ᠴᠢᠳᠠᠪᠦᠷᠢᠳᠡᠳ ᠭᠠᠴᠠᠭᠠᠨ ᠳᠠᠭᠠᠨ ᠢᠷᠡᠵᠦ ᠲᠤᠰᠢᠶᠠᠯ ᠡᠬᠦᠷᠬᠡᠯᠡᠨ ᠦᠨᠳᠤᠰᠤᠨ ᠱᠠᠲᠤᠨ ᠤ ᠺᠠᠳ᠋ᠷᠴᠤᠳ  ᠤᠨ ᠡᠩᠨᠡᠭᠡᠨ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠯ᠎ᠡ
ᠨᠡᠶᠢᠲᠡᠯᠡᠭᠰᠡᠨ ᠴᠠᠭ᠄
2018-10-23
      ᠡᠨᠡ ᠵᠢᠯ ᠮᠠᠨ ᠤ ᠬᠤᠰᠢᠭᠤ ᠭᠠᠴᠠᠭ᠎ᠠ ᠲᠤᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠶᠠᠪᠤᠴᠠ ᠳᠤ ᠴᠢᠳᠠᠪᠦᠷᠢᠳᠡᠨ ᠢ ᠭᠠᠴᠠᠭ᠎ᠠ ᠲᠤᠰᠬᠤᠨ ᠤ ᠺᠠᠳ᠋ᠷᠴᠤᠳ ᠤᠨ ᠡᠩᠨᠡᠬᠡᠨ  ᠳᠤ ᠣᠷᠤᠭᠤᠯᠬᠤ ᠠᠷᠭ᠎ᠠ ᠠᠪᠴᠠᠯ ᠢ ᠬᠡᠷᠡᠭᠵᠢᠬᠦᠯᠵᠦ᠂ ᠡᠯ᠎ᠡ ᠭᠠᠴᠠᠭ᠎ᠠ ᠲᠤᠰᠬᠤᠨ ᠠᠴᠠ ᠭᠠᠷᠤᠭᠰᠠᠨ ᠬᠤᠰᠢᠭᠤᠨ ᠤ ᠡᠯ᠎ᠡ ᠠᠯᠪᠠᠨ ᠪᠠᠶᠢᠭᠤᠯᠭ᠎ᠠ ᠳᠤ ᠠᠵᠢᠯᠯᠠᠵᠦ ᠪᠠᠶᠢᠭ᠎ᠠ ᠴᠢᠳᠠᠪᠦᠷᠢᠳᠡᠳ ᠢ ᠭᠠᠴᠠᠭ᠎ᠠ ᠲᠤᠰᠬᠤᠨ ᠲᠤᠰᠢᠶᠠᠯ ᠡᠬᠦᠷᠬᠡᠯᠡᠬᠦ  ᠶᠢ ᠵᠤᠷᠢᠭᠵᠢᠭᠤᠯᠤᠨ᠂ ᠦᠨᠳᠤᠰᠤᠨ ᠱᠠᠲᠤᠨ ᠤ ᠺᠠᠳ᠋ᠷᠴᠤᠳ ᠤᠨ ᠡᠩᠨᠡᠭᠡ ᠶᠢ ᠣᠯᠠᠮ ᠨᠢᠭᠡ ᠠᠯᠬᠤᠮ ᠰᠢᠯᠢᠳᠡᠭᠵᠢᠬᠦᠯᠦᠭᠰᠡᠨ ᠪᠠᠶᠢᠨ᠎ᠠ᠃      ᠣᠶᠢᠷ᠎ᠠ ᠳᠤ᠂ ᠭᠠᠯᠠᠭᠤᠳᠤ ᠪᠠᠯᠭᠠᠰᠤᠨ ᠤ ᠬᠦᠬᠡᠨᠠᠭᠤᠷ ᠭᠠᠴᠠᠭᠠᠨ ᠤ ᠨᠠᠮ ᠤᠨ ᠡᠬᠦᠷ ᠤᠨ ᠲᠡᠳ᠋ ᠱᠦᠵᠢ  ᠪᠠᠷ ᠰᠢᠨᠡᠬᠡᠨ ᠰᠤᠩᠭᠤᠭᠳᠠᠭᠰᠠᠨ ᠬᠡᠷᠡᠯᠳᠤ ᠴᠢᠯᠦᠬᠡ ᠭᠠᠷᠪᠠᠯ ᠭᠠᠴᠠᠭᠠᠨ ᠤ ᠪᠠᠨ ᠮᠠᠯᠴᠢᠳ ᠤᠨ ᠡᠷᠤᠬᠡ ᠢᠶᠠᠷ ᠬᠦᠷᠴᠤ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠦᠨᠳᠤᠰᠣᠨ ᠪᠠᠶᠢᠳᠠᠯ ᠢ ᠣᠶᠢᠯᠠᠭᠠᠨ ᠬᠤᠶᠢᠰᠢᠳᠡ ᠶᠢᠨ ᠠᠵᠢᠯ  ᠳᠠᠭᠠᠨ ᠰᠠᠭᠤᠷᠢ ᠲᠠᠯᠪᠢᠵᠦ ᠪᠠᠶᠢᠯ᠎ᠠ᠃ 2010 ᠣᠨ ᠳᠤ ᠬᠡᠷᠡᠯᠳᠤ ᠶᠡᠭᠡ ᠰᠤᠷᠭᠠᠭᠤᠯᠢ ᠪᠠᠨ ᠲᠡᠬᠦᠰᠬᠡᠭᠰᠡᠨ ᠤ ᠲᠠᠷᠠᠭ᠎ᠠ ᠮᠠᠨ ᠤ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠲᠤ ᠠᠵᠢᠯᠯᠠᠵᠤ᠂ ᠬᠠᠷᠢᠭᠤᠴᠠᠭᠰᠠᠨ ᠠᠵᠢᠯ  ᠢᠶᠠᠨ ᠨᠢᠮᠪᠠᠢ ᠪᠡᠶᠡᠯᠡᠬᠦᠯᠬᠦ ᠶᠢᠨ ᠵᠡᠷᠭᠡ ᠪᠠᠷ ᠠᠯᠢ ᠨᠢᠬᠡ ᠡᠳᠤᠷ ᠦᠰᠴᠤ ᠲᠦᠷᠦᠭᠰᠡᠨ ᠦᠯᠦᠬᠡᠢ ᠨᠤᠲᠤᠭ ᠤᠨ ᠢᠶᠠᠨ ᠪᠦᠲᠦᠭᠡᠨ ᠪᠠᠶᠢᠭᠤᠯᠤᠯᠳᠠ ᠳᠤ ᠬᠦᠴᠦᠨ ᠴᠢᠳᠠᠯ ᠢᠶᠠᠨ ᠡᠷᠬᠦᠬᠦ ᠪᠠᠷ ᠰᠠᠨᠠᠵᠦ ᠪᠠᠶᠢᠭᠰᠠᠨ ᠢᠶᠠᠨ ᠡᠨᠡ ᠵᠢᠯ ᠬᠤᠰᠢᠭᠤᠨ  ᠠᠴᠠ ᠬᠡᠷᠡᠭᠵᠢᠬᠦᠯᠦᠭᠰᠡᠨ ︽ᠴᠢᠳᠠᠪᠦᠷᠢᠳᠡᠨ ᠭᠠᠴᠠᠭ᠎ᠠ ᠲᠤᠰᠬᠤᠨ ᠳᠤ ᠲᠤᠰᠢᠶᠠᠯ ᠬᠠᠷᠢᠭᠤᠴᠠᠬᠤ ᠶᠢ ᠵᠤᠷᠢᠭᠵᠢᠭᠤᠯᠬᠤ ︾ ᠲᠦᠷᠦ ᠶᠢᠨ ᠪᠤᠳᠤᠯᠭ᠎ᠠ ᠪᠠ ᠮᠠᠯᠴᠢᠨ ᠲᠥᠮᠡᠨ ᠤ ᠢᠳᠡᠬᠡᠯ ᠨᠠᠶᠢᠳᠠᠯᠭ᠎ᠠ ᠨᠢ ᠲᠡᠬᠦᠨ ᠤ ᠡᠨᠡᠬᠦ ᠬᠦᠰᠡᠯ ᠪᠤᠳᠤᠯ ᠢ  ᠨᠢ ᠲᠡᠷᠭᠡᠯᠰᠢᠬᠦᠯᠵᠦ᠂ ᠭᠠᠴᠠᠭᠠᠨ ᠤ ᠠᠵᠢᠯ ᠳᠠᠭᠠᠨ ᠰᠢᠭᠤᠷᠬᠠᠶᠢᠯᠠᠨ ᠣᠷᠤᠯᠴᠠᠭᠰᠠᠨ ᠨᠢ ᠡᠨᠡ ᠪᠠᠶᠢᠵᠠᠢ᠃      ᠣᠳᠤᠬᠠᠨ ᠳᠤ ᠬᠦᠳᠡᠭᠡ ᠲᠤᠰᠬᠤᠨ ᠮᠠᠯᠵᠢᠬᠤ ᠣᠷᠤᠨ ᠤ ᠺᠠᠳ᠋ᠷᠴᠤᠳ ᠤᠨ ᠡᠩᠨᠡᠭᠡᠨ ᠤ ᠨᠠᠰᠤᠨ ᠤ ᠪᠦᠷᠢᠯᠳᠦᠬᠦᠨ ᠤ ᠬᠤᠪᠢ ᠳᠤ ᠵᠤᠬᠢᠬᠤ ᠬᠡᠮᠵᠢᠶᠠᠨ ᠤ ᠨᠠᠰᠤᠵᠢᠬᠤ ᠬᠠᠨᠳᠤᠰᠢ ᠲᠠᠢ ᠪᠠᠶᠢᠭ᠎ᠠ ᠪᠦᠭᠡᠳ ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠡᠯ᠎ᠡ ᠲᠠᠯ᠎ᠠ ᠶᠢᠨ ᠬᠦᠭᠵᠢᠯᠳᠠ ᠳᠤ ᠴᠦᠮ ᠰᠢᠨ᠎ᠡ ᠴᠠᠭ ᠦᠶ᠎ᠡ  ᠶᠢᠨ ᠣᠯᠠᠨ ᠲᠠᠯ᠎ᠠ ᠶᠢᠨ ᠰᠤᠶᠤᠯ ᠮᠡᠷᠬᠡᠵᠢᠯ ᠢ ᠡᠵᠡᠮᠰᠢᠭᠰᠡᠨ ᠴᠢᠳᠠᠪᠦᠷᠢᠳᠠᠨ ᠲᠤᠯᠭᠠᠮ᠎ᠠ ᠱᠠᠭᠠᠷᠳᠠᠭᠳᠠᠵᠦ ᠪᠠᠶᠢᠭ᠎ᠠ ᠣᠴᠢᠷ ᠠᠴᠠ ᠮᠠᠨ ᠤ ᠬᠤᠰᠢᠭᠤᠨ ᠤ ᠡᠨᠡᠬᠦ ᠲᠦᠷᠦ ᠶᠢᠨ ᠪᠤᠳᠤᠯᠭ᠎ᠠ ᠨᠢ ᠦᠨᠳᠤᠰᠤᠨ ᠱᠠᠲᠤᠨ ᠤ ᠪᠦᠬᠦ ᠲᠠᠯ᠎ᠠ ᠶᠢᠨ ᠬᠦᠭᠵᠢᠯᠳᠠ ᠪᠠ ᠺᠠᠳ᠋ᠷᠴᠦᠳ ᠤᠨ ᠬᠤᠪᠢ ᠪᠡᠶ᠎ᠡ ᠶᠢᠨ ᠲᠠᠪᠳᠠᠨ ᠪᠤᠯᠪᠠᠰᠤᠷᠠᠭᠤᠯᠤᠯᠳᠠ ᠶᠢᠨ ᠲᠠᠯ᠎ᠠ ᠪᠠᠷ ᠴᠦᠮ ᠢᠳᠡᠪᠬᠢ ᠦᠢᠯᠡᠳᠦᠯ ᠦᠵᠡᠬᠦᠯᠵᠡᠢ᠃      ᠬᠡᠷᠡᠯᠳᠤ ᠲᠠᠢ ᠠᠳᠠᠯᠢ ᠪᠠᠷ ᠡᠨᠡ ᠵᠢᠯ ᠮᠠᠨ ᠤ ᠬᠤᠰᠢᠭᠤᠨ ᠤ 61 ᠭᠠᠴᠠᠭ᠎ᠠ ᠲᠤᠰᠬᠤᠨ ᠳᠤ ︽ᠴᠢᠳᠠᠪᠦᠷᠢᠳᠡᠨ ᠢ ᠭᠠᠴᠠᠭ᠎ᠠ ᠲᠤᠰᠬᠤᠨ ᠳᠤ ᠲᠤᠰᠢᠶᠠᠯ ᠬᠠᠷᠢᠭᠤᠴᠠᠬᠤ ᠶᠢ ᠵᠤᠷᠢᠭᠵᠢᠭᠤᠯᠬᠤ︾ ᠠᠷᠭ᠎ᠠ ᠠᠪᠴᠠᠯ ᠢᠶᠠᠷ ᠨᠡᠶᠢᠳᠡ 66 ᠴᠢᠳᠠᠪᠦᠷᠢᠳᠡᠨ ᠭᠠᠴᠠᠭ᠎ᠠ ᠲᠤᠰᠬᠤᠨ ᠤ ︽ᠬᠤᠶᠠᠷ ᠵᠥᠪᠯᠡᠯ︾ ᠤᠨ ᠬᠡᠰᠢᠬᠦᠨ ᠪᠤᠯᠵᠠᠢ᠂ ᠡᠬᠦᠨ ᠳᠤ 37 ᠬᠦᠮᠤᠨ ᠨᠢ ᠨᠠᠮ ᠤᠨ ᠡᠬᠦᠷ ᠤᠨ ᠪᠦᠷᠢᠯᠳᠦᠬᠦᠨ ᠪᠤᠯᠵᠦ ᠲᠤᠰᠢᠶᠠᠯ ᠡᠬᠦᠷᠬᠡᠯᠡᠵᠡᠢ᠃ ᠡᠨᠡ ᠨᠢ ᠭᠠᠴᠠᠭ᠎ᠠ ᠲᠤᠰᠬᠤᠨ ᠢ ᠮᠠᠨᠳᠤᠭᠤᠯᠤᠨ ᠬᠦᠭᠵᠢᠬᠦᠯᠬᠦ ᠲᠦᠷᠦ ᠶᠢᠨ ᠪᠤᠳᠤᠯᠭ᠎ᠠ ᠪᠠ ᠦᠢᠯᠡᠴᠢᠯᠡᠬᠡᠨ ᠤ ᠴᠢᠨᠠᠷᠳᠠᠢ ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠲᠦᠷᠭᠡᠳᠬᠡᠬᠦ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠤ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢᠨ ᠣᠷᠤᠯᠭ᠎ᠠ ᠶᠢ ᠨᠡᠮᠡᠭᠳᠡᠬᠦᠯᠤᠨ᠂ ᠰᠢᠨ᠎ᠡ ᠶᠢ ᠰᠡᠳᠬᠢᠵᠤ ᠰᠢᠨ᠎ᠡ ᠶᠢ ᠡᠬᠦᠳᠬᠦ ᠳᠤ ᠰᠢᠨ᠎ᠡ ᠠᠮᠢᠵᠢᠷᠠᠯ ᠤᠨ ᠬᠦᠴᠤᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号