ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠤᠷᠭᠠᠨ ᠭᠥᠮᠤᠵᠢᠯ ᠡᠷᠡᠭᠦᠯ ᠬᠠᠮᠠᠭᠠᠯᠠᠯ ᠵᠡᠷᠭᠡ ᠨᠠᠶᠢᠭᠡᠮ ᠤᠨ ᠦᠢᠯᠡᠰ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-10-24
     10 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ  ᠲᠠᠷᠤᠭ᠎ᠠ ᠵᠤᠤ ᠹᠸᠢ ᠯᠤ᠋ ᠭᠠᠯᠠᠭᠤᠳᠤ ᠪᠠᠯᠭᠠᠰᠤᠨ ᠲᠤᠭᠤᠷᠢᠭ ᠲᠤ ᠬᠦᠷᠴᠤ ᠰᠤᠷᠭᠠᠨ ᠭᠥᠮᠤᠵᠢᠯ᠂ ᠡᠷᠡᠭᠦᠯ ᠬᠠᠮᠠᠭᠠᠯᠠᠯ ᠵᠡᠷᠭᠡ ᠨᠠᠶᠢᠭᠡᠮ ᠤᠨ ᠥᠢᠯᠡᠰ ᠤᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠵᠠᠰᠠᠭ  ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠠᠶᠠᠠᠴᠢᠮᠡᠭ ᠪᠤᠯᠤᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠰᠤᠷᠭᠠᠨ ᠭᠥᠮᠤᠵᠢᠯ᠂ ᠭᠥᠭᠵᠢᠭᠦᠯᠥᠯᠳᠠ ᠦᠭᠡᠷᠡᠴᠢᠯᠡᠯᠲᠡ᠂ ᠡᠷᠡᠭᠦᠯ ᠬᠠᠮᠠᠭᠠᠯᠠᠯ ᠲᠥᠯᠥᠪᠯᠡᠭᠡᠳᠤ ᠭᠥᠩᠭᠡᠵᠢᠯ᠂ ᠤᠷᠤᠨ ᠰᠠᠭᠤᠴᠠ ᠪᠥᠳᠥᠭᠡᠨ ᠪᠠᠶᠢᠭᠤᠯᠤᠯᠳᠠ᠂ ᠤᠯᠤᠰ ᠤᠨ ᠭᠠᠵᠠᠷ ᠰᠢᠷᠤᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
     ᠵᠤᠤ ᠹᠧᠢ ᠯᠤ᠋ ᠨᠠᠷ ᠤᠷᠢᠳ ᠬᠤᠵᠢᠳ ᠬᠤᠰᠢᠭᠤ ᠭᠤᠷᠪᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ᠂  ᠥᠨᠳᠤᠷ ᠵᠡᠷᠭᠡ ᠶᠢᠨ ᠲᠤᠮᠳᠠᠳᠤ ᠰᠤᠷᠭᠠᠭᠤᠯᠢ᠂ ᠭᠠᠯᠠᠭᠤᠳᠤ ᠰᠤᠷᠭᠠᠭᠤᠯᠢ᠂ ᠲᠥᠷᠪᠡᠳᠤᠭᠡᠷ ᠭᠡᠤᠭᠡᠳ ᠤᠨ ᠴᠡᠴᠡᠷᠯᠢᠭ᠂ ᠨᠢᠭᠡᠳᠤᠭᠡᠷ ᠲᠤᠮᠳᠠᠳᠤ ᠰᠤᠷᠭᠠᠭᠤᠯᠢ ᠪᠠ ᠰᠢᠨ᠎ᠠ ᠪᠠᠷ ᠪᠠᠶᠢᠭᠤᠯᠵᠤ ᠪᠠᠶᠢᠭ᠎ᠠ ᠭᠤᠷᠪᠠᠳᠤᠭᠠᠷ ᠭᠡᠤᠭᠡᠳ  ᠤᠨ ᠴᠡᠴᠡᠷᠯᠢᠭ᠂ ᠪᠥᠳᠥᠭᠡᠨ ᠪᠠᠶᠢᠭᠤᠯᠬᠤ ᠪᠠᠷ ᠲᠥᠯᠥᠪᠯᠡᠵᠤ ᠪᠠᠶᠢᠭ᠎ᠠ ᠬᠤᠳᠠ ᠶᠢᠨ ᠮᠤᠩᠭᠤᠯ ᠥᠨᠳᠤᠰᠤᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠵᠢᠴᠢ ᠭᠠᠯᠠᠭᠤᠳᠤ ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠤ ᠪᠠᠶᠢᠴᠠᠭᠠᠨ ᠰᠤᠳᠤᠯᠤᠯᠳᠠ ᠭᠢᠵᠤ ᠪᠠᠶᠢᠳᠠᠯ ᠢ ᠤᠶᠢᠯᠠᠭᠠᠭᠰᠠᠨ ᠪᠠᠶᠢᠨ᠎ᠠ᠃ ᠭᠥᠷᠥᠭᠰᠠᠨ ᠭᠠᠵᠠᠷ ᠪᠤᠯᠭᠠᠨ ᠳᠤ ᠵᠤᠤ ᠹᠸᠢ ᠯᠤ᠋ ᠰᠤᠷᠭᠠᠭᠤᠯᠢ ᠶᠢᠨ ᠪᠠᠶᠢᠳᠠᠯ ᠢ ᠯᠠᠪᠯᠠᠨ ᠠᠰᠠᠭᠤᠵᠤ᠂ ᠡᠯ᠎ᠠ ᠰᠤᠷᠭᠠᠭᠤᠯᠢ ᠨᠤᠭᠤᠳ ᠤᠨ ᠰᠤᠷᠭᠠᠭᠤᠯᠢ ᠡᠷᠭᠢᠯᠠᠭᠦ ᠰᠠᠳᠭᠢᠴᠠ᠂ ᠪᠠᠭᠰᠢ ᠶᠢᠨ ᠡᠩᠨᠡᠭᠡ᠂ ᠵᠢᠭᠠᠨ ᠰᠤᠷᠭᠠᠬᠤ ᠦᠭᠡᠷᠡᠴᠢᠯᠡᠯᠲᠡ᠂ ᠰᠠᠭᠤᠷᠢ ᠲᠥᠭᠦᠭᠡᠷᠤᠮᠵᠢ ᠵᠡᠷᠭᠡ ᠶᠢ ᠨᠠᠷᠢᠨ ᠤᠶᠢᠯᠠᠭᠠᠬᠤ ᠶᠢᠨ ᠬᠠᠮᠳᠤ ᠬᠤᠵᠢᠮ ᠤᠨ ᠰᠤᠷᠭᠠᠨ ᠭᠥᠮᠤᠵᠢᠯ ᠵᠢᠭᠠᠨ ᠰᠤᠷᠭᠠᠯᠳᠠ᠂ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠠᠵᠢᠯ ᠳᠤ ᠰᠢᠨ᠎ᠡ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃      
           ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠰᠤᠷᠭᠠᠨ ᠭᠥᠮᠤᠵᠢᠯ ᠪᠤᠯ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ ᠤᠯᠠᠨ ᠲᠥᠮᠡᠨ ᠤ ᠬᠠᠨᠤᠮᠵᠢᠳᠠᠢ ᠰᠤᠷᠭᠠᠨ ᠭᠥᠮᠤᠵᠢᠯ ᠢ ᠡᠷᠭᠢᠯᠠᠭᠦ ᠬᠠᠷᠢᠭᠤᠴᠠᠯᠭ᠎ᠠ ᠶᠡᠭᠡ ᠪᠠᠶᠢᠭ᠎ᠠ ᠶᠤᠮ᠃ ᠥᠭᠡᠷᠡᠴᠢᠯᠠᠯᠳᠠ ᠶᠢᠨ ᠰᠠᠳᠭᠢᠴᠠ ᠶᠢ ᠪᠤᠢ ᠪᠤᠯᠭᠠᠨ᠂ ᠬᠠᠮᠢᠶᠠᠷᠤᠯᠳᠠ ᠪᠠ ᠥᠢᠯᠡᠴᠢᠯᠡᠭᠡᠨ ᠤ ᠭᠢᠷᠢ ᠲᠥᠪᠰᠢᠨ ᠢ ᠲᠡᠭᠡᠭᠰᠢᠯᠡᠭᠦᠯᠵᠤ᠂ ᠰᠤᠷᠭᠠᠨ ᠭᠥᠮᠤᠵᠢᠯ ᠤᠨ ᠡᠭᠢ ᠪᠠᠶᠠᠯᠢᠭ ᠤᠨ ᠲᠤᠭᠢᠷᠠᠭᠤᠯᠤᠯᠳᠠ ᠶᠢ ᠰᠢᠯᠢᠳᠡᠭᠵᠢᠭᠦᠯᠤᠨ᠂ ᠴᠠᠭ ᠥᠶ᠎ᠠ ᠲᠠᠢ ᠵᠡᠷᠭᠡ ᠪᠠᠷ ᠤᠷᠤᠭᠰᠢᠯᠠᠵᠤ᠂ ᠰᠤᠷᠭᠠᠭᠤᠯᠢ ᠡᠷᠭᠢᠯᠠᠭᠦ ᠨᠥᠭᠦᠴᠠᠯ ᠢ ᠰᠠᠶᠢᠵᠢᠷᠠᠭᠤᠯᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠰᠤᠷᠭᠠᠨ ᠭᠥᠮᠤᠵᠢᠯ ᠤᠨ ᠶᠠᠰᠤ ᠴᠢᠨᠠᠷ ᠢ ᠳᠡᠭᠡᠭᠰᠢᠯᠡᠬᠦᠯᠦᠨ᠂ ᠠᠷᠠᠳ ᠲᠥᠮᠡᠨ ᠤ ᠡᠳᠤᠷ ᠢᠷᠠᠭᠦᠶ᠎ᠠ ᠨᠡᠮᠡᠭᠳᠠᠵᠤ ᠪᠠᠶᠢᠭ᠎ᠠ ᠰᠢᠯᠢᠳᠡᠭ ᠰᠤᠷᠭᠠᠨ ᠭᠥᠮᠤᠵᠢᠯ ᠤᠨ ᠭᠡᠷᠡᠭᠴᠡᠭᠡ ᠶᠢ ᠬᠠᠩᠭᠠᠬᠤ ᠭᠡᠷᠡᠭᠳᠠᠢ ᠭᠡᠵᠡᠢ᠃      ᠰᠤᠷᠭᠠᠭᠤᠯᠢ ᠶᠢ ᠰᠢᠨ᠎ᠠ ᠪᠠᠷ ᠪᠠᠶᠢᠭᠤᠯᠬᠤ ᠥᠷᠭᠡᠳᠭᠡᠨ ᠪᠠᠶᠢᠭᠤᠯᠬᠤ ᠦᠭᠡᠷᠡᠴᠢᠯᠡᠨ ᠪᠠᠶᠢᠭᠤᠯᠬᠤ ᠲᠥᠷᠥᠯ ᠵᠥᠢᠯ ᠤᠨ ᠲᠤᠬᠠᠢ ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠥᠷᠭᠡᠨ ᠢᠶᠠᠷ ᠰᠠᠨᠠᠯ ᠬᠤᠷᠢᠶᠠᠨ ᠰᠢᠨᠵᠢᠯᠠᠭᠦ ᠤᠬᠠᠭᠠᠠᠴᠢ ᠥᠨᠳᠤᠷ ᠪᠠᠷᠢᠮᠵᠢᠶ᠎ᠠ ᠪᠠᠷ ᠲᠥᠯᠥᠪᠯᠡᠭᠡ ᠪᠠᠶᠢᠷᠢᠯᠠᠭᠤᠯᠤᠯᠳᠠ ᠭᠢᠵᠤ᠂ ᠲᠥᠷᠥᠯ ᠵᠥᠢᠯ ᠤᠨ ᠡᠮᠤᠨᠡᠭᠢ ᠬᠤᠭᠤᠴᠠᠭᠠᠨ ᠤ ᠭᠠᠷ ᠭᠥᠢᠴᠡᠳᠭᠡᠯ ᠢ ᠰᠠᠶᠢᠨ ᠭᠢᠭᠦ ᠭᠡᠷᠡᠭᠳᠠᠢ᠃ ᠪᠥᠳᠥᠭᠡᠨ ᠪᠠᠶᠢᠭᠤᠯᠤᠳᠠ ᠲᠤᠮᠳᠠ ᠪᠠᠨ ᠪᠠᠶᠢᠭ᠎ᠠ ᠲᠥᠷᠤᠯ ᠵᠥᠢᠯ ᠤᠨ ᠲᠤᠬᠠᠢ ᠭᠢᠨᠠᠨ ᠬᠠᠮᠢᠶᠠᠷᠤᠯᠳᠠ᠂ ᠲᠥᠯᠥᠪᠵᠢᠭᠦᠯᠭᠡ᠂  ᠪᠠᠷᠢᠯᠭ᠎ᠠ ᠶᠢᠨ ᠰᠠᠯᠠᠭ᠎ᠠ ᠮᠥᠴᠢᠷ ᠤᠨ ᠭᠢᠨᠠᠯᠳᠠ ᠲᠠᠯᠪᠢᠬᠤ ᠬᠠᠮᠢᠶᠠᠷᠤᠯᠳᠠ ᠪᠤᠯᠤᠨ ᠢᠨᠵᠧᠨᠧᠷᠢᠩ ᠤᠨ ᠡᠳᠤᠷ ᠲᠤᠳᠤᠮ ᠤᠨ ᠲᠤᠭᠢᠷᠠᠭᠤᠯᠤᠯᠳᠠ ᠶᠢ ᠴᠢᠩᠭᠠᠳᠬᠠᠨ᠂ ᠲᠥᠷᠥᠯ ᠵᠥᠢᠯ ᠤᠨ ᠲᠤᠭᠳᠠᠭᠰᠠᠨ ᠴᠠᠭ ᠲᠤ ᠪᠠᠨ ᠪᠠᠷᠢᠯᠭ᠎ᠠ ᠪᠠᠨ ᠲᠠᠭᠤᠰᠬᠠᠬᠤ ᠶᠢ ᠪᠠᠳᠤᠯᠠᠬᠤ ᠭᠡᠷᠡᠭᠳᠠᠢ᠃ ᠪᠥᠳᠥᠭᠡᠨ ᠪᠠᠶᠢᠭᠤᠯᠬᠤ ᠪᠠᠷ ᠲᠥᠯᠥᠪᠯᠡᠵᠤ ᠪᠠᠶᠢᠭ᠎ᠠ ᠲᠥᠷᠤᠯ ᠵᠥᠢᠯ ᠨᠢ ᠭᠠᠵᠠᠷ ᠲᠠᠳᠠᠪᠤᠷᠢᠯᠠᠨ ᠨᠠᠭᠦᠯᠭᠡᠨ ᠰᠢᠯᠵᠢᠭᠦᠯᠭᠦ ᠪᠤᠯᠤᠨ ᠲᠥᠯᠥᠪᠯᠡᠭᠡ ᠲᠥᠯᠥᠪᠵᠢᠭᠦᠯᠭᠡ᠂ ᠭᠠᠷ ᠭᠥᠢᠴᠡᠳᠭᠡᠯ ᠡᠷᠭᠢᠯᠠᠭᠦ ᠡᠮᠤᠨ᠎ᠠ ᠬᠤᠭᠤᠴᠠᠭᠠᠨ ᠤ ᠠᠵᠢᠯ ᠢ ᠤᠷᠢᠳᠴᠢᠯᠠᠨ ᠰᠠᠶᠢᠨ ᠭᠢᠵᠤ᠂ ᠲᠥᠷᠤᠯ ᠵᠥᠢᠯ ᠢ ᠭᠡᠷᠡᠭᠵᠢᠭᠦᠯᠭᠦ ᠳᠤ ᠰᠠᠶᠢᠨ ᠰᠠᠭᠤᠷᠢ ᠲᠠᠯᠪᠢᠬᠤ ᠭᠡᠷᠡᠭᠳᠠᠢ ᠭᠡᠵᠡᠢ  ᠃      ᠵᠤᠤ ᠹᠸᠢ ᠯᠤ᠋ ᠨᠠᠷ ᠭᠠᠯᠭᠠᠤᠳᠤ ᠪᠠᠯᠭᠠᠰᠤᠨ ᠤ ᠨᠠᠶᠢᠭᠡᠮ ᠲᠤᠭᠤᠷᠢᠭ ᠤᠨ ᠥᠢᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠤᠯᠳᠠ ᠭᠢᠵᠤ ᠥᠢᠯᠡᠴᠢᠯᠡᠭᠡᠨ ᠤ ᠲᠥᠪ ᠤᠨ ᠤᠳᠤᠬᠠᠨ ᠤ ᠡᠷᠭᠢᠯᠳᠠ ᠶᠢᠨ ᠪᠠᠶᠢᠳᠠᠯ᠂ ᠤᠷᠤᠰᠢᠵᠤ ᠪᠠᠶᠢᠭ᠎ᠠ ᠭᠥᠴᠢᠷᠳᠠᠯ ᠪᠤᠯᠤᠨ ᠠᠰᠠᠭᠤᠳᠠᠯ ᠢ ᠨᠠᠷᠢᠨ ᠤᠶᠢᠯᠠᠭᠠᠨ᠂ ᠦᠢᠯᠡᠴᠢᠯᠡᠭᠡᠨ ᠤ ᠲᠥᠪ ᠢ ᠪᠠᠯᠭᠠᠰᠤᠨ ᠲᠤᠭᠤᠷᠢᠭ ᠤᠨ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠭᠡᠷᠡᠭᠴᠡᠭᠡ ᠶᠢ ᠬᠠᠩᠭᠠᠭᠰᠠᠨ ᠤᠷᠢᠳᠠᠯ ᠲᠤᠤᠷ᠎ᠠ ᠭᠠᠯᠠᠭᠤᠳᠤ ᠪᠠᠯᠭᠠᠰᠤᠨ ᠤ ᠡᠯ᠎ᠠ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠨ ᠤ ᠥᠨᠳᠤᠰᠤᠨ ᠡᠮ ᠡᠮᠨᠡᠯᠭᠡ ᠪᠤᠯᠤᠨ ᠤᠯᠠᠨ ᠨᠠᠶᠢᠳᠠ ᠶᠢᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠠᠵᠢᠯ ᠢ ᠰᠠᠶᠢᠨ ᠭᠢᠭᠦ ᠭᠡᠷᠡᠭᠳᠠᠢ ᠭᠡᠵᠤ ᠱᠭᠠᠷᠳᠠᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号