᠡᠷᠡᠭᠦᠯᠵᠤ ᠦᠭᠬᠦᠭᠰᠡᠨ ᠪᠠᠶᠢᠨ᠎ᠠ᠃
     ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠰᠢᠭᠤ ᠤᠶᠤᠨ ᠤ ᠪᠤᠯᠪᠠᠰᠤᠨ ᠤ ᠠᠯᠪᠠᠨ ᠭᠡᠷ ᠨᠢ ᠺᠠᠳ᠋ᠷ ᠠᠵᠢᠯᠲᠠᠨ ᠢᠶᠠᠨ ᠵᠤᠬᠢᠶᠠᠨ ᠪᠠᠶᠢᠭᠤᠯᠵᠤ ᠸᠠᠨ ᠯᠢ ᠰᠠᠭᠤᠭᠠᠯᠢ ᠠᠷᠠᠳ ᠤᠨ ᠲᠤᠭᠤᠷᠢᠭ ᠲᠤ ︽ᠠᠪᠤ ᠡᠵᠢ ᠪᠠᠨ ᠪᠠᠷᠠᠳᠠᠨ ᠪᠡᠶ᠎ᠡ ᠶᠢ ᠨᠢ ᠪᠠᠶᠢᠴᠠᠭᠠᠯᠭᠠᠬᠤ︾᠂ ︽ᠠᠪᠤ ᠡᠵᠢ ᠪᠠᠨ ᠪᠠᠷᠠᠳᠠᠨ ᠦᠰᠦ ᠶᠢ ᠨᠢ ᠵᠠᠰᠠᠬᠤ︾᠂ ︽ᠪᠤᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠳᠤ ᠤᠷᠮ᠎ᠠ ᠬᠠᠶᠢᠷᠠᠯᠠᠬᠤ︾ ᠵᠡᠷᠭᠡ ᠵᠢᠷᠭᠤᠭᠠᠨ ᠵᠦᠢᠯ ᠤᠨ ᠨᠠᠰᠤᠲᠠᠶᠢᠴᠤᠳ ᠢ ᠬᠠᠷᠠᠭᠠᠯᠵᠠᠬᠤ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃
     ᠦᠭᠡᠷᠡᠴᠢᠯᠡᠯᠲᠠ ᠨᠡᠭᠡᠭᠡᠯᠲᠠ ᠬᠢᠭᠰᠡᠨ 40 ᠵᠢᠯ ᠤᠨ ᠤᠢ ᠵᠢᠴᠢ ᠶᠢᠰᠤᠨ ᠰᠠᠷ᠎ᠠ ᠶᠢᠨ ᠰᠢᠨ᠎ᠡ ᠶᠢᠨ ᠶᠢᠰᠦᠨ ᠤ ᠨᠠᠰᠤᠲᠠᠶᠢᠴᠤᠳ ᠤᠨ ᠪᠠᠶᠠᠷ ᠬᠦᠷᠴᠤ ᠢᠷᠡᠬᠦ ᠪᠠᠷ ᠬᠤᠰᠢᠭᠤ ᠠᠷᠠᠳ ᠤᠨ ᠶᠠᠪᠤᠳᠠᠯ ᠤᠨ ᠳᠤᠪᠴᠢᠶ᠎ᠠ ᠨᠢ ᠨᠠᠨᠳᠢᠨ ᠨᠡᠶᠢᠭᠡᠮ ᠲᠤᠭᠤᠷᠢᠭ᠂ ᠨᠠᠰᠦᠲᠠᠶᠢᠴᠤᠳ ᠲᠤ ᠦᠢᠯᠡᠴᠢᠯᠡᠬᠦ ᠲᠦᠪ ᠲᠠᠢ ᠬᠤᠯᠪᠤᠭᠠᠯᠠᠨ ᠠᠩᠬᠠᠳᠤᠭᠠᠷ ᠤᠳᠠᠭᠠᠨ ᠤ ᠨᠠᠰᠤᠲᠠᠶᠢᠴᠤᠳ ᠤᠨ ︽ᠠᠯᠲᠠᠨ ᠤᠷᠤᠭ︾ ᠢ ᠪᠡᠯᠭᠡᠯᠡᠬᠦ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃
     ᠬᠤᠰᠢᠭᠤ ᠳᠠᠷᠢᠶᠠᠯᠠᠩ ᠮᠠᠯ ᠠᠵᠤ ᠠᠬᠤᠢ ᠶᠢᠨ ᠮᠧᠬᠠᠨᠢᠭᠴᠢᠯᠠᠯᠲᠠ ᠶᠢᠨ ᠳᠤᠪᠴᠢᠶ᠎ᠠ ᠨᠢ ᠨᠠᠷᠠᠨ ᠭᠡᠷᠡᠯ ᠨᠡᠶᠢᠭᠡᠮ ᠲᠤᠭᠤᠷᠢᠭ ᠳᠠᠬᠢ ᠭᠤᠤᠨᠢ ᠨᠠᠰᠤᠲᠠᠳ ᠤᠨ ᠭᠡᠷ ᠲᠤ ᠤᠴᠢᠵᠤ ᠲᠡᠳᠡᠨ ᠳᠤ ᠦᠰᠦ ᠭᠡᠵᠢᠭᠡ ᠶᠢ ᠨᠢ ᠵᠠᠰᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠶᠢ ᠦᠷᠨᠢᠭᠦᠯᠦᠭᠰᠡᠨ ᠪᠠ ᠲᠡᠲᠡᠨ ᠳᠤ ᠠᠳᠠᠯ ᠠᠬᠤᠢ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃
     ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠤ ᠨᠠᠰᠣᠳᠡᠶᠢᠴᠣᠣᠨ ᠤᠨ ᠪᠠᠶᠡᠷ ᠬᠦᠷᠴᠣ ᠢᠷᠡᠬᠦ ᠪᠠᠷ ᠰᠦᠯᠳᠡ ᠰᠤᠮᠤᠨ ᠤ ᠱᠠᠷᠯᠢᠭ ᠨᠡᠶᠢᠭᠡᠮ ᠲᠤᠭᠤᠷᠢᠭ ᠨᠢ ᠺᠠᠳ᠋ᠷ ᠠᠵᠢᠯᠲᠠᠳ᠂ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠬᠡᠰᠡᠭ ᠰᠤᠷᠤᠭᠴᠢ ᠶᠢ ᠵᠤᠬᠢᠶᠠᠨ ᠪᠠᠶᠢᠭᠤᠯᠤᠨ ᠡᠯᠪᠡᠭ ᠪᠠᠶᠠᠯᠢᠭ ᠠᠭᠤᠯᠭ᠎ᠠ ᠲᠠᠢ ᠤᠯᠠᠨ ᠲᠦᠷᠦᠯ ᠤᠨ ᠨᠠᠭᠠᠳᠤᠮ ᠢ ᠡᠷᠬᠢᠯᠡᠨ ᠶᠠᠪᠤᠭᠳᠠᠭᠤᠯᠵᠤ᠂ ᠨᠠᠰᠤᠲᠠᠶᠢᠴᠤᠳ ᠤᠨ ᠭᠡᠷ ᠲᠤ ᠨᠢ ᠬᠦᠷᠴᠣ ᠪᠡᠯᠡᠭ ᠬᠦᠷᠭᠡᠨ ᠨᠠᠰᠤᠲᠠᠨ ᠢ ᠪᠤᠯᠭᠤᠭᠠᠨ ᠲᠤᠬᠤᠨᠢᠭᠤᠯᠬᠤ ᠶᠢᠨ ᠬᠠᠮᠳᠤ ᠭᠡᠷ ᠤᠨ ᠲᠤᠲᠤᠷ᠎ᠠ ᠭᠠᠳᠠᠨᠠᠬᠢ ᠶᠢ ᠨᠢ ᠴᠡᠪᠡᠷᠯᠡᠨ ᠦᠭᠴᠦ᠂ ᠲᠡᠲᠡᠨ ᠳᠤ ᠬᠠᠯᠠᠭᠤᠨ ᠲᠤᠯᠠᠭᠠᠨ ᠬᠠᠶᠢᠷ᠎ᠠ ᠬᠠᠯᠠᠮᠵᠢ ᠬᠦᠷᠳᠡᠬᠡᠯ᠎ᠡ᠃
     ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠪᠴᠢᠶᠠᠨ ᠤ ᠨᠠᠮ ᠤᠨ ᠡᠭᠦᠷ ᠨᠢ ᠬᠤᠷᠠᠬᠤ ᠨᠡᠶᠢᠬᠡᠮ ᠲᠤᠭᠤᠷᠢᠭ ᠲᠤ ᠤᠴᠢᠨ ᠦᠨᠲᠦᠷ ᠨᠠᠰᠤᠲᠠᠶᠢᠴᠤᠳ ᠲᠤ ᠲᠤᠬᠤᠨᠢᠭᠤᠯᠭ᠎ᠠ ᠶᠢᠨ ᠪᠤᠳᠠᠰ ᠬᠦᠷᠭᠡᠵᠦ᠂ ᠪᠠᠶᠠᠷ ᠤᠨ ᠡᠲᠤᠷ ᠤᠨ ᠮᠡᠨᠲᠤᠴᠢᠯᠠᠯ ᠲᠡᠪᠰᠢᠭᠦᠯᠬᠦ ᠶᠢᠨ ᠬᠠᠮᠲᠦ ᠪᠠᠶ᠎ᠡ ᠮᠠᠬᠠᠪᠤᠳ ᠤᠨ ᠡᠷᠡᠭᠦᠯ ᠴᠢᠬᠢᠷᠠᠭ ᠪᠠᠶᠢᠬᠤ ᠶᠢ ᠬᠦᠰᠡᠨ ᠵᠦᠩᠨᠡᠭᠰᠡᠨ ᠪᠠᠶᠢᠨ᠎ᠠ᠃
     ᠭᠠᠯᠠᠭᠤᠳᠤ ᠪᠠᠯᠭᠠᠰᠤᠨ ᠤ ᠰᠢᠷᠬᠤᠰᠤ ᠨᠡᠶᠢᠬᠡᠮ ᠲᠤᠭᠤᠷᠢᠭ ᠨᠢ ᠭᠠᠯᠠᠭᠤᠲᠤ ᠪᠠᠭ᠎ᠠ ᠰᠤᠷᠭᠠᠭᠤᠯᠢ᠂ ᠮᠢᠩ ᠰᠢᠩ ᠬᠡᠤᠬᠡᠳ ᠤᠨ ᠴᠡᠴᠡᠷᠯᠢᠭ ᠲᠠᠢ ᠬᠠᠮᠲᠤᠷᠠᠨ ︽ᠰᠢᠨ᠎ᠡ ᠴᠠᠭ ᠦᠶ᠎ᠡ ᠪᠠᠨ ᠤᠭᠲᠤᠨ᠂ ᠨᠠᠰᠤᠲᠠᠶᠢᠴᠤᠳ ᠤᠨ ᠪᠠᠶᠠᠷ ᠢ ᠪᠡᠯᠭᠡᠯᠡᠬᠦ︾ ᠰᠡᠲᠦᠪᠲᠦ ᠠᠵᠢᠯᠯᠠᠭ᠎ᠠ ᠶᠢ ᠦᠷᠨᠢᠭᠦᠯᠦᠨ ᠴᠡᠴᠡᠷᠯᠢᠭ ᠤᠨ ᠪᠠᠭᠰᠢ ᠰᠤᠷᠤᠭᠴᠢ ᠠᠴᠠ ᠰᠢᠯᠦᠭ᠂ ᠲᠠᠭᠤᠤ ᠪᠦᠵᠢᠭ᠂ ᠪᠠᠶ᠎ᠡ ᠴᠢᠬᠢᠷᠠᠭᠵᠢᠭᠤᠯᠬᠤ ᠲᠠᠮᠢᠷ ᠵᠡᠷᠭᠡ ᠤᠷᠠᠨ ᠰᠠᠶᠢᠬᠠᠨ ᠤ ᠲᠤᠭᠯᠠᠯᠲᠠ ᠭᠠᠷᠭᠠᠵᠤ ᠪᠠᠶᠠᠷ ᠤᠨ ᠡᠲᠦᠷ ᠢ ᠤᠳᠬ᠎ᠠ ᠠᠭᠤᠯᠭ᠎ᠠ ᠲᠠᠢ ᠦᠡᠭᠭᠡᠷᠡᠭᠡᠭᠰᠡᠨ ᠪᠠᠶᠢᠨ᠎ᠠ᠃
     ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠤ ᠨᠠᠰᠦᠲᠠᠶᠢᠴᠤᠳ ᠤᠨ ᠪᠠᠶᠠᠷ ᠬᠦᠷᠴᠤ ᠢᠷᠡᠬᠦ ᠪᠠᠷ ᠬᠤᠷᠠᠬᠤ ᠨᠡᠶᠢᠭᠡᠮ ᠲᠤᠭᠤᠷᠢᠭ ᠨᠢ ᠨᠠᠰᠤᠲᠠᠶᠢᠴᠤᠳ ᠤᠨ ᠠᠮᠢᠳᠤᠷᠠᠯ ᠤᠨ ᠠᠭᠤᠯᠭ᠎ᠠ ᠶᠢ ᠪᠠᠶᠠᠯᠢᠭᠵᠢᠭᠤᠯᠬᠤ ᠶᠢᠨ ᠳᠤᠰᠠᠳᠠ ᠢᠳᠡᠷ ᠨᠠᠰᠤᠲᠠᠶᠢᠴᠤᠳ ᠤᠨ ᠶᠢᠰᠦᠳᠦᠭᠡᠷ ᠤᠳᠠᠭᠠᠨ ᠤ ᠡᠬᠦᠳᠡᠨ ᠪᠦᠮᠪᠦᠭᠡ ᠶᠢᠨ ᠤᠷᠤᠯᠳᠤᠭᠠᠨ ᠢ ᠡᠷᠬᠢᠯᠡᠨ ᠬᠢᠭᠡᠳ ᠳᠡᠬᠦᠰ ᠠᠮᠵᠢᠯᠲᠠ ᠲᠠᠢ ᠦᠨᠳᠦᠷᠯᠡᠪᠡ᠃ ᠡᠯ᠎ᠡ ᠭᠠᠵᠠᠷ ᠠᠴᠠ ᠢᠷᠡᠭᠰᠡᠨ 12 ᠳᠤᠭᠤᠶᠢᠯᠠᠩ ᠳᠤᠰ ᠤᠳᠠᠭᠠᠨ ᠤ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号