ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 20 ᠤ ᠴᠠᠬᠢᠯᠭᠠᠨ ᠮᠡᠳᠡᠭᠡ ᠪᠦᠬᠦ ᠤᠯᠤᠰ ᠤᠨ | ᠨᠠᠮ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ 19 ᠤ ᠡᠳᠤᠷ ᠠᠴᠠ 20 ᠤ ᠡᠳᠤᠷ ᠪᠤᠯᠳᠠᠯ᠎ᠠ | ᠪᠡᠬᠡᠵᠢᠩ ᠳᠤ ᠬᠤᠷᠠᠯᠳᠤᠪᠡ᠃ ᠬᠤᠷᠠᠯ ᠠᠴᠠ ᠡᠮᠤᠨ᠎ᠡ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ | ᠴᠢᠬᠤᠯᠠ ᠵᠢᠭᠠᠪᠤᠷᠢ ᠦᠭᠴᠡᠢ᠃ ᠳᠡᠷᠡ᠂ ᠨᠠᠮ ᠤᠨ ᠬᠤᠷᠢᠶᠠᠨ ᠤ ᠠᠯᠪᠠᠨ ᠳᠢᠩᠬᠢᠮ ︵ᠠᠯᠪᠠᠨ ᠬᠡᠷ︶ ᠨᠢ ᠨᠠᠮ ᠤᠨ | ᠬᠤᠷᠢᠶ᠎ᠠ ᠶᠢᠨ ᠶᠡᠷᠦᠩᠬᠡᠶᠢᠯᠡᠭᠰᠡᠨ ᠰᠠᠯᠠᠭ᠎ᠠ ᠮᠦᠴᠢᠷ ᠪᠤᠯᠤᠬᠰᠠᠨ ᠤ ᠬᠤᠪᠢ ᠳᠤ᠂ ᠨᠠᠮ ᠤᠨ ᠬᠤᠷᠢᠶ᠎ᠠ ᠶᠢᠨ | ᠤᠳᠤᠷᠢᠳᠬᠤ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢᠨ ᠵᠦᠪᠯᠡᠭᠴᠢ ᠪᠠ ᠲᠤᠰᠠᠯᠠᠭᠴᠢ ᠪᠤᠯᠤᠨ᠎ᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠡᠯ᠎ᠡ ᠱᠠᠳᠤᠨ ᠤ ᠨᠠᠮ ᠤᠨ ᠬᠤᠷᠢᠶᠠᠨ ᠤ ᠠᠯᠪᠠᠨ | ᠳᠢᠩᠬᠢᠮ ︵ᠠᠯᠪᠠᠨ ᠬᠡᠷ︶ ᠶᠡᠭᠡ ᠳᠠᠯ᠎ᠠ ᠳᠤ ᠦᠢᠯᠡᠴᠢᠯᠡᠵᠤ ᠵᠤᠷᠢᠬᠳᠠᠢ ᠪᠠᠷ ᠡᠬᠦᠷᠬᠡᠯᠡᠨ ᠰᠢᠷᠭᠠᠭᠤ ᠬᠠᠳᠠᠭᠤᠵᠢᠯᠳᠠᠢ | ᠠᠵᠢᠯᠯᠠᠵᠥ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠬᠦᠯᠪᠡ᠃ ᠰᠢᠨ᠎ᠡ ᠴᠠᠬ ᠦᠶ᠎ᠡ ᠳᠤ ᠬᠠᠨᠳᠤᠨ᠂ ︽ᠳᠦᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ | ᠴᠢᠩᠭᠠᠳᠬᠠᠵᠥ᠂ ᠤᠨᠤᠯ ᠢᠶᠠᠷ ᠵᠡᠪᠰᠡᠭᠯᠡᠬᠦ ᠪᠠᠨ ᠴᠢᠩᠭᠠᠷᠠᠭᠤᠯᠤᠨ᠂ ᠡᠩᠨᠡᠭᠡ ᠶᠢᠨ ᠬᠡᠪ ᠪᠤᠯᠪᠠᠰᠤᠷᠠᠯ ᠢᠶᠠᠨ | ᠳᠡᠬᠡᠭᠰᠢᠯᠡᠬᠦᠯᠵᠥ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠶᠢ | ᠪᠠᠷᠢᠮᠳᠠᠯᠠᠵᠥ᠂ ᠨᠠᠮ ᠤᠨ ᠳᠦᠪ ᠬᠤᠷᠢᠶᠡᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ | ᠡᠷᠡᠰ ᠬᠠᠮᠠᠭᠠᠯᠠᠵᠤ᠂ ᠨᠠᠮ ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠥ᠂ ︽ᠭᠤᠷᠪᠠ ᠳᠤ ᠦᠢᠯᠡᠴᠢᠯᠡᠬᠦ︾ | ᠠᠵᠢᠯ ᠤᠨ ᠳᠦᠪᠰᠢᠨ ᠢᠶᠠᠨ ᠪᠦᠬᠦ ᠳᠠᠯ᠎ᠡ ᠪᠠᠷ ᠳᠡᠬᠡᠭᠰᠢᠯᠡᠬᠦᠯᠤᠨ᠂ ᠨᠠᠮ ᠳᠠᠭᠠᠨ ᠦᠨᠡᠨᠴᠢ᠂ ᠠᠷᠠᠳ ᠳᠦᠮᠡᠨ ᠳᠤ | ᠰᠡᠳᠬᠢᠯ ᠬᠠᠨᠤᠮᠵᠢᠳᠠᠢ ᠵᠢᠱᠢᠶᠡᠴᠢ ᠪᠠᠶᠢᠭᠤᠯᠭ᠎ᠠ ᠶᠢ ᠴᠤᠭᠴᠠᠯᠠᠨ ᠪᠠᠶᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ ᠨᠠᠷ ᠤᠨ | ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ | ᠬᠤᠷᠠᠯ ᠳᠡᠭᠡᠷ᠎ᠠ ᠶᠠᠷᠢᠶ᠎ᠠ ᠲᠠᠯᠪᠢᠵᠤ᠂ ᠡᠯ᠎ᠠ ᠱᠠᠳᠤᠨ ᠤ ᠨᠠᠮ ᠤᠨ ᠬᠤᠷᠢᠶᠠᠨ ᠤ ᠠᠯᠪᠠᠨ ᠲᠢᠩᠭᠢᠮ ︵ᠠᠯᠪᠠᠨ ᠭᠡᠷ︶ | ᠲᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠤ᠂ ᠵᠦᠪ ᠤᠨᠤᠪᠴᠢᠳᠠᠢ ᠲᠠᠨᠢᠯᠳᠠ ᠪᠠ ᠦᠢᠯᠡ | ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ | ᠡᠷᠡᠰ ᠬᠠᠮᠠᠭᠠᠯᠠᠬᠤ ᠬᠡᠷᠡᠭᠳᠠᠢ᠃ ᠰᠢᠨ᠎ᠠ ᠪᠠᠶᠢᠳᠠᠯ ᠰᠢᠨ᠎ᠠ ᠡᠭᠦᠷᠭᠡ ᠰᠢᠨ᠎ᠠ ᠦᠷᠢᠰᠦᠯᠳᠦᠭᠡᠨ ᠳᠤ ᠵᠤᠬᠢᠴᠠᠵᠤ᠂ | ᠤᠨᠤᠯ ᠢᠶᠠᠷ ᠵᠡᠪᠰᠡᠭᠯᠡᠬᠦ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠪᠠᠨ ᠰᠢᠯᠢᠳᠡᠭᠵᠢᠭᠦᠯᠬᠦ᠂ ᠠᠵᠢᠯ ᠤᠨ | ᠲᠤᠭᠳᠠᠴᠠ ᠶᠢᠨ ᠰᠢᠨ᠎ᠠ ᠶᠢ ᠡᠭᠦᠳᠬᠦ ᠪᠠ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠨᠠᠭᠰᠢᠳᠠ ᠰᠠᠶᠢᠳᠤᠷ | ᠠᠳᠬᠤᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠰᠢᠨ᠎ᠠ ᠶᠢ ᠡᠭᠦᠳᠬᠦ ᠬᠦᠭᠵᠢᠯᠳᠡ ᠶᠢ ᠲᠠᠰᠤᠷᠠᠯᠳᠠ ᠦᠭᠡᠢ | ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠨᠠᠮ ᠤᠨ ᠬᠤᠷᠢᠶᠠᠨ ᠤ ᠠᠯᠪᠠᠨ ᠲᠢᠩᠭᠢᠮ ︵ᠠᠯᠪᠠᠨ ᠭᠡᠷ︶ ᠤᠨ ᠠᠵᠢᠯ ᠤᠨ ᠠᠮᠵᠢᠯᠳᠠ ᠪᠦᠲᠦᠮᠵᠢ | ᠪᠤᠯᠤᠨ ᠲᠤᠷᠰᠢᠯᠭ᠎ᠠ ᠪᠠᠨ ᠳ᠋ᠦᠩᠨᠡᠨ ᠰᠤᠯᠢᠯᠴᠠᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠲᠦᠪᠰᠢᠨ ᠢᠶᠠᠨ | ᠳᠡᠭᠡᠭᠰᠢᠯᠡᠭᠦᠯᠬᠦ ᠡᠭᠦᠷᠭᠡ ᠪᠤᠯᠤᠨ ᠠᠷᠭ᠎ᠠ ᠬᠡᠮᠵᠢᠶ᠎ᠠ ᠶᠢ ᠰᠤᠳᠤᠯᠵᠤ᠂ ᠨᠠᠮ ᠤᠨ ᠬᠤᠷᠢᠶᠠᠨ ᠤ ᠠᠯᠪᠠᠨ ᠲᠢᠩᠭᠢᠮ ︵ | ᠠᠯᠪᠠᠨ ᠭᠡᠷ︶ ᠤᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠤᠳᠠᠳᠠᠢ ᠪᠠᠶᠢᠷᠢᠯᠠᠭᠤᠯᠤᠯᠳᠠ | ᠬᠢᠵᠠᠢ᠃ |