10 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ | ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠱᠥᠵᠢ ᠡᠷᠳᠡᠨᠢᠪᠢᠯᠢᠭ ᠬᠤᠷᠠᠯ ᠢ ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ | ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠪᠤᠯᠤᠨ | ᠰᠢᠶᠠᠨ ᠤ ᠳᠡᠰ ᠤᠨ ᠪᠥᠭᠦ ᠤᠳᠤᠷᠢᠳᠤᠯᠭ᠎ᠠ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠬᠤᠰᠢᠭᠤ | ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | | | | | | | ᠬᠤᠷᠠᠯ ᠲᠡᠭᠡᠷ᠎ᠡ ᠡᠷᠳᠡᠨᠢᠪᠢᠯᠢᠭ ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ | ᠪᠠᠶᠢᠴᠠᠭᠠᠯᠳᠠ ᠶᠢᠨ ᠬᠤᠶᠠᠳᠤᠭᠠᠷ ᠲᠤᠭᠤᠶᠢᠯᠠᠩ ᠤᠨ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠳᠤ ︽ | ᠡᠷᠭᠢᠵᠤ ᠬᠠᠷᠠᠬᠤ︾ ᠠᠵᠢᠯ ᠢ ᠥᠷᠨᠢᠭᠦᠯᠥᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠤᠨ ᠵᠤᠷᠢᠭ ᠰᠠᠨᠠᠭ᠎ᠠ᠂ | ᠰᠢ ᠶᠢᠨ ᠫᠢᠩ ᠶᠠᠷᠤᠩᠭᠡᠢ ᠱᠥᠵᠢ ᠶᠢᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ᠂ ᠯᠢ ᠺᠧ ᠴᠢᠶᠠᠩ ᠶᠠᠷᠤᠩᠭᠡᠢ ᠰᠠᠶᠢᠳ ᠤᠨ ᠴᠤᠬᠤᠯᠠᠪᠤᠷᠢ ᠶᠢᠨ | ᠵᠤᠷᠢᠭ ᠰᠠᠨᠠᠭ᠎ᠠ ᠪᠠ ᠬᠤ᠋ ᠴᠥᠨ ᠬᠤᠸᠠ ᠲᠡᠳ᠋ ᠶᠠᠷᠤᠩᠭᠡᠢ ᠰᠠᠶᠢᠳ ᠤᠨ ᠶᠠᠷᠢᠶᠠᠨ ᠤ ᠵᠤᠷᠢᠭ ᠰᠠᠨᠠᠭ᠎ᠠ᠂ ᠲᠥᠪ ᠤᠨ | ᠲᠤᠭᠤᠷᠢᠨ ᠪᠠᠶᠢᠴᠠᠭᠠᠯᠳᠠ ᠶᠢᠨ ᠨᠠᠢᠮᠠᠳᠤᠭᠠᠷ ᠲᠤᠭᠤᠶᠢᠯᠠᠩ ᠤᠨ ᠥᠪᠤᠷ ᠮᠤᠩᠭᠤᠯ ᠤᠨ ᠥᠪᠡᠷᠳᠡᠭᠡᠨ ᠵᠠᠰᠠᠬᠤ | ᠤᠷᠤᠨ ᠳᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠤᠰᠬᠠᠢ ᠲᠥᠷᠥᠯ ᠤᠨ ᠲᠤᠭᠤᠷᠢᠨ | ᠪᠠᠶᠢᠴᠠᠭᠠᠯᠳᠠ ᠶᠢᠨ ᠠᠵᠢᠯ ᠢ ᠥᠷᠨᠢᠭᠦᠯᠭᠦ ᠲᠠᠶᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠪᠠ ᠬᠤᠳᠠ ᠶᠢᠨ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠤᠭᠢᠷᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠤᠯᠤᠰ ᠲᠥᠷᠥ ᠶᠢᠨ ᠵᠤᠭᠰᠤᠴᠠ ᠪᠠᠨ ᠥᠨᠠᠠᠭᠦ ᠲᠡᠭᠡᠭᠰᠢᠯᠡᠭᠦᠯᠵᠤ | ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠬᠤ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ | ᠲᠥᠪ ᠤᠨ ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠠᠨ ᠰᠠᠶᠢᠵᠢᠷᠠᠭᠤᠯᠬᠤ ᠠᠵᠢᠯ ᠪᠠ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠰᠠᠶᠢᠨ | ᠭᠢᠭᠦ ᠶᠢᠨ ᠤᠯᠤᠰ ᠲᠥᠷᠥᠴᠢ ᠴᠢᠨᠠᠷ᠂ ᠲᠥᠪ ᠴᠢᠩᠭ᠎ᠠ ᠴᠢᠨᠠᠷ ᠪᠠ ᠴᠢᠬᠤᠯᠠ ᠴᠢᠨᠠᠷ ᠢ ᠭᠥᠨᠵᠡᠭᠡᠢ ᠲᠠᠨᠢᠵᠤ ᠪᠥᠭᠦ | ᠬᠤᠰᠢᠭᠤ ᠪᠠᠷ ᠢᠶᠠᠨ ᠤᠯᠤᠰ ᠲᠥᠷᠥ ᠶᠢᠨ ᠵᠤᠭᠰᠤᠴᠠ ᠪᠠᠨ ᠲᠠᠭᠡᠭᠰᠢᠯᠡᠭᠦᠯᠤᠨ ᠲᠥᠷᠪᠡᠨ ᠤᠬᠠᠮᠰᠠᠷ ᠢ ᠪᠤᠢ | ᠪᠤᠯᠭᠠᠵᠤ ᠨᠡᠩ ᠥᠨᠳᠤᠷ ᠤᠯᠤᠰ ᠲᠥᠷᠥ ᠶᠢᠨ ᠤᠬᠠᠮᠰᠠᠷ ᠢᠶᠠᠷ ᠲᠤᠰ ᠬᠤᠶᠠᠷ ᠲᠥᠷᠥᠯ ᠤᠨ ᠠᠵᠢᠯ ᠢ ᠯᠠᠪᠳᠠᠭᠤᠨ | ᠠᠭᠢᠭᠤᠯᠣᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠥᠵᠠᠯ ᠰᠠᠨᠠᠭ᠎ᠠ ᠪᠠ ᠰᠢ ᠶᠢᠨ ᠫᠢᠩ ᠤᠨ | ᠶᠠᠳᠠᠭᠤ ᠶᠢ ᠲᠠᠳᠭᠦᠭᠦ ᠥᠵᠠᠯ ᠰᠠᠨᠠᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠵᠦ ᠠᠵᠢᠯ ᠤᠨ | ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠵᠢᠯᠤᠭᠤᠳᠤᠨ | ᠠᠬᠢᠭᠤᠯᠵᠦ ᠡᠯ᠎ᠠ ᠰᠤᠮᠤ ᠪᠠᠯᠭᠠᠰᠤ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ︽ᠨᠢᠭᠡᠳᠤᠭᠡᠷ ᠤᠳᠤᠷᠢᠳᠬᠤ ᠭᠠᠷ︾ | ᠴᠡᠭᠴᠡᠯᠠᠨ ᠰᠠᠶᠢᠵᠢᠷᠠᠭᠤᠯᠬᠤ ᠲᠥᠰᠥᠯ ᠲᠤᠭᠳᠠᠭᠠᠨ ᠴᠡᠭᠴᠡᠯᠠᠨ ᠰᠠᠶᠢᠵᠢᠷᠠᠭᠤᠯᠬᠤ ᠡᠭᠦᠷᠭᠡ ᠪᠠ ᠬᠠᠷᠢᠭᠤᠴᠠᠯᠭ᠎ᠠ | ᠶᠢᠨ ᠭᠥᠮᠤᠨ ᠢ ᠲᠤᠳᠤᠷᠬᠠᠶᠢᠯᠠᠵᠤ ᠴᠡᠭᠴᠡᠯᠠᠨ ᠰᠠᠶᠢᠵᠢᠷᠠᠭᠤᠯᠬᠤ ᠲᠠᠩᠰᠠ ᠪᠠᠶᠢᠭᠤᠯᠤᠨ ᠴᠡᠭᠴᠡᠯᠠᠨ | ᠰᠠᠶᠢᠵᠢᠷᠠᠭᠤᠯᠤᠯᠳᠠ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠠᠭᠢᠭᠤᠯᠬᠤ ᠭᠡᠷᠡᠭᠳᠠᠢ ᠭᠡᠵᠡᠢ᠃ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠬᠠᠢ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ | ᠥᠩᠭᠡᠷᠡᠭᠰᠠᠨ ᠤ ᠬᠠᠷᠢᠭᠤ ᠲᠤᠰᠬᠠᠭᠰᠠᠨ ᠠᠰᠠᠭᠤᠳᠠᠯ ᠳᠤ ᠲᠠᠭᠢᠨ ᠪᠠᠶᠢᠴᠠᠭᠠᠯᠳᠠ ᠲᠤᠭᠢᠷᠠᠭᠤᠯᠤᠯᠳᠠ ᠬᠢᠵᠦ᠂ | ᠰᠠᠳᠭᠢᠴᠠ ᠶᠢᠨ ᠰᠢᠨ᠎ᠠ ᠶᠢ ᠡᠭᠦᠳᠴᠤ᠂ ᠠᠷᠭ᠎ᠠ ᠭᠠᠷᠭᠠᠨ᠂ ᠴᠡᠭᠴᠡᠯᠠᠨ ᠰᠠᠶᠢᠵᠢᠷᠠᠭᠤᠯᠤᠯᠳᠠ ᠶᠢ ᠬᠠᠤᠯᠢ ᠶᠤᠰᠤᠭᠠᠷ | ᠪᠡᠶᠡᠯᠡᠬᠦᠯᠬᠦ ᠭᠡᠷᠡᠭᠳᠠᠢ᠃ ᠠᠵᠤ ᠠᠬᠤᠶᠢᠯᠠᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠨ ᠤᠷᠴᠢᠨ ᠲᠤᠭᠤᠷᠢᠨ ᠤ ᠭᠠᠷ ᠭᠥᠢᠴᠡᠳᠭᠡᠯ ᠢ | ᠲᠠᠭᠦᠯᠳᠡᠷᠵᠢᠭᠦᠯᠵᠤ ᠬᠠᠤᠯᠢ ᠭᠡᠷᠡᠭᠵᠢᠭᠦᠯᠭᠦ ᠭᠥᠴᠥᠯᠠᠴᠠ ᠪᠠᠨ ᠨᠡᠮᠡᠭᠳᠡᠭᠦᠯᠤᠨ ᠤᠷᠴᠢᠨ ᠲᠤᠭᠤᠷᠢᠨ ᠤ ᠬᠠᠤᠯᠢ ᠶᠢ | ᠵᠥᠷᠢᠴᠡᠭᠰᠠᠨ ᠠᠵᠢᠯᠯᠠᠭ᠎ᠠ ᠶᠢ ᠬᠦᠨᠳᠦ ᠪᠠᠷ ᠰᠢᠳᠭᠡᠵᠦ ᠡᠯ᠎ᠠ ᠲᠥᠷᠥᠯ ᠤᠨ ᠴᠡᠭᠴᠡᠯᠠᠨ ᠰᠠᠶᠢᠵᠢᠷᠠᠭᠤᠯᠤᠯᠳᠠ ᠶᠢᠨ | ᠠᠷᠭ᠎ᠠ ᠪᠠᠷᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠥᠭᠦ ᠤᠯᠤᠰ ᠤᠨ ᠠᠮᠢ ᠠᠬᠤᠢ ᠶᠢᠨ ᠪᠤᠯᠪᠠᠰᠤᠨ | ᠤ ᠲᠠᠭᠤᠷᠢᠶᠠᠯ ᠬᠤᠰᠢᠭᠤᠨ ᠤ ᠡᠭᠦᠳᠤᠨ ᠪᠠᠶᠢᠭᠤᠯᠤᠯᠳᠠ ᠶᠢᠨ ᠠᠵᠢᠯ ᠢ ᠡᠭᠢᠯᠡᠭᠦᠯᠵᠤ ᠡᠭᠦᠳᠤᠨ ᠪᠠᠶᠢᠭᠤᠯᠤᠯᠳᠠ ᠶᠢᠨ | ᠲᠥᠯᠥᠪᠯᠡᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠵᠢᠯ ᠤᠨ ᠲᠤᠳᠤᠷ᠎ᠠ ᠪᠡᠶᠡᠯᠡᠭᠦᠯᠤᠨ ᠪᠥᠭᠦ ᠤᠯᠤᠰ ᠤᠨ | ᠬᠤᠶᠠᠳᠣᠭᠠᠷ ᠤᠳᠠᠭᠠᠨ ᠤ ᠪᠤᠭᠢᠷᠳᠤᠯ ᠤᠨ ᠡᠭᠢ ᠥᠨᠳᠤᠰᠤ ᠶᠢ ᠪᠠᠶᠢᠴᠠᠭᠠᠬᠤ ᠠᠵᠢᠯ ᠢ ᠥᠷᠭᠦᠯᠵᠢᠯᠠᠨ ᠴᠢᠩᠭ᠎ᠠ | ᠠᠳᠬᠤᠵᠤ 2018 ᠤᠨ ᠤ ᠵᠢᠯ ᠤᠨ ᠡᠴᠤᠰ ᠲᠤ ᠪᠠᠶᠢᠴᠠᠭᠠᠯᠳᠠ ᠶᠢᠨ ᠡᠯ᠎ᠠ ᠲᠥᠷᠥᠯ ᠤᠨ ᠠᠵᠢᠯ ᠢ ᠪᠠᠶᠠᠯᠠᠭᠦᠯᠭᠦ | ᠶᠢ ᠪᠠᠳᠤᠯᠠᠬᠤ ᠭᠡᠷᠡᠭᠳᠠᠢ ᠭᠡᠵᠡᠢ᠃ | | | | | | | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠲᠤᠬᠠᠢ ᠡᠷᠳᠡᠨᠢᠪᠢᠯᠢᠭ | ᠴᠢᠬᠤᠯᠠᠴᠢᠯᠠᠬᠤ ᠳᠤ ᠪᠠᠨ᠂ ᠭᠠᠴᠠᠭ᠎ᠠ ᠲᠤᠰᠬᠤᠨ ᠳᠤ ᠤᠷᠤᠨ ᠠᠶᠢᠯ ᠡᠷᠤᠭᠡ ᠳᠤ ᠬᠦᠷᠬᠦ ᠠᠵᠢᠯ ᠢ ᠥᠷᠭᠦᠯᠵᠢᠯᠠᠨ | ᠥᠷᠨᠢᠭᠦᠯᠵᠤ ᠭᠠᠴᠠᠭ᠎ᠠ ᠲᠤᠰᠬᠤᠨ ᠪᠤᠯᠤᠨ ᠪᠠᠲᠤᠳᠬᠠᠨ ᠴᠢᠨᠡᠬᠡᠯᠢᠭᠵᠢᠬᠦᠯᠬᠦ ᠡᠷᠤᠬᠡ᠂ ᠶᠠᠳᠠᠭᠤ ᠭᠥᠴᠢᠷᠳᠠᠯᠳᠠᠢ | ᠡᠷᠤᠭᠡ᠂ ᠶᠠᠳᠠᠭᠤ ᠬᠦᠴᠢᠷᠳᠡᠯᠳᠡᠢ ᠡᠷᠦᠬᠡ ᠶᠢᠨ ᠪᠠᠷᠢᠮᠵᠢᠶᠠᠨ ᠳᠤ ᠣᠶᠢᠷᠠᠲᠤᠵᠤ ᠪᠠᠶᠢᠭ᠎ᠠ ᠡᠷᠤᠬᠡ ᠶᠢᠨ ᠪᠠᠶᠢᠳᠠᠯ ᠢ | ᠲᠤᠳᠤᠷᠬᠠᠢ ᠤᠶᠢᠯᠠᠭᠠᠬᠤ ᠭᠡᠷᠡᠭᠳᠠᠢ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ︽ᠪᠦᠬᠦ ᠬᠤᠳᠠ ᠶᠢᠨ | ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠲᠤᠰᠬᠠᠢ ᠲᠥᠷᠥᠯ ᠤᠨ | ᠱᠠᠭᠠᠷᠳᠠᠨ ᠪᠠᠶᠢᠴᠠᠭᠠᠯᠳᠠ ᠶᠢᠨ ᠨᠠᠷᠢᠨ ᠲᠠᠩᠰᠠ︾ ᠲᠠᠢ ᠬᠠᠷᠭᠤᠭᠤᠯᠵᠦ ᠠᠵᠢᠯ ᠤᠨ ᠨᠠᠷᠢᠨ ᠲᠠᠩᠰᠠ ᠭᠠᠷᠭᠠᠨ ᠨᠢᠭᠡ | ᠨᠢᠭᠡ ᠪᠠᠷ ᠴᠡᠭᠴᠡᠯᠠᠨ ᠰᠠᠶᠢᠵᠢᠷᠠᠭᠤᠯᠵᠤ ᠴᠡᠭᠴᠡᠯᠠᠨ ᠰᠠᠶᠢᠵᠢᠷᠠᠭᠤᠯᠤᠯᠳᠠ ᠶᠢᠨ ᠡᠭᠦᠷᠭᠡ ᠶᠢ ᠲᠤᠭᠳᠠᠭᠰᠠᠨ ᠴᠠᠭ ᠲᠤ | ᠪᠠᠨ ᠪᠡᠶᠡᠯᠡᠬᠦᠯᠬᠦ ᠭᠡᠷᠡᠭᠳᠠᠢ᠃ ᠡᠯ᠎ᠠ ᠲᠥᠷᠥᠯ ᠤᠨ ᠲᠠᠳᠭᠦᠨ ᠲᠠᠮᠵᠢᠭᠦ ᠠᠷᠭ᠎ᠠ ᠪᠠᠷᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠢᠨᠠᠨ ᠬᠠᠷᠭᠤᠭᠤᠯᠵᠤ ᠲᠠᠳᠭᠦᠨ ᠲᠠᠮᠵᠢᠭᠦ ᠵᠤᠭᠢᠰᠳᠠᠢ ᠠᠷᠭ᠎ᠠ ᠲᠤᠭᠳᠠᠭᠠᠨ ᠶᠠᠳᠠᠭᠤ ᠠᠴᠠ ᠥᠨᠠᠠᠭᠦ | ᠠᠩᠬᠢᠵᠢᠷᠠᠭᠤᠯᠬᠤ ᠭᠡᠷᠡᠭᠳᠠᠢ᠃ ︽ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠠᠭᠠᠭᠠᠴᠢᠯᠠᠬᠤ︾ ᠠᠵᠢᠯᠯᠠᠭᠠᠨ | ᠢ ᠯᠠᠪᠳᠠᠭᠤᠨ ᠪᠠᠲᠤᠲᠠᠢ ᠥᠷᠨᠢᠭᠦᠯᠤᠨ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ | ᠪᠠᠶᠢᠭᠤᠯᠤᠯᠳᠠ ᠶᠢᠨ ᠠᠵᠢᠯ ᠲᠠᠢ ᠤᠶᠠᠯᠳᠤᠭᠤᠯᠵᠦ ᠭᠥᠴᠢᠷᠳᠠᠯᠳᠠᠢ ᠤᠯᠠᠨ ᠲᠥᠮᠡᠨ ᠤ ᠥᠪᠠᠷ ᠤᠨ ᠭᠥᠴᠤᠨ ᠳᠤ | ᠪᠠᠨ ᠲᠥᠰᠢᠭᠯᠡᠨ ᠠᠮᠢᠳᠤᠷᠠᠯ ᠢᠶᠠᠨ ᠲᠡᠭᠡᠭᠰᠢᠯᠡᠭᠦᠯᠭᠦ ᠶᠢ ᠭᠥᠳᠤᠯᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠳᠤᠯᠬᠤ ᠲᠤᠳᠤᠭᠠᠳᠤ ᠠᠮᠢᠵᠢᠷᠠᠯ ᠤᠨ ᠭᠥᠴᠤᠨ ᠢ ᠨᠡᠮᠡᠭᠳᠡᠭᠦᠯᠭᠦ ᠭᠡᠷᠡᠭᠳᠠᠢ ᠭᠡᠵᠡᠢ᠃ | ᠤᠷᠴᠢᠮ ᠤᠨ ᠭᠤᠤᠯᠳᠠᠯᠭ᠎ᠠ ᠲᠠᠢ ᠠᠵᠢᠯ ᠤᠨ ᠲᠤᠬᠠᠢ ᠬᠤᠷᠠᠯ ᠠᠴᠠ ᠴᠢᠬᠤᠯᠠᠴᠢᠯᠠᠬᠤ ᠳᠤ ᠪᠠᠨ᠂ ᠬᠤᠷᠠᠯ | ᠳᠤ ᠤᠷᠤᠯᠴᠠᠭᠰᠠᠳ ᠵᠢᠯ ᠤᠨ ᠡᠭᠢᠨ ᠤ ᠡᠯ᠎ᠠ ᠲᠥᠷᠤᠯ ᠤᠨ ᠬᠠᠷᠠᠯᠳᠠ ᠡᠭᠦᠷᠭᠡ ᠶᠢᠨ ᠲᠤᠭᠤᠷᠢᠨ ᠳᠤ ᠪᠥᠭᠦ ᠲᠠᠯ᠎ᠠ | ᠶᠢᠨ ᠪᠥᠷᠢᠳᠭᠡᠯ ᠭᠢᠵᠤ ᠤᠨᠴᠠᠭᠠᠶᠢᠯᠠᠨ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ᠂ ᠴᠢᠬᠤᠯᠠ ᠲᠤᠮᠤ | ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ᠂ ᠡᠳ᠋ ᠤᠨ ᠵᠠᠰᠠᠭ ᠤᠨ ᠤᠷᠤᠯᠭ᠎ᠠ ᠵᠡᠷᠭᠡ ᠠᠵᠢᠯ ᠢ ᠴᠢᠩᠭ᠎ᠠ | ᠠᠳᠬᠤᠵᠦ ᠪᠥᠭᠦ ᠵᠢᠯ ᠤᠨ ᠬᠠᠷᠠᠯᠳᠠ ᠡᠭᠦᠷᠭᠡ ᠪᠠᠨ ᠠᠮᠵᠢᠯᠳᠠ ᠲᠠᠢ ᠪᠠᠶᠠᠯᠠᠭᠦᠯᠭᠦ ᠭᠡᠷᠡᠭᠳᠠᠢ᠃ ᠡᠭᠦᠨ ᠤ ᠬᠠᠮᠳᠤ | 2019 ᠤᠨ ᠤ ᠭᠤᠤᠯᠳᠠᠯᠭ᠎ᠠ ᠲᠠᠢ ᠠᠵᠢᠯ ᠢ ᠲᠥᠯᠥᠪᠵᠢᠭᠦᠯᠵᠤ ᠠᠵᠤ ᠥᠢᠯᠡᠰ᠂ ᠰᠠᠭᠤᠷᠢ ᠲᠥᠭᠦᠭᠡᠷᠤᠮᠵᠢ᠂ | ᠠᠷᠠᠳ ᠤᠨ ᠠᠮᠢᠳᠤᠷᠠᠯ ᠵᠡᠷᠭᠡ ᠡᠯ᠎ᠠ ᠲᠥᠷᠥᠯ ᠤᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠵᠤ ᠲᠥᠯᠥᠪᠯᠡᠭᠡ | ᠲᠥᠯᠥᠪᠵᠢᠭᠦᠯᠭᠡ ᠶᠢ ᠰᠠᠶᠢᠨ ᠭᠢᠭᠦ ᠭᠡᠷᠡᠭᠳᠠᠢ᠃ ᠠᠶᠤᠯᠭᠦᠢ ᠥᠢᠯᠡᠳᠪᠤᠷᠢᠯᠠᠯ᠂ ᠢᠳᠡᠭᠡᠨ ᠤ ᠠᠶᠤᠯᠭᠦᠢ᠂ ᠵᠠᠭᠢᠳᠠᠯ | ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠵᠡᠷᠭᠡ ᠶᠢᠨ | ᠠᠵᠢᠯ ᠢ ᠰᠠᠶᠢᠨ ᠭᠢᠵᠤ ᠨᠠᠶᠢᠭᠡᠮ ᠤᠨ ᠶᠡᠭᠡ ᠪᠠᠶᠢᠳᠠᠯ ᠤᠨ ᠡᠶ᠎ᠡ ᠵᠤᠭᠢᠴᠠᠯ ᠲᠤᠭᠳᠠᠭᠤᠨ ᠢ ᠬᠠᠮᠠᠭᠠᠯᠠᠨ ᠰᠤᠷᠳᠠᠯ ᠤᠨ | ᠪᠠᠶᠢᠭᠤᠯᠤᠯᠳᠠ ᠶᠢ ᠴᠢᠩᠭᠠᠳᠬᠠᠵᠦ ᠠᠵᠢᠯ ᠡᠷᠭᠢᠯᠠᠨ ᠥᠢᠯᠡᠰ ᠪᠥᠳᠥᠭᠡᠭᠰᠠᠨ ᠭᠥᠨ ᠵᠤᠵᠠᠭᠠᠨ ᠠᠭᠤᠷ ᠠᠮᠢᠰᠬᠤᠯ ᠢ | ᠪᠥᠷᠢᠯᠳᠤᠭᠦᠯᠭᠦ ᠭᠡᠷᠡᠭᠳᠠᠢ ᠭᠡᠵᠡᠢ᠃ | ᠬᠤᠷᠠᠯ ᠳᠡᠭᠡᠷ᠎ᠡ ᠰᠤᠷᠭᠠᠯᠳᠤ ᠠᠴᠠ ᠪᠥᠭᠦ ᠬᠤᠳᠠ ᠶᠢᠨ ᠵᠠᠭᠢᠳᠠᠯ ᠰᠤᠷᠪᠤᠯᠵᠢᠯᠠᠭ᠎ᠠ ᠲᠤᠭᠳᠠᠭᠤᠨ ᠢ | ᠬᠠᠮᠠᠭᠠᠯᠠᠬᠤ ᠠᠵᠢᠯ ᠤᠨ ᠲᠤᠭᠢᠷᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ | ᠬᠠᠮᠳᠤ ᠤᠷᠴᠢᠮ ᠤᠨ ᠬᠤᠭᠤᠴᠠᠭᠠᠨ ᠤ ᠵᠠᠭᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠳᠤ | ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠸᠠᠩ ᠯᠢ ᠫᠢᠩ ᠠᠴᠠ ᠥᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠠᠯᠪᠠᠨ ᠲᠢᠩᠭᠢᠮ ᠤᠨ ︽ᠺᠠᠳ᠋ᠷ ᠢ ᠤᠯᠠᠮ ᠨᠢᠭᠡ ᠠᠯᠬᠤᠮ ᠬᠠᠯᠠᠮᠵᠢᠯᠠᠬᠤ ᠲᠤᠬᠠᠢ ᠰᠠᠨᠠᠯ︾ ᠢ | ᠤᠯᠠᠮᠵᠢᠯᠠᠪᠠ᠃ ᠹᠧᠩ ᡁᠢ ᠮᠢᠩ ᠠᠴᠠ ᠪᠥᠭᠦ ᠬᠤᠳᠠ ᠶᠢᠨ ᠲᠤᠤᠷ ᠰᠥᠯᠵᠢᠶᠠᠨ ᠤ ᠠᠮᠤᠷ ᠲᠥᠪᠰᠢᠨ ᠪᠤᠯᠤᠨ | ᠮᠡᠳᠡᠭᠡ ᠵᠠᠩᠭᠢᠴᠢᠯᠠᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠪᠠᠰᠠ | ᠪᠥᠭᠦ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ | ᠰᠢᠪᠳᠤᠯᠬᠤ ᠠᠵᠢᠯ ᠢ ᠠᠬᠢᠭᠤᠯᠵᠦ ᠪᠠᠶᠢᠭ᠎ᠠ ᠪᠠᠶᠢᠳᠠᠯ ᠢ ᠰᠤᠨᠤᠰᠤᠭᠰᠠᠨ ᠪᠠᠶᠢᠨ᠎ᠠ᠃ |