ᠨᠢᠭᠲᠠᠯᠠᠨ ᠪᠣᠳᠣᠬᠤ ᠠᠩᠬᠠᠨ ᠤ ᠭᠡᠷᠡᠴᠢ ᠪᠠᠷᠢᠮᠲᠠ ᠶᠢᠨ ᠬᠦᠰᠤᠨᠤᠭ᠍ᠲᠣ ᠶᠢ ᠲᠠᠭᠯᠠᠬᠤ ᠠᠰᠠᠭᠤᠳᠠᠯ ᠢ ᠠᠩᠬᠠᠷᠬᠤ ᠬᠡᠷᠡᠭᠲᠠᠢ
ᠨᠡᠶᠢᠲᠡᠯᠡᠭᠰᠡᠨ ᠴᠠᠭ᠄
2018-10-23
     ᠠᠩᠬᠠᠨ ᠤ ᠭᠡᠷᠡᠴᠢ ᠪᠠᠷᠢᠮᠲᠠ ᠪᠣᠯ ᠲᠠᠩᠰᠠ ᠨᠠᠶᠢᠷᠠᠭᠤᠯᠣᠨ ᠪᠢᠴᠢᠬᠦ ᠶᠢᠨ ᠦᠨᠳᠣᠰᠤᠯᠡᠯ ᠪᠠᠶᠢᠵᠤ᠂ ᠨᠢᠭᠲᠠᠯᠠᠨ ᠪᠣᠳᠤᠵᠤ ᠲᠤᠭᠠᠴᠠᠭ᠎ᠠ ᠬᠢᠬᠦ ᠬᠠᠮᠤᠭ ᠤᠨ ᠦᠨᠳᠣᠰᠣᠨ ᠮᠡᠲ᠋ᠧᠷᠢᠶᠠᠯ ᠮᠦᠨ᠃ ᠡᠯ᠎ᠡ ᠪᠠᠶᠢᠭᠤᠯᠭ᠎ᠠ ᠨᠢᠭᠡᠴᠢ ᠶᠢᠨ ᠡᠳ᠋ ᠤᠨ ᠵᠠᠰᠠᠭ᠂ ᠡᠳ᠋ ᠤᠨ ᠶᠠᠪᠣᠲᠠᠯ ᠤᠨ ᠣᠷᠣᠯᠭ᠎ᠠ ᠵᠠᠷᠣᠯᠭ᠎ᠠ ᠶᠢᠨ ᠪᠠᠶᠢᠲᠠᠯ ᠢ ᠬᠢᠨᠠᠨ ᠪᠠᠶᠢᠴᠠᠭᠠᠬᠤ ᠲᠣᠮᠲᠠ ᠶᠡᠭᠡ ᠬᠡᠮᠵᠢᠶᠠᠨ ᠤ ᠠᠩᠬᠠᠨ ᠤ ᠭᠡᠷᠡᠴᠢ ᠪᠠᠷᠢᠮᠲᠠ ᠶᠢ ᠲᠦᠷᠢᠮᠵᠢᠯ ᠦᠭᠡᠢ ᠲᠠᠭᠯᠠᠭᠰᠠᠨ ᠪᠠᠶᠢᠲᠠᠯ ᠣᠷᠣᠰᠢᠵᠣ ᠪᠠᠶᠢᠲᠠᠭ᠃ ᠪᠣᠲᠠᠲᠠᠢ ᠢᠯᠡᠷᠡᠯ ᠳᠤ᠂ ᠠᠯᠪᠠᠨ ᠵᠤᠴᠢᠯᠠᠭ᠎ᠠ ᠶᠢᠨ ᠵᠠᠷᠤᠳᠠᠯ ᠢ ᠵᠤᠴᠢᠯᠠᠭ᠎ᠠ ᠬᠢᠭᠰᠡᠨ ᠬᠠᠷᠠᠭᠠᠯᠵᠠᠭᠰᠠᠨ ᠨᠠᠷᠢᠨ ᠳᠠᠩᠰᠠ ᠳᠠᠭᠠᠯᠳᠤᠭᠤᠯᠤᠭᠰᠠᠨ ᠦᠭᠡᠢ᠂ ᠠᠯᠪᠠᠨ ᠶᠠᠪᠣᠲᠠᠯ ᠳᠤ ᠬᠡᠷᠡᠭᠯᠡᠬᠦ ᠳᠡᠷᠬᠡ‌‍ᠤ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠲᠣᠰᠣ ᠨᠡᠮᠡᠬᠦ ᠬᠢᠨᠠᠨ ᠵᠦᠪᠰᠢᠶᠠᠷᠡᠬᠦ ᠬᠠᠭᠤᠲᠠᠰᠣ ᠶᠢ ᠲᠠᠭᠯᠠᠨ ᠪᠢᠴᠢᠭᠰᠡᠨ ᠨᠢ ᠲᠦᠷᠢᠮᠵᠢᠯ ᠦᠭᠡᠢ᠂ ᠠᠯᠪᠠᠨ ᠠᠵᠢᠯ ᠢᠶᠠᠷ ᠭᠠᠳᠠᠭᠰᠢ ᠭᠠᠷᠬᠤ ᠪᠠ ᠬᠢᠨᠠᠨ ᠵᠦᠪᠰᠢᠶᠠᠷᠡᠬᠦ ᠬᠠᠭᠤᠳᠠᠰᠣᠨ ᠳᠤ ᠲᠡᠮᠲᠡᠭᠯᠡᠭᠰᠡᠨ ᠠᠭᠤᠯᠭ᠎ᠠ ᠨᠢ ᠲᠣᠳᠣᠷᠬᠠᠢ ᠦᠭᠡᠢ᠂ ᠭᠡᠷ᠎ᠡ ᠪᠢᠴᠢᠭ ᠲᠤ ᠪᠤᠷᠤᠭᠤ ᠲᠠᠢ ᠪᠠᠶᠢᠬᠤ ᠵᠡᠷᠭᠡ ᠪᠠᠶᠢᠲᠠᠯ ᠲᠠᠢ᠃ ᠳᠠᠩᠰᠠ ᠮᠡᠳᠠᠭᠦᠯᠬᠦ ᠬᠦᠮᠣᠨ ᠳᠤ ᠲᠣᠣᠷᠠᠬᠢ ᠮᠡᠳᠤ ᠬᠡᠳᠣᠨ ᠲᠠᠯ᠎ᠠ ᠶᠢᠨ ᠰᠠᠨᠠᠭᠤᠯᠭ᠎ᠠ ᠲᠣᠷᠠᠳᠪᠠ᠃      ᠨᠢᠭᠡ ᠳᠤ ᠵᠣᠴᠢᠯᠠᠭ᠎ᠠ ᠶᠢᠨ ᠵᠠᠷᠤᠳᠠᠯ ᠤᠨ ᠨᠠᠷᠢᠨ ᠳᠠᠩᠰᠠ ᠶᠢ ᠴᠢᠬᠤᠯᠠᠴᠢᠯᠠᠨ᠎ᠠ᠃ ᠤᠳᠠᠭ᠎ᠠ ᠪᠤᠯᠭᠠᠨ ᠤ ᠠᠯᠪᠠᠨ ᠵᠤᠴᠢᠯᠠᠭ᠎ᠠ ᠶᠢᠨ ᠠᠵᠢᠯᠯᠠᠭ᠎ᠠ ᠲᠠᠭᠤᠰᠤᠭᠰᠠᠨ ᠤ ᠲᠠᠷᠠᠭ᠎ᠠ ᠵᠤᠴᠢᠯᠠᠭᠰᠠᠨ ᠪᠠᠶᠢᠭᠤᠯᠭ᠎ᠠ ᠨᠢᠭᠡᠴᠢ ᠶᠢᠨ ᠬᠢᠨ ᠵᠤᠴᠢᠯᠠᠭ᠎ᠠ ᠶᠢᠨ ᠵᠠᠷᠣᠳᠠᠯ ᠤᠨ ᠨᠠᠷᠢᠨ ᠳᠠᠩᠰᠠ ᠶᠢ ᠦᠨᠡᠨ ᠮᠦᠨ ᠢᠶᠠᠷ ᠨᠢ ᠲᠠᠭᠯᠠᠵᠤ ᠬᠤᠯᠪᠣᠭᠲᠠᠯ ᠪᠦᠬᠦᠢ ᠬᠠᠷᠢᠭᠤᠴᠠᠯᠭᠠᠲᠠᠨ ᠠᠴᠠ ᠬᠢᠨᠠᠵᠤ ᠭᠠᠷ ᠤᠨ ᠦᠰᠤᠭ᠌ ᠵᠢᠷᠤᠨ᠎ᠠ᠃ ᠵᠤᠴᠢᠯᠠᠭ᠎ᠠ ᠶᠢᠨ ᠵᠠᠷᠣᠳᠠᠯ ᠤᠨ ᠨᠠᠷᠢᠨ ᠳᠠᠩᠰᠠ  ᠳᠤ ᠵᠤᠴᠢᠯᠠᠭᠰᠠᠨ ᠪᠠᠶᠢᠭᠤᠯᠭ᠎ᠠ ᠨᠢᠭᠡᠴᠢ᠂ ᠨᠡᠷ᠎ᠡ᠂ ᠲᠤᠰᠢᠶᠠᠯ ᠪᠣᠯᠣᠨ ᠠᠯᠪᠠᠨ ᠠᠵᠢᠯᠯᠠᠭ᠎ᠠ ᠶᠢᠨ ᠲᠦᠷᠤᠯ ᠵᠣᠶᠢᠯ᠂ ᠴᠠᠭ᠂ ᠲᠠᠯᠠᠪᠤᠷ᠂ ᠵᠠᠷᠤᠳᠠᠯ ᠵᠡᠷᠭᠡ ᠠᠭᠤᠯᠭ᠎ᠠ ᠪᠠᠭᠳᠠᠵᠤ ᠪᠠᠶᠢᠳᠠᠭ᠃      ᠬᠤᠶᠠᠷ ᠲᠤ ᠠᠯᠪᠠᠨ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠠᠯᠪᠠᠨ ᠶᠠᠪᠣᠲᠠᠯ ᠳᠤ ᠬᠡᠷᠡᠭᠯᠡᠬᠦ ᠲᠡᠷᠭᠡ ᠶᠢ ᠵᠠᠰᠠᠭ ᠤᠨ ᠣᠷᠲᠣᠨ ᠤ ᠬᠤᠳᠠᠯᠳᠤᠨ ᠠᠪᠬᠤ ᠰᠠᠯᠠᠭ᠎ᠠ ᠮᠦᠴᠢᠷ ᠠᠴᠠ ᠲᠣᠭᠲᠠᠭᠠᠭᠰᠠᠨ ᠲᠤᠭᠲᠠᠭᠰᠠᠨ ᠲᠠᠭᠠᠳᠬᠠᠯ ᠤᠨ ᠺᠣᠮᠫᠠᠨᠢ᠂ ᠲᠣᠰᠤ ᠨᠡᠮᠡᠬᠦ ᠦᠷᠲᠡᠭᠡ᠂ ᠰᠡᠯᠪᠢᠨ ᠵᠠᠰᠠᠬᠤ ᠠᠵᠤ ᠠᠬᠤᠶᠢᠯᠠᠯ ᠳᠤ ᠬᠦᠷᠴᠤ ᠳᠠᠭᠠᠳᠬᠠᠯ ᠠᠪᠤᠨ ᠲᠤᠰᠤ ᠨᠡᠮᠡᠵᠤ ᠰᠡᠯᠪᠢᠨ ᠵᠠᠰᠠᠭᠤᠯᠬᠤ ᠬᠡᠷᠡᠭᠲᠠᠢ᠃ ︽ᠠᠯᠪᠠᠨ ᠶᠠᠪᠣᠲᠠᠯ ᠳᠤ ᠬᠡᠷᠡᠭᠯᠡᠬᠦ ᠲᠡᠷᠭᠡ ᠶᠢ ᠰᠡᠯᠪᠢᠨ ᠵᠠᠰᠠᠬᠤ ᠠᠷᠠᠴᠢᠯᠠᠨ ᠬᠠᠮᠠᠭᠠᠯᠠᠬᠤ ᠶᠢ ᠬᠢᠨᠠᠨ ᠵᠦᠪᠰᠢᠶᠠᠷᠡᠭᠦ ᠬᠠᠭᠤᠳᠠᠰᠤ︾ ︽ᠠᠯᠪᠠᠨ ᠶᠠᠪᠣᠲᠠᠯ ᠳᠤ ᠬᠡᠷᠡᠭᠯᠡᠬᠦ ᠲᠡᠷᠭᠡ ᠶᠢ ᠳᠣᠮᠢᠯᠠᠯᠳᠠ ᠶᠢᠨ ᠵᠣᠦᠰᠢᠶᠠᠷᠠᠯ ᠤᠨ ᠬᠠᠭᠤᠳᠠᠰᠤ︾ ︽ᠠᠯᠪᠠᠨ ᠶᠠᠪᠤᠲᠠᠯ ᠳᠤ ᠬᠡᠷᠡᠭᠯᠡᠬᠦ ᠲᠡᠷᠭᠡᠨ ᠳᠤ ᠲᠣᠰᠤ ᠨᠡᠮᠡᠬᠦ ᠶᠢ ᠵᠦᠪᠰᠢᠶᠠᠷᠠᠯ ᠤᠨ ᠬᠠᠭᠤᠳᠠᠰᠣ︾ ᠶᠢ ᠨᠠᠷᠢᠨ ᠲᠠᠭᠯᠠᠵᠤ᠂ ᠲᠡᠷᠭᠡ ᠬᠡᠷᠡᠭᠯᠡᠬᠦ ᠴᠠᠭ᠂ ᠣᠴᠢᠷ ᠰᠢᠯᠲᠠᠭᠠᠨ᠂ ᠭᠠᠵᠠᠷ ᠣᠷᠣᠨ᠂ ᠲᠡᠷᠭᠡᠨ ᠤ ᠨᠤᠮᠧᠷ᠂ ᠵᠠᠮ ᠤᠨ ᠣᠷᠲᠣ᠂ ᠵᠠᠷᠣᠲᠠᠯ ᠵᠡᠷᠭᠡ  ᠴᠢᠮᠡᠭᠡ ᠵᠠᠩᠭᠢ ᠶᠢ ᠦᠨᠡᠨ ᠪᠣᠲᠠᠲᠠᠢ ᠪᠦᠷᠢᠨ ᠪᠦᠲᠣᠨ ᠪᠡᠶᠢᠬᠤ ᠶᠢ ᠪᠠᠳᠣᠯᠠᠨ᠎ᠠ᠃      ᠭᠤᠷᠪᠡ ᠳᠤ ᠠᠯᠪᠠᠨ ᠠᠵᠢᠯ ᠢᠶᠠᠷ ᠭᠠᠳᠠᠭᠰᠢ ᠭᠠᠷᠬᠤ ᠬᠢᠨᠠᠨ ᠵᠦᠪᠰᠢᠶᠡᠷᠡᠯ ᠤᠨ ᠬᠠᠭᠤᠳᠠᠰᠣ ᠶᠢ ᠲᠦᠷᠢᠮᠵᠢᠬᠦᠨ ᠲᠠᠭᠯᠠᠨ ᠪᠢᠴᠢᠨ᠎ᠠ᠃ ᠠᠯᠪᠠᠨ ᠠᠵᠢᠯ  ᠢᠶᠠᠷ ᠭᠠᠳᠠᠭᠰᠢ ᠭᠠᠷᠬᠤ ᠬᠢᠨᠠᠨ ᠵᠦᠪᠰᠢᠶᠡᠷᠡᠯ ᠤᠨ ᠬᠠᠭᠤᠲᠠᠰᠤ ᠪᠣᠯᠣᠨ ᠵᠠᠮ ᠤᠨ ᠵᠠᠷᠤᠳᠠᠯ ᠢ ᠳᠠᠩᠰᠠᠨ ᠠᠴᠠ ᠲᠠᠶᠢᠯᠬᠤ ᠬᠦᠰᠣᠨᠣᠭ᠌ ᠢ ᠦᠨᠡᠨ ᠪᠣᠳᠠᠲᠠᠢ᠂ ᠨᠢᠭᠡᠳᠣᠯ ᠲᠠᠢ ᠲᠠᠭᠯᠠᠵᠤ ᠲᠣᠲᠣᠷᠬᠠᠢ ᠲᠦᠷᠢᠮᠵᠢᠯ ᠲᠠᠢ  ᠪᠢᠴᠢᠨ ᠣᠨᠴᠠᠭᠠᠶᠢᠯᠠᠨ ᠠᠯᠪᠠᠨ ᠠᠵᠢᠯ ᠢᠶᠠᠷ ᠭᠠᠳᠠᠭᠰᠢ ᠭᠠᠷᠣᠭᠰᠠᠨ ᠬᠦᠮᠣᠨ ᠤ ᠲᠤᠭ᠎ᠠ ᠪᠠ ᠵᠠᠮ ᠬᠠᠷᠢᠯᠴᠠᠭᠠᠨ ᠤ ᠪᠠᠭᠠᠵᠢ ᠶᠢ ᠡᠷᠬᠡᠪᠰᠢ ᠨᠠᠷᠢᠨ ᠲᠣᠳᠣᠷᠬᠠᠢ ᠲᠠᠭᠯᠠᠨ ᠠᠯᠪᠠᠨ ᠶᠠᠪᠣᠳᠠᠯ ᠳᠤ ᠲᠡᠷᠭᠡ ᠬᠡᠷᠡᠭᠯᠡᠭᠰᠡᠨ ᠪᠠᠶᠢᠲᠠᠯ ᠪᠣᠯᠣᠨ ᠠᠯᠪᠠᠨ ᠠᠵᠢᠯ ᠢᠶᠠᠷ ᠭᠠᠳᠠᠭᠰᠢ ᠭᠠᠷᠤᠭᠰᠠᠨ ᠪᠠᠶᠢᠳᠠᠯ ᠢ ᠦᠨᠡᠨ ᠪᠤᠳᠠᠲᠠᠢ ᠲᠣᠰᠬᠠᠨ᠎ᠠ      ᠲᠦᠷᠪᠠ ᠳᠤ ᠭᠡᠷ᠎ᠡ ᠪᠢᠴᠢᠭ ᠢ ᠳᠦᠷᠢᠮᠵᠢᠭᠦᠨ ᠲᠣᠭᠲᠠᠭᠠᠨ᠎ᠠ᠃ ᠭᠡᠷ᠎ᠡ ᠶᠢᠨ ᠠᠭᠤᠯᠭ᠎ᠠ ᠶᠢ ᠲᠣᠬᠠᠢ ᠶᠢᠨ ᠬᠦᠮᠣᠨ ᠲᠠᠢ ᠵᠦᠪᠯᠡᠨ ᠲᠣᠭᠲᠠᠭᠠᠵᠣ᠂ ᠲᠤᠬᠠᠢ ᠶᠢᠨ ᠬᠦᠮᠤᠨ ᠤ ᠣᠪᠣᠭ ᠨᠡᠷ᠎ᠡ᠂ ᠣᠷᠣᠨ ᠰᠠᠭᠤᠴᠠ ᠪᠠ ᠵᠤᠷᠢᠯᠭ᠎ᠠ᠂ ᠲᠤᠭ᠎ᠠ ᠬᠡᠮᠵᠢᠶ᠎ᠠ᠂ ᠶᠠᠰᠤ ᠴᠢᠨᠠᠷ᠂ ᠦᠨ᠎ᠡ ᠦᠷᠲᠡᠭ᠂ ᠪᠡᠶᠡᠯᠡᠭᠦᠯᠬᠦ ᠬᠤᠭᠤᠴᠠᠭ᠎ᠠ᠂ ᠭᠠᠵᠠᠷ ᠣᠷᠣᠨ᠂ ᠠᠷᠭ᠎ᠠ ᠪᠠᠷᠢᠯ ᠂ ᠭᠡᠷ᠎ᠡ ᠵᠦᠷᠢᠴᠡᠭᠰᠡᠨ ᠬᠠᠷᠢᠭᠤᠴᠠᠯᠭ᠎ᠠ᠂ ᠮᠠᠷᠭᠤᠭᠠᠨ ᠢ ᠰᠢᠢᠳᠪᠣᠷᠢᠯᠡᠬᠦ ᠠᠷᠭ᠎ᠠ ᠵᠡᠷᠭᠡ ᠠᠭᠤᠯᠭ᠎ᠠ ᠶᠢ ᠪᠠᠭᠲᠠᠭᠠᠨ᠎ᠠ᠃ ᠡᠳᠡᠭᠡᠷ ᠠᠴᠠ ᠨᠢᠭᠡ ᠨᠢ ᠲᠤᠲᠠᠭᠤ ᠪᠤᠯᠪᠠᠯ ᠭᠡᠷ᠎ᠡ ᠨᠢ ᠭᠦᠢᠴᠡᠳ ᠪᠤᠰᠤ ᠪᠤᠯᠵᠤ᠂ ᠬᠠᠤᠯᠢ ᠶᠤᠰᠤᠨ ᠤ ᠬᠦᠴᠦᠨ ᠢ ᠨᠦᠯᠦᠭᠡᠯᠡᠬᠦ ᠶᠤᠮ᠃
 
ᠢᠷᠡᠯᠲᠡ᠄ ᠬᠤᠰᠢᠭᠤ ᠬᠢᠨᠠᠨ ᠪᠤᠳᠤᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号