ᠰᠢ ᠶᠢᠨ ᠫᠢᠩ ᠬᠠᠷᠢᠭᠤ ᠵᠠᠬᠢᠳᠠᠯ ᠢᠯᠡᠬᠡᠵᠥ ᠦᠷᠬᠡᠨ ᠤᠯᠠᠨ ᠠᠷᠠᠳ ᠤᠨ ᠡᠵᠡᠩᠨᠡᠯᠳᠠ ᠶᠢᠨ ᠠᠵᠥ ᠠᠬᠤᠶᠢᠯᠠᠯᠲᠠᠨ ᠢ ᠵᠤᠷᠢᠬᠵᠢᠭᠤᠯᠤᠬᠰᠠᠨ ᠨᠢ ᠨᠢᠬᠡ ᠯᠡ ᠰᠡᠳᠬᠢᠯ ᠢᠶᠠᠷ ᠰᠢᠨ᠎ᠡ ᠶᠢ ᠡᠬᠦᠳᠴᠤ ᠡᠬᠦᠳᠦᠨ ᠪᠦᠳᠦᠬᠡᠵᠥ ᠯᠠᠪᠳᠠᠭᠤᠨ ᠪᠠᠳᠤᠳᠠᠢ ᠪᠠᠷ ᠠᠵᠥ ᠠᠬᠤᠶᠢᠯᠠᠯ ᠢᠶᠠᠨ ᠰᠠᠶᠢᠳᠤᠷ ᠡᠷᠬᠢᠯᠡᠬᠡᠷᠡᠢ
ᠨᠡᠶᠢᠲᠡᠯᠡᠭᠰᠡᠨ ᠴᠠᠭ᠄
2018-10-24
                      ᠬᠠᠷᠢᠭᠤ ᠵᠠᠬᠢᠳᠠᠯ︽ᠳᠦᠮᠡᠨ ᠠᠵᠥ ᠠᠬᠤᠶᠢᠯᠠᠯ ᠳᠦᠮᠡᠨ ᠳᠤᠰᠬᠤᠨ ᠢ ᠳᠤᠰᠠᠯᠠᠬᠤ︾ ᠠᠵᠢᠯᠯᠠᠭᠠᠨ ᠳᠤ ᠬᠦᠬᠢᠬᠦᠯᠦᠭᠳᠡᠭᠰᠡᠨ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯᠲᠠᠳ ᠲᠤ᠄      ᠳᠠ ᠨᠠᠷ ᠰᠠᠶᠢᠨ ᠪᠠᠶᠢᠨ᠎ᠠ ᠤᠤ᠂ ᠵᠠᠬᠢᠳᠠᠯ ᠢ ᠴᠢᠨᠢ ᠭᠠᠷᠳᠠᠯ᠎ᠠ᠃ ᠤᠯᠠᠮ ᠠᠴᠠ ᠤᠯᠠᠨ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯ ᠤᠨ ᠬᠢᠨ ᠨᠡᠶᠢᠬᠡᠮ ᠤᠨ ᠬᠠᠷᠢᠭᠤᠴᠠᠯᠭ᠎ᠠ ᠶᠢ ᠢᠳᠡᠪᠬᠢᠳᠡᠢ ᠡᠬᠦᠷᠬᠡᠯᠡᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠨ᠂ ᠦᠷᠬᠡᠨ ᠤᠯᠠᠨ ᠶᠠᠳᠠᠭᠤ ᠬᠦᠴᠢᠷᠳᠡᠯᠳᠡᠢ ᠤᠯᠠᠨ ᠳᠦᠮᠡᠨ ᠢ ᠳᠤᠰᠠᠯᠠᠵᠥ ᠰᠠᠶᠢᠨ ᠰᠠᠶᠢᠬᠠᠨ ᠠᠮᠢᠳᠤᠷᠠᠭᠤᠯᠵᠤ ᠪᠠᠶᠢᠬᠤ ᠶᠢ ᠤᠯᠵᠥ ᠬᠠᠷᠠᠭᠠᠳ ᠪᠢ ᠮᠠᠰᠢ ᠪᠠᠶᠠᠷᠯᠠᠵᠥ ᠪᠠᠶᠢᠨ᠎ᠠ᠃      ᠦᠬᠡᠷᠡᠴᠢᠯᠠᠯᠳᠠ ᠨᠡᠬᠡᠬᠡᠯᠳᠠ ᠬᠢᠭᠰᠡᠨ 40 ᠵᠢᠯ ᠤᠨ ᠲᠤᠷᠰᠢ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠦᠷᠨᠢᠨ ᠬᠦᠭᠵᠢᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠪᠠᠭ᠎ᠠ ᠠᠴᠠ ᠪᠠᠨ ᠶᠡᠭᠡ᠂ ᠪᠠᠭᠤᠷᠠᠢ ᠠᠴᠠ ᠪᠠᠨ ᠬᠦᠴᠦᠷᠭᠡᠭ ᠪᠤᠯᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠰᠢᠨᠡᠴᠢᠯᠠᠯᠳᠠ ᠶᠢ ᠠᠬᠢᠭᠤᠯᠬᠤ᠂ ᠠᠵᠢᠯ ᠤᠯᠭᠤᠯᠳᠠ ᠶᠢ ᠨᠡᠮᠡᠭᠳᠡᠬᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠬᠤ ᠴᠢᠬᠤᠯᠠ ᠬᠦᠴᠤᠨ ᠪᠤᠯᠤᠭᠰᠠᠨ ᠪᠠᠶᠢᠨ᠎ᠠ᠃ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠲᠡᠤᠬᠡᠳᠤ ᠬᠤᠪᠢ ᠨᠡᠮᠡᠷᠢ ᠶᠢ ᠤᠮᠳᠤᠭᠠᠶᠢᠯᠠᠵᠦ ᠪᠤᠯᠤᠰᠢ ᠦᠬᠡᠢ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠪᠠᠶᠢᠷᠢ ᠰᠠᠭᠤᠷᠢ ᠦᠢᠯᠡᠳᠦᠯ ᠢ ᠴᠦ ᠰᠡᠵᠢᠭᠯᠡᠵᠤ ᠪᠤᠯᠤᠰᠢ ᠦᠬᠡᠢ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢ ᠦᠬᠡᠶᠢᠰᠬᠡᠵᠤ ᠰᠤᠯᠠᠷᠠᠭᠤᠯᠵᠤ ᠪᠠᠶᠢᠭ᠎ᠠ ᠠᠯᠢᠪᠠ ᠦᠬᠡ ᠶᠠᠷᠢᠶ᠎ᠠ ᠪᠠ ᠠᠷᠭ᠎ᠠ ᠬᠢᠳᠡᠯ ᠴᠦᠮ ᠪᠤᠷᠤᠭᠤ ᠶᠤᠮ᠃      ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠭᠵᠢᠯᠳᠠ ᠶᠢ ᠲᠡᠮᠵᠢᠬᠦ ᠪᠤᠯ ᠨᠠᠮ ᠤᠨ ᠲᠦᠪ ᠬᠤᠷᠢᠶᠠᠨ ᠤ ᠢᠮᠠᠬᠳᠠ ᠶᠢᠨ ᠴᠢᠭᠯᠡᠯᠳᠠ ᠪᠤᠯᠤᠨ᠎ᠠ᠂ ᠡᠨᠡ ᠲᠠᠯ᠎ᠠ ᠪᠠᠷ ᠦᠴᠦᠬᠡᠨ ᠴᠤ ᠭᠤᠶᠢᠪᠢᠯᠵᠠᠬᠤ ᠦᠬᠡᠢ ᠶᠤᠮ᠃ ᠦᠷᠬᠡᠨ ᠤᠯᠠᠨ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯᠲᠠᠨ ᠴᠠᠬ ᠦᠶ᠎ᠠ ᠶᠢᠨ ᠶᠡᠭᠡ ᠬᠠᠨᠳᠤᠰᠢ ᠶᠢ ᠰᠠᠶᠢᠳᠤᠷ ᠡᠵᠡᠮᠳᠡᠵᠤ᠂ ᠬᠦᠭᠵᠢᠯᠳᠠ ᠶᠢᠨ ᠢᠳᠡᠬᠡᠯ ᠢᠶᠠᠨ ᠪᠠᠳᠤᠳᠬᠠᠨ᠂ ᠨᠢᠬᠡ ᠯᠠ ᠰᠡᠳᠬᠢᠯ ᠢᠶᠠᠷ ᠰᠢᠨ᠎ᠠ ᠶᠢ ᠡᠬᠦᠳᠴᠤ ᠡᠬᠦᠳᠦᠨ ᠪᠦᠳᠦᠬᠡᠵᠥ᠂ ᠯᠠᠪᠳᠠᠭᠤᠨ ᠪᠠᠳᠤᠳᠠᠢ ᠪᠠᠷ ᠠᠵᠤ ᠠᠬᠤᠶᠢᠯᠠᠯ ᠢᠶᠠᠨ ᠰᠠᠶᠢᠳᠤᠷ ᠡᠷᠬᠢᠯᠠᠵᠤ᠂ ᠬᠦᠴᠤᠨ ᠢᠶᠠᠨ ᠬᠠᠮᠳᠤᠳᠬᠠᠵᠤ ᠪᠠᠶᠢᠭᠠᠳ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠨᠡᠩ ᠰᠠᠶᠢᠨ ᠰᠠᠶᠢᠬᠠᠨ ᠮᠠᠷᠭᠠᠰᠢ ᠶᠢ ᠴᠤᠬᠴᠠᠯᠠᠵᠥ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ᠃                                   ᠰᠢ ᠶᠢᠨ ᠫᠢᠩ                     2018 ᠤᠨ ᠤ 10 ᠰᠠᠷ᠎ᠠ ᠶᠢᠨ 20 ᠤ ᠡᠳᠤᠷ                    ︵ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 21 ᠤ ᠴᠠᠬᠢᠯᠭᠠᠨ ᠮᠡᠳᠡᠭᠡ︶      ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ 10 ᠰᠠᠷ᠎ᠠ ᠶᠢᠨ 20 ᠤ ᠡᠳᠤᠷ ︽ᠳᠦᠮᠡᠨ ᠠᠵᠥ ᠠᠬᠤᠶᠢᠯᠠᠯ ᠳᠦᠮᠡᠨ ᠳᠤᠰᠬᠤᠨ ᠢ ᠳᠤᠰᠠᠯᠠᠬᠤ︾ ᠠᠵᠢᠯᠯᠠᠭᠠᠨ ᠳᠤ ᠬᠦᠬᠢᠬᠦᠯᠦᠭᠳᠡᠭᠰᠡᠨ ᠠᠷᠠᠳ ᠤᠨ ᠡᠵᠡᠩᠨᠡᠯᠳᠠ ᠶᠢᠨ ᠠᠵᠥ ᠠᠬᠤᠶᠢᠯᠠᠯᠲᠠᠳ ᠲᠤ ᠬᠠᠷᠢᠭᠤ ᠵᠠᠬᠢᠳᠠᠯ ᠢᠯᠡᠬᠡᠵᠥ᠂ ᠠᠷᠠᠳ ᠤᠨ ᠡᠵᠡᠩᠨᠡᠯᠳᠠ ᠶᠢᠨ ᠠᠵᠥ ᠠᠬᠤᠶᠢᠯᠠᠯ ᠤᠳ ᠤᠨ ᠵᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠵᠤ ᠪᠠᠶᠢᠭ᠎ᠠ ᠶᠢ ᠬᠦᠢᠴᠡᠳ ᠨᠤᠳᠠᠯᠠᠵᠥ᠂ ᠦᠷᠬᠡᠨ ᠤᠯᠠᠨ ᠠᠷᠠᠳ ᠤᠨ ᠡᠵᠡᠩᠨᠡᠯᠳᠠ ᠶᠢᠨ ᠠᠵᠥ ᠠᠬᠤᠶᠢᠯᠠᠯᠲᠠᠨ ᠤ ᠬᠦᠭᠵᠢᠯᠳᠡ ᠶᠢᠨ ᠢᠳᠡᠬᠡᠯ ᠢᠶᠠᠨ ᠪᠠᠳᠤᠳᠬᠠᠵᠥ᠂ ᠯᠠᠪᠳᠠᠭᠤᠨ ᠪᠠᠳᠤᠳᠠᠢ ᠪᠠᠷ ᠠᠵᠥ ᠠᠬᠤᠶᠢᠯᠠᠯ ᠢᠶᠠᠨ ᠰᠠᠶᠢᠳᠤᠷ ᠡᠷᠬᠢᠯᠡᠬᠦ ᠶᠢ ᠵᠤᠷᠢᠬᠵᠢᠭᠤᠯᠪᠠ᠃      ᠰᠢ ᠶᠢᠨ ᠫᠢᠩ᠂ ᠤᠯᠠᠮ ᠠᠴᠠ ᠤᠯᠠᠨ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯ ᠤᠨ ᠬᠢᠨ ᠨᠡᠶᠢᠬᠡᠮ ᠤᠨ ᠬᠠᠷᠢᠭᠤᠴᠠᠯᠭ᠎ᠠ ᠶᠢ ᠢᠳᠡᠪᠬᠢᠳᠡᠢ ᠡᠬᠦᠷᠬᠡᠯᠡᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠨ᠂ ᠦᠷᠬᠡᠨ ᠤᠯᠠᠨ ᠶᠠᠳᠠᠭᠤ ᠬᠦᠴᠢᠷᠳᠡᠯᠳᠡᠢ ᠤᠯᠠᠨ ᠳᠦᠮᠡᠨ ᠢ ᠳᠤᠰᠠᠯᠠᠵᠥ ᠰᠠᠶᠢᠨ ᠰᠠᠶᠢᠬᠠᠨ ᠠᠮᠢᠳᠤᠷᠠᠭᠤᠯᠵᠤ ᠪᠠᠶᠢᠬᠤ ᠶᠢ ᠤᠯᠵᠥ ᠬᠠᠷᠠᠭᠠᠳ ᠪᠢ ᠮᠠᠰᠢ ᠪᠠᠶᠠᠷᠯᠠᠵᠥ ᠪᠠᠶᠢᠨ᠎ᠠ ᠬᠡᠵᠥ ᠢᠯᠡᠳᠬᠡᠪᠡ᠃      ᠰᠢ ᠶᠢᠨ ᠫᠢᠩ᠂ ᠦᠬᠡᠷᠡᠴᠢᠯᠠᠯᠳᠠ ᠨᠡᠬᠡᠬᠡᠯᠳᠠ ᠬᠢᠭᠰᠡᠨ 40 ᠵᠢᠯ ᠤᠨ ᠲᠤᠷᠰᠢ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠦᠷᠨᠢᠨ ᠬᠦᠭᠵᠢᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠪᠠᠭ᠎ᠠ ᠠᠴᠠ ᠪᠠᠨ ᠶᠡᠭᠡ᠂ ᠪᠠᠭᠤᠷᠠᠢ ᠠᠴᠠ ᠪᠠᠨ ᠬᠦᠴᠦᠷᠭᠡᠭ ᠪᠤᠯᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠰᠢᠨᠡᠴᠢᠯᠠᠯᠳᠠ ᠶᠢ ᠠᠬᠢᠭᠤᠯᠬᠤ᠂ ᠠᠵᠢᠯ ᠤᠯᠭᠤᠯᠳᠠ ᠶᠢ ᠨᠡᠮᠡᠭᠳᠡᠬᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠬᠤ ᠴᠢᠬᠤᠯᠠ ᠬᠦᠴᠤᠨ ᠪᠤᠯᠤᠭᠰᠠᠨ ᠪᠠᠶᠢᠨ᠎ᠠ᠃ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠲᠡᠤᠬᠡᠳᠤ ᠬᠤᠪᠢ ᠨᠡᠮᠡᠷᠢ ᠶᠢ ᠤᠮᠳᠤᠭᠠᠶᠢᠯᠠᠵᠦ ᠪᠤᠯᠤᠰᠢ ᠦᠬᠡᠢ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠪᠠᠶᠢᠷᠢ ᠰᠠᠭᠤᠷᠢ ᠦᠢᠯᠡᠳᠦᠯ ᠢ ᠴᠦ ᠰᠡᠵᠢᠭᠯᠡᠵᠤ ᠪᠤᠯᠤᠰᠢ ᠦᠬᠡᠢ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢ ᠦᠬᠡᠶᠢᠰᠬᠡᠵᠤ ᠰᠤᠯᠠᠷᠠᠭᠤᠯᠵᠤ ᠪᠠᠶᠢᠭ᠎ᠠ ᠠᠯᠢᠪᠠ ᠦᠬᠡ ᠶᠠᠷᠢᠶ᠎ᠠ ᠪᠠ ᠠᠷᠭ᠎ᠠ ᠬᠢᠳᠡᠯ ᠴᠦᠮ ᠪᠤᠷᠤᠭᠤ ᠶᠤᠮ ᠬᠡᠵᠥ ᠵᠢᠭᠠᠵᠥ ᠭᠠᠷᠭᠠᠪᠠ      ᠰᠢ ᠶᠢᠨ ᠫᠢᠩ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠭᠵᠢᠯᠳᠠ ᠶᠢ ᠲᠡᠮᠵᠢᠬᠦ ᠪᠤᠯ ᠨᠠᠮ ᠤᠨ ᠲᠦᠪ ᠬᠤᠷᠢᠶᠠᠨ ᠤ ᠢᠮᠠᠬᠳᠠ ᠶᠢᠨ ᠴᠢᠭᠯᠡᠯᠳᠠ ᠪᠤᠯᠤᠨ᠎ᠠ᠂ ᠡᠨᠡ ᠲᠠᠯ᠎ᠠ ᠪᠠᠷ ᠦᠴᠦᠬᠡᠨ ᠴᠤ ᠭᠤᠶᠢᠪᠢᠯᠵᠠᠬᠤ ᠦᠬᠡᠢ ᠶᠤᠮ᠃ ᠦᠷᠬᠡᠨ ᠤᠯᠠᠨ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯᠲᠠᠨ ᠴᠠᠬ ᠦᠶ᠎ᠠ ᠶᠢᠨ ᠶᠡᠭᠡ ᠬᠠᠨᠳᠤᠰᠢ ᠶᠢ ᠰᠠᠶᠢᠳᠤᠷ ᠡᠵᠡᠮᠳᠡᠵᠤ᠂ ᠬᠦᠭᠵᠢᠯᠳᠠ ᠶᠢᠨ ᠢᠳᠡᠬᠡᠯ ᠢᠶᠠᠨ ᠪᠠᠳᠤᠳᠬᠠᠨ᠂ ᠨᠢᠬᠡ ᠯᠠ ᠰᠡᠳᠬᠢᠯ ᠢᠶᠠᠷ ᠰᠢᠨ᠎ᠠ ᠶᠢ ᠡᠬᠦᠳᠴᠤ ᠡᠬᠦᠳᠦᠨ ᠪᠦᠳᠦᠬᠡᠵᠥ᠂ ᠯᠠᠪᠳᠠᠭᠤᠨ ᠪᠠᠳᠤᠳᠠᠢ ᠪᠠᠷ ᠠᠵᠤ ᠠᠬᠤᠶᠢᠯᠠᠯ ᠢᠶᠠᠨ ᠰᠠᠶᠢᠳᠤᠷ ᠡᠷᠬᠢᠯᠠᠵᠤ᠂ ᠬᠦᠴᠤᠨ ᠢᠶᠠᠨ ᠬᠠᠮᠳᠤᠳᠬᠠᠵᠤ ᠪᠠᠶᠢᠭᠠᠳ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠨᠡᠩ ᠰᠠᠶᠢᠨ ᠰᠠᠶᠢᠬᠠᠨ ᠮᠠᠷᠭᠠᠰᠢ ᠶᠢ ᠴᠤᠬᠴᠠᠯᠠᠵᠥ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ ᠬᠡᠵᠥ ᠴᠢᠬᠤᠯᠠᠴᠢᠯᠠᠪᠠ᠃       2015 ᠤᠨ ᠤ 10 ᠰᠠᠷ ᠎ᠠ ᠳᠤ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠤᠳᠤᠷᠢᠳᠬᠤ ᠳᠤᠭᠤᠶᠢᠯᠠᠩ ᠤᠨ ᠠᠵᠢᠯ ᠤᠨ ᠠᠯᠪᠠᠨ ᠭᠡᠷ ᠵᠡᠷᠬᠡ ᠬᠠᠮᠳᠤᠷᠠᠨ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠳᠤᠰᠠᠯᠠᠬᠤ︾ ᠤᠨᠢᠨ ᠲᠡᠬᠡᠷ᠎ᠠ ᠨᠢ ᠶᠠᠳᠠᠭᠤ ᠶᠢ ᠲᠡᠳᠬᠦᠬᠦ ᠠᠵᠢᠯᠯᠠᠭ᠎ᠠ ᠶᠢ ᠡᠬᠢᠯᠠᠬᠦᠯᠵᠤ᠂ ᠡᠳᠤᠬᠡ ᠪᠤᠯᠳᠠᠯ᠎ᠠ 6 ᠲᠦᠮᠡ ᠭᠠᠷᠤᠢ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠡᠨᠡ ᠬᠦ ᠠᠵᠢᠯᠯᠠᠭ᠎ᠠ ᠳᠤ ᠤᠷᠤᠯᠴᠠᠬᠰᠠᠨ ᠪᠠᠶᠢᠨ᠎ᠠ᠃ ᠡᠨᠡ ᠵᠢᠯ ᠤᠨ 10 ᠰᠠᠷ᠎ᠠ ᠳᠤ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠤᠳᠤᠷᠢᠳᠬᠤ ᠲᠤᠭᠤᠶᠢᠯᠠᠩ ᠤᠨ ᠠᠵᠢᠯ ᠤᠨ ᠠᠯᠪᠠᠨ ᠭᠡᠷ ᠵᠡᠷᠬᠡ ᠨᠢᠬᠡᠴᠢ ᠠᠴᠠ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠳᠤᠰᠠᠯᠠᠬᠤ︾ ᠠᠵᠢᠯᠯᠠᠭᠠᠨ ᠳᠠᠬᠢ ᠲᠡᠷᠢᠬᠦᠨ ᠤ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠢ ᠬᠦᠬᠢᠬᠦᠯᠤᠨ ᠰᠠᠶᠢᠰᠢᠶᠠᠬᠤ ᠠᠵᠢᠯᠯᠠᠭ᠎ᠠ ᠶᠢ ᠠᠩᠬ᠎ᠠ ᠤᠳᠠᠭ᠎ᠠ ᠦᠷᠨᠢᠬᠦᠯᠪᠡ᠂ ᠡᠨᠡ ᠬᠦ ᠠᠵᠢᠯᠯᠠᠭ᠎ᠠ ᠶᠢ 3 ᠵᠢᠯ ᠲᠠᠷᠠᠭᠠᠯᠠᠨ ᠶᠠᠪᠤᠭᠳᠠᠭᠤᠯᠵᠤ᠂ ᠵᠢᠯ ᠳᠤ 100 ᠠᠵᠤ ᠠᠬᠤᠶᠢᠯᠠᠯ ᠢ ᠬᠦᠬᠢᠬᠦᠯᠬᠦ ᠪᠤᠯᠤᠨ᠎ᠠ᠃ ᠣᠶᠢᠷ᠎ᠠ ᠳᠤ᠂ ᠬᠦᠬᠢᠬᠦᠯᠦᠭᠳᠡᠨ ᠰᠠᠶᠢᠰᠢᠶᠠᠬᠲᠠᠬᠰᠠᠨ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯᠳᠠᠳ ᠶᠠᠷᠤᠩᠬᠡᠢ ᠱᠦᠵᠢ ᠰᠢ ᠶᠢᠨ ᠫᠢᠩ ᠳᠤ ᠵᠠᠬᠢᠳᠡᠯ ᠢᠯᠡᠬᠡᠵᠤ᠂ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠳᠤᠰᠠᠯᠠᠬᠤ︾ ᠠᠵᠢᠯᠯᠠᠭᠠᠨ ᠳᠤ ᠤᠷᠤᠯᠴᠠᠬᠰᠠᠨ ᠲᠦᠷᠦᠭᠳᠡᠯ ᠢᠶᠠᠨ ᠬᠠᠷᠢᠭᠤ ᠮᠡᠳᠡᠬᠦᠯᠵᠤ᠂ ᠦᠷᠬᠦᠯᠵᠢᠯᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠭ᠎ᠠ ᠳᠤ ᠬᠦᠴᠤᠨ ᠴᠢᠳᠠᠯ ᠢᠶᠠᠨ ᠡᠷᠬᠦᠬᠦ ᠡᠷᠴᠢ ᠵᠤᠷᠢᠬ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号