ᠮᠠᠨ ᠤ ᠬᠤᠰᠢᠭᠤᠨ ᠤ ᠰᠦᠢᠳᠬᠡᠯ ᠦᠭᠡᠢ ᠬᠡᠭᠡᠯᠳᠦᠭᠦᠯᠭᠡ ᠶᠢᠨ ᠦᠷᠲᠡᠭᠡᠨ ᠤ ᠪᠦᠷᠬᠦᠴᠡ ᠨᠢ 85% ᠶᠢ ᠲᠠᠪᠠᠵᠦ ᠨᠠᠮᠤᠷ ᠤᠨ ᠬᠡᠬᠡᠯᠳᠦᠭᠦᠯᠭᠡ ᠶᠢᠨ ᠠᠵᠢᠯ ᠢ ᠰᠢᠯᠤᠭᠤᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2018-10-23
      ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠨᠠᠷᠢᠨ ᠨᠤᠤᠰᠤᠲᠦ ᠬᠤᠨᠢ ᠮᠠᠯᠵᠢᠵᠦ ᠪᠦᠬᠦᠢ ᠵᠢᠱᠢᠶᠡᠴᠢ ᠡᠷᠦᠬᠡ ᠳᠤ ᠵᠢᠯ ᠲᠠᠷᠠᠭᠠᠯᠠᠨ ᠰᠦᠢᠳᠭᠡᠯ ᠦᠭᠡᠢ ᠬᠡᠭᠡᠯᠳᠦᠭᠦᠯᠭᠡ ᠶᠢᠨ ᠦᠷᠲᠡᠭᠡ ᠪᠠᠶᠢᠭᠤᠯᠤᠭᠠᠳ ᠮᠠᠯᠴᠢᠨ ᠲᠦᠮᠡᠨ ᠳᠤ ᠲᠦᠬᠦᠮ ᠦᠵᠡᠭᠦᠯᠬᠦ ᠶᠢᠨ ᠬᠠᠮᠲᠦ ᠨᠠᠷᠢᠨ ᠨᠤᠤᠰᠤᠲᠦ ᠬᠤᠨᠢᠨ ᠤ ᠡᠭᠦᠯᠳᠡᠷ ᠤᠨ ᠬᠠᠮᠠᠭᠠᠯᠠᠯᠳᠠ ᠶᠢ ᠠᠬᠢᠭᠤᠯᠵᠦ ᠪᠤᠢ᠂ ᠤᠳᠤᠬᠠᠨ ᠪᠤᠯᠬᠤ ᠳᠤ ᠪᠦᠬᠦ ᠬᠤᠰᠢᠭᠤᠨ ᠤ ᠰᠦᠢᠳᠬᠡᠯ ᠦᠭᠡᠢ ᠬᠡᠬᠡᠯᠳᠦᠭᠦᠯᠭᠡ ᠶᠢᠨ ᠦᠷᠳᠡᠭᠡᠨ  ᠤ ᠪᠦᠷᠬᠦᠴᠡ ᠨᠢ 85% ᠶᠢ ᠲᠠᠪᠠᠭᠰᠠᠨ ᠪᠠᠶᠢᠨ᠎ᠠ᠃      ᠨᠠᠮᠤᠷ ᠤᠨ ᠬᠡᠬᠡᠯᠳᠦᠭᠦᠯᠭᠡ ᠶᠢᠨ ᠠᠵᠢᠯ ᠰᠢᠪᠲᠤᠷᠭᠠᠨ ᠳᠤ ᠤᠷᠤᠬᠤ ᠪᠠᠷ ᠮᠠᠯᠴᠢᠳ ᠠᠵᠢᠯ ᠢᠶᠠᠨ ᠲᠠᠭᠤᠰᠬᠠᠬᠤ ᠪᠠᠷ ᠤᠷᠤᠢ ᠪᠦᠷᠦᠢ ᠬᠦᠷᠲᠡᠯ᠎ᠡ ᠶᠠᠭᠠᠷᠠᠯᠳᠤᠨ᠎ᠠ᠃ ᠭᠠᠯᠠᠭᠤᠳᠤ ᠪᠠᠯᠭᠠᠰᠤᠨ ᠤ ᠪᠤᠵᠠᠢ ᠭᠠᠴᠠᠭᠠᠨ ᠤ ᠮᠠᠯᠴᠢᠨ ᠬᠠᠰᠪᠠᠶᠠᠷ ᠤᠨ ᠨᠠᠷᠢᠨ ᠨᠤᠤᠰᠤᠲᠦ ᠬᠤᠨᠢᠨ ᠤ ᠬᠡᠬᠡᠯᠳᠦᠬᠦᠯᠭᠡ ᠶᠢᠨ ᠠᠵᠢᠯ ᠨᠡᠩ ᠲᠦᠬᠦᠮ ᠪᠤᠯᠵᠦ ᠬᠤᠪᠢ  ᠶᠢᠨ ᠠᠵᠢᠯ ᠢᠶᠠᠨ ᠡᠷᠳᠡ ᠲᠠᠭᠤᠰᠬᠠᠭᠰᠠᠨ ᠢᠶᠠᠷ ᠪᠠᠷᠠᠬᠤ ᠦᠭᠡᠢ ᠵᠡᠷᠭᠡᠯᠡᠳᠡᠭᠡ ᠠᠶᠢᠯ ᠤᠨ ᠮᠠᠯ ᠢ ᠴᠦ ᠬᠡᠬᠡᠯᠳᠦᠭᠦᠯᠦᠨ ᠲᠠᠭᠤᠰᠬᠠᠯ᠎ᠠ᠃ ᠡᠶᠢᠮᠦᠷᠬᠦ ᠲᠦᠬᠦᠮ ᠮᠦᠷᠲᠡᠭᠡᠨ ᠤᠬᠤᠷᠬᠠᠨ ᠬᠤᠭᠤᠴᠠᠭᠠᠨ ᠳᠤ ᠠᠵᠢᠯ ᠢᠶᠠᠨ ᠲᠠᠭᠤᠰᠬᠠᠭᠰᠠᠨ ᠨᠢ ᠭᠤᠤᠯᠳᠠᠭᠤ ᠡᠳᠡᠨ ᠤ ᠬᠢᠨ ᠳᠤ ᠰᠢᠨ᠎ᠡ ᠬᠡᠬᠡᠯᠳᠦᠭᠦᠯᠭᠡ ᠶᠢᠨ ᠦᠷᠳᠡᠭᠡ ᠲᠠᠢ ᠪᠤᠯᠤᠭᠰᠠᠨ ᠢᠶᠠᠷ ᠪᠠᠷᠠᠬᠤ ᠦᠭᠡᠢ ᠨᠦᠬᠦᠷ ᠪᠤᠯᠤᠳᠴᠡᠴᠡᠭ ᠨᠢ ᠬᠡᠬᠡᠯᠳᠦᠬᠦᠯᠭᠡ ᠶᠢᠨ ᠮᠡᠷᠭᠡᠵᠢᠯ ᠢ ᠪᠦᠷᠢᠨ ᠰᠠᠶᠢᠨ ᠡᠵᠡᠮᠰᠢᠭᠰᠡᠨ ᠳᠤ ᠰᠢᠯᠲᠠᠭᠠᠯᠠᠭᠳᠠᠨ᠎ᠠ᠃      ᠮᠠᠯᠴᠢᠨ ᠪᠣᠯᠤᠳᠴᠡᠴᠡᠭ᠄ ︽ᠡᠨᠡ ᠬᠡᠭᠡᠯᠳᠦᠭᠦᠯᠭᠡ ᠶᠢᠨ ᠦᠷᠳᠡᠭᠡ ᠶᠢ ᠪᠣᠯ ᠬᠤᠰᠢᠭᠤᠨ ᠤ ᠡᠭᠦᠯᠳᠡᠷ ᠰᠠᠶᠢᠵᠢᠷᠠᠭᠤᠯᠬᠤ ᠦᠷᠲᠡᠭᠡᠨ ᠠᠴᠠ ᠡᠨᠡ ᠵᠢᠯ ᠪᠢᠳᠠᠨ ᠳᠤ ᠪᠠᠷᠢᠵᠤ ᠦᠭᠭᠦᠭᠰᠡᠨ᠂ ᠡᠨᠡ ᠨᠢ ᠪᠢᠳᠠᠨ ᠳᠤ ᠲᠤᠶᠢᠯ ᠤᠨ ᠶᠡᠭᠡ ᠳᠦᠭᠦᠮ ᠦᠵᠡᠭᠦᠯᠦᠭᠰᠡᠨ᠂ ᠣᠣᠯ ᠨᠢ ᠪᠢᠳᠠ ᠦᠷᠯᠦᠭᠡ ᠡᠷᠲᠡ ᠪᠣᠰᠴᠤ ᠬᠤᠨᠢ ᠪᠠᠨ ᠪᠠᠶᠢᠴᠠᠭᠠᠭᠠᠳ ᠬᠦᠮᠦᠨ  ᠤ ᠠᠶᠢᠯ ᠳᠤ ᠲᠠᠭᠤᠵᠤ ᠠᠪᠠᠴᠢᠵᠤ ᠬᠡᠭᠡᠯᠲᠦᠭᠦᠯᠲᠡᠭ ᠪᠠᠶᠢᠵᠠᠢ᠂ ᠰᠡᠭᠦᠯᠡᠷ ᠨᠢ ᠮᠠᠨ ᠤ ᠠᠳᠡ ᠬᠡᠭᠡᠯᠳᠦᠭᠦᠯᠭᠡ ᠶᠢᠨ ᠦᠷᠲᠡᠭᠡ ᠪᠠᠶᠢᠬᠤ ᠦᠭᠡᠢ ᠪᠣᠯᠬᠤ ᠳᠤ ᠦᠪᠡᠷ ᠢᠶᠠᠨ ᠬᠤᠴᠠ ᠰᠠᠭᠤᠯᠭᠠᠬᠤ ᠪᠤᠶᠤ ᠰᠦᠷᠦᠭ ᠲᠤ ᠪᠠᠨ ᠬᠤᠴᠠ ᠲᠠᠯᠪᠢᠳᠠᠭ᠂ ᠡᠨᠡ ᠵᠢᠯ ᠲᠤᠰ ᠦᠷᠲᠡᠭᠡ ᠶᠢ ᠪᠠᠷᠢᠵᠤ ᠦᠭᠭᠦᠭᠰᠡᠨ ᠠᠴᠠ ᠣᠶᠢᠷ᠎ᠠ ᠬᠠᠪᠢ ᠶᠢᠨ ᠠᠶᠢᠯ ᠤᠳ ᠴᠤ ᠮᠠᠨ  ᠤ ᠳᠤ ᠢᠷᠡᠵᠦ ᠬᠡᠭᠡᠯᠲᠦᠭᠦᠯᠭᠡ ᠬᠢᠵᠤ ᠪᠠᠶᠢᠨ᠎ᠠ︾ ᠭᠡᠵᠤ ᠶᠠᠷᠢᠵᠤ ᠪᠠᠶᠢᠯ᠎ᠠ᠃      ᠡᠨᠡ ᠵᠢᠯ ᠮᠠᠨ ᠤ ᠬᠤᠰᠢᠭᠤ ᠨᠠᠮᠤᠷ ᠤᠨ ᠬᠡᠬᠡᠯᠳᠦᠭᠦᠯᠭᠡ ᠶᠢᠨ ᠠᠵᠢᠯ ᠳᠤ ᠴᠢᠭᠯᠡᠭᠦᠯᠦᠨ ᠬᠦᠷᠰᠢ ᠵᠡᠷᠭᠡᠯᠡᠳᠡᠭᠡ  ᠶᠢᠨ ᠲᠤᠮᠳᠠ ᠬᠤᠶᠠᠷ ᠰᠠᠭᠤᠷᠢ 32 ᠬᠠᠪᠲᠠᠭᠠᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠬᠡᠬᠡᠯᠳᠦᠬᠦᠯᠭᠡ ᠶᠢᠨ ᠦᠷᠳᠡᠭᠡ ᠶᠢ ᠰᠦᠢᠳᠬᠡᠯ ᠦᠭᠡᠢ ᠪᠠᠷ ᠨᠡᠮᠡᠨ ᠪᠠᠶᠢᠭᠤᠯᠵᠦ᠂ ᠢᠵᠢ ᠪᠦᠷᠢᠳᠦᠭᠰᠡᠨ ᠲᠤᠨᠤᠭ ᠲᠦᠬᠦᠭᠡᠷᠦᠮᠵᠢ ᠶᠢ ᠪᠦᠷᠢᠨᠵᠢᠭᠦᠯᠦᠭᠰᠡᠨ ᠤ ᠬᠠᠮᠲᠦ ᠬᠡᠬᠡᠳᠦᠭᠦᠯᠬᠡ ᠶᠢᠨ ᠮᠡᠷᠭᠡᠵᠢᠯ ᠢ ᠴᠦ ᠵᠢᠭᠠᠨ ᠰᠤᠷᠭᠠᠵᠠᠢ᠃ ᠡᠨᠡ ᠨᠢ ᠬᠤᠪᠢ ᠠᠶᠢᠯ  ᠤᠨ ᠠᠵᠢᠯ ᠢ ᠤᠷᠤᠭᠰᠢᠲᠠᠢ ᠪᠤᠯᠭᠠᠬᠤ ᠶᠢᠨ ᠬᠠᠮᠲᠦ ᠵᠡᠷᠭᠡᠯᠡᠳᠡᠭᠡ ᠠᠶᠢᠯ ᠤᠨ ᠮᠠᠯ ᠤᠨ ᠬᠡᠭᠡᠯᠲᠦᠭᠦᠯᠭᠡ ᠶᠢᠨ ᠠᠵᠢᠯ  ᠳᠤ ᠴᠦ ᠲᠦᠬᠦᠮ ᠲᠦᠳᠡ ᠦᠢᠯᠡᠴᠢᠯᠡᠭᠡ ᠬᠠᠩᠭᠠᠬᠤ ᠪᠤᠯᠭᠠᠵᠠᠢ᠃      ᠮᠠᠨ ᠤ ᠬᠤᠰᠢᠭᠤ ᠬᠡᠬᠡᠯᠳᠦᠭᠦᠯᠭᠡ ᠶᠢᠨ ᠲᠦᠪ ᠢᠶᠠᠷ ᠭᠤᠤᠯ ᠪᠤᠯᠭᠠᠨ ᠦᠷ᠎ᠡ ᠰᠠᠭᠤᠯᠭᠠᠬᠤ ᠴᠡᠭ ᠢᠶᠠᠷ ᠲᠤᠯᠭᠠᠭᠤᠷᠢᠯᠠᠭᠤᠯᠤᠨ ᠪᠦᠬᠦ ᠬᠤᠰᠢᠭᠤᠨ ᠤ ᠬᠡᠪᠴᠢᠶᠡᠨ ᠳᠤ ᠤᠷᠳᠤᠰ ᠨᠠᠷᠢᠨ ᠨᠤᠤᠰᠤᠲᠦ ᠬᠤᠨᠢ ᠲᠡᠵᠢᠭᠡᠨ ᠦᠷᠡᠵᠢᠭᠦᠯᠬᠦ ᠶᠢ ᠲᠦᠯᠬᠢᠨ ᠠᠬᠢᠭᠤᠯᠵᠦ ᠪᠤᠢ᠃ ᠡᠭᠦᠨ ᠳᠤ ᠤᠷᠳᠤᠰ ᠨᠠᠷᠢᠨ ᠨᠤᠤᠰᠤᠲᠦ ᠬᠤᠨᠢᠨ ᠤ ᠬᠡᠬᠡᠯᠳᠦᠬᠦᠯᠭᠡ  ᠶᠢᠨ ᠦᠷᠲᠡᠭᠡᠨ ᠤ ᠪᠠᠶᠢᠭᠤᠯᠤᠯᠲᠠ ᠶᠢ ᠨᠡᠮᠡᠭᠳᠡᠭᠦᠯᠦᠨ ᠦᠷᠳᠡᠭᠡ ᠪᠤᠯᠭᠠᠨ ᠳᠤ ᠬᠡᠬᠡᠯᠳᠦᠭᠦᠯᠦᠭᠴᠢ᠂ ᠰᠠᠶᠢᠨ ᠡᠭᠦᠯᠳᠡᠷ  ᠤᠨ ᠬᠤᠴᠠ᠂ ᠲᠦᠬᠦᠭᠡᠷᠵᠢᠭᠰᠡᠨ ᠲᠤᠨᠤᠭ ᠲᠦᠬᠦᠭᠡᠷᠦᠮᠵᠢ᠂ ᠪᠠᠷᠢᠮᠵᠢᠶᠠᠵᠢᠭᠰᠠᠨ ᠲᠠᠰᠤᠭ ᠵᠡᠷᠭᠡ ︽ᠲᠦᠷᠪᠡᠨ ᠵᠠᠪᠠᠯ ᠪᠠᠶᠢᠬᠤ︾ ᠶᠢ ᠪᠠᠲᠤᠯᠠᠵᠤ ᠤᠳᠤᠬᠠᠨ ᠳᠤ ᠮᠠᠨ ᠤ ᠬᠤᠰᠢᠭᠤᠨ ᠳᠤ ᠲᠠᠪᠤ ᠠᠴᠠ ᠠᠷᠪᠠᠨ ᠺᠧᠯᠤᠮᠧᠲᠷ ᠤᠨ ᠵᠠᠢ ᠳᠤ ᠨᠢᠭᠡ ᠬᠡᠬᠡᠯᠳᠦᠭᠦᠯᠭᠡ ᠶᠢᠨ ᠦᠷᠲᠡᠭᠡ ᠲᠠᠢ ᠪᠠᠶᠢᠵᠦ ᠤᠷᠢᠳ ᠬᠤᠵᠢᠳ ᠨᠡᠶᠢᠲᠡ ᠬᠤᠶᠠᠷ ᠵᠠᠭᠤ ᠭᠠᠷᠤᠢ ᠬᠡᠭᠡᠯᠲᠦᠭᠦᠯᠭᠡ ᠶᠢᠨ ᠦᠷᠳᠡᠭᠡ ᠶᠢ ᠪᠠᠶᠢᠭᠤᠯᠤᠨ ᠪᠦᠷᠬᠦᠴᠡ ᠨᠢ 85% ᠠᠴᠠ ᠲᠡᠭᠡᠭᠰᠢ ᠪᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号