| | | | | 10 ᠰᠠᠷ᠎ᠠ ᠶᠢᠨ 23 ᠤ ᠦᠳᠡ ᠶᠢᠨ ᠡᠮᠤᠨ᠎ᠡ᠂ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠶᠢᠨ | ᠲᠡᠷᠬᠡ ᠨᠡᠪᠳᠡᠷᠡᠬᠦ ᠶᠤᠰᠤᠯᠠᠯ ᠭᠤᠸᠠᠩᠳᠦ᠋ᠩ ᠮᠤᠵᠢ ᠶᠢᠨ ᠵᠦᠬᠠᠢ ᠬᠤᠳᠠ ᠳᠤ ᠶᠠᠪᠤᠭᠳᠠᠪᠠ᠃ ᠨᠠᠮ ᠤᠨ ᠲᠦᠪ | ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠬᠦᠯᠡᠭᠴᠢ ᠰᠢ ᠶᠢᠨ ᠫᠢᠩ ᠶᠤᠰᠤᠯᠠᠯ ᠳᠤ ᠤᠷᠤᠯᠴᠠᠵᠥ᠂ ᠶᠡᠭᠡ ᠬᠦᠬᠦᠷᠬᠡ ᠵᠢᠩᠬᠢᠨᠢ ᠪᠠᠷ ᠲᠡᠷᠬᠡ ᠨᠡᠪᠳᠡᠷᠡᠭᠰᠡᠡ ᠢ | ᠨᠡᠶᠢᠳᠡᠯᠡᠭᠰᠡᠨ ᠪᠦᠭᠡᠳ ᠶᠡᠭᠡ ᠬᠦᠬᠦᠷᠭᠡ ᠶᠢ ᠲᠤᠭᠤᠷᠢᠨ ᠦᠵᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠰᠢᠨᠬᠤᠸᠠ ᠬᠤᠷᠢᠶᠠᠨ ᠤ ᠵᠦᠬᠠᠢ ᠶᠢᠨ 10 ᠰᠠᠷ᠎ᠠ ᠶᠢᠨ 23 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ | ᠡᡁᠦ᠋ᠸᠧ ᠰᠢᠶᠤᠤ ᠭᠤᠸᠠᠩ ᠵᠠᠩ ᠰᠢᠶᠤᠤ ᠰᠦᠩ ᠭᠤᠤ ᠴᠢᠶᠠᠩ︶ ᠨᠢᠬᠡ ᠬᠦᠬᠦᠷᠬᠡ ᠭᠤᠷᠪᠠᠨ ᠭᠠᠵᠠᠷ ᠢ | ᠬᠤᠯᠪᠤᠵᠥ᠂ ᠪᠠᠶᠢᠭᠠᠯᠢ ᠶᠢᠨ ᠪᠠᠷᠳᠠᠭ᠎ᠠ ᠰᠠᠭᠠᠳ ᠦᠬᠡᠢ ᠨᠡᠪᠳᠡᠷᠡᠬᠦ ᠵᠠᠮ ᠪᠤᠯᠪᠠ᠃ ᠰᠢᠶᠠᠩᠭᠠᠩ ᠵᠦᠬᠠᠢ ᠤᠤᠮᠧᠨ ᠤ | ᠶᠡᠭᠡ ᠬᠦᠬᠦᠷᠬᠡ ᠶᠢᠨ ᠲᠡᠷᠬᠡ ᠨᠡᠪᠳᠡᠷᠡᠬᠦ ᠶᠤᠰᠤᠯᠠᠯ 23 ᠤ ᠦᠳᠡ ᠶᠢᠨ ᠡᠮᠤᠨ᠎ᠡ ᠭᠤᠸᠠᠩᠳᠦ᠋ᠩ ᠮᠤᠵᠢ ᠶᠢᠨ ᠵᠦᠬᠠᠢ | ᠬᠤᠳᠠ ᠳᠤ ᠶᠠᠪᠤᠭᠳᠠᠪᠠ᠃ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ | ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠶᠤᠰᠤᠯᠠᠯ ᠳᠤ ᠤᠷᠤᠯᠴᠠᠵᠥ᠂ | ᠶᠡᠭᠡ ᠬᠦᠬᠦᠷᠬᠡ ᠵᠢᠩᠬᠢᠨᠢ ᠪᠠᠷ ᠲᠡᠷᠬᠡ ᠨᠡᠪᠳᠡᠷᠡᠭᠰᠡᠡ ᠢ ᠵᠠᠷᠯᠠᠬᠰᠠᠨ ᠪᠦᠭᠡᠳ ᠶᠡᠭᠡ ᠬᠦᠬᠦᠷᠬᠡ ᠶᠢ ᠲᠤᠭᠤᠷᠢᠨ ᠦᠵᠡᠵᠥ | ᠂ ᠨᠠᠮ ᠤᠨ ᠲᠦᠪ ᠬᠤᠷᠢᠶᠠᠨ ᠤ ᠡᠮᠤᠨ᠎ᠡ ᠠᠴᠠ ᠶᠡᠭᠡ ᠬᠦᠬᠦᠷᠬᠡ ᠶᠢᠨ ᠵᠢᠷᠤᠭ ᠲᠦᠯᠥᠪᠯᠡᠭᠡ᠂ ᠪᠦᠳᠦᠬᠡᠨ | ᠪᠠᠶᠢᠭᠤᠯᠤᠯᠳᠠ᠂ ᠬᠠᠮᠢᠶᠠᠷᠤᠯᠳᠠ ᠳᠤ ᠤᠷᠤᠯᠴᠠᠭᠰᠠᠠ ᠦᠷᠬᠡᠨ ᠤᠯᠠᠨ ᠠᠵᠢᠯᠳᠠᠨ ᠠᠵᠢᠯᠴᠢᠨ ᠳᠤ ᠴᠢᠩ | ᠰᠡᠳᠬᠢᠯ ᠤᠨ ᠲᠠᠯᠠᠷᠬᠠᠯ᠂ ᠴᠢᠩ ᠦᠨᠡᠨᠴᠢ ᠮᠡᠨᠳᠤᠴᠢᠯᠠᠯ ᠲᠡᠪᠰᠢᠬᠦᠯᠵᠥ ᠪᠠᠶᠢᠬᠤ ᠪᠠᠨ ᠢᠯᠡᠳᠬᠡᠪᠡ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠲᠡᠳ᠋ ᠶᠡᠷᠤᠩᠬᠡᠢ ᠰᠠᠶᠢᠳ ᠬᠠᠨ ᠵᠧᠩ ᠶᠤᠰᠤᠯᠠᠯ ᠳᠤ ᠤᠷᠤᠯᠴᠠᠵᠥ ᠪᠠᠶᠠᠷ ᠤᠨ ᠦᠬᠡ | ᠬᠡᠯᠡᠪᠡ᠃ | ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠯᠢᠩᠳᠢᠩ ᠲᠠᠩᠬᠢᠰ ᠢ ᠲᠤᠭᠤᠯᠵᠥ᠂ ᠵᠡᠬᠦᠨᠰᠢ ᠪᠠᠨ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠲᠠᠢ ᠵᠠᠯᠭᠠᠵᠥ᠂ ᠪᠠᠷᠠᠭᠤᠨᠰᠢ ᠪᠠᠨ ᠭᠤᠸᠠᠩᠳᠦ᠋ᠩ ᠮᠤᠵᠢ ᠶᠢᠨ | ᠵᠦᠬᠠᠢ ᠬᠤᠳᠠ ᠪᠤᠯᠤᠨ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ ᠲᠠᠢ ᠬᠤᠯᠪᠤᠯᠳᠤᠵᠤ᠂ ᠪᠦᠬᠦ ᠤᠷᠳᠤ ᠨᠢ | 55 ᠺᠢᠯᠥᠮᠧᠲᠷ ᠰᠢᠬᠠᠮ᠂ ︽ᠨᠢᠬᠡ ᠤᠯᠤᠰ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠴᠢᠭᠯᠡᠯᠳᠡ ᠲᠤᠤᠷᠠᠬᠢ | ᠭᠤᠸᠠᠩᠳᠦ᠋ᠩ ᠰᠢᠶᠠᠩᠭᠠᠩ ᠤᠤᠮᠧᠨ ᠭᠤᠷᠪᠠᠨ ᠭᠠᠵᠠᠷ ᠤᠨ ᠠᠩᠬ᠎ᠠ ᠤᠳᠠᠭ᠎ᠠ ᠬᠠᠮᠳᠤᠷᠠᠯᠴᠠᠭ᠎ᠠ ᠬᠢᠵᠥ ᠬᠠᠮᠳᠤ ᠪᠠᠷ | ᠪᠦᠳᠦᠭᠡᠨ ᠪᠠᠶᠢᠭᠤᠯᠤᠭᠰᠠᠠ ᠬᠡᠳᠤ ᠲᠤᠮᠤ ᠬᠡᠯᠪᠡᠷᠢ ᠶᠢᠨ ᠲᠠᠯᠠᠢ ᠶᠢ ᠰᠤᠨᠳᠠᠯᠠᠭᠰᠠᠠ ᠵᠠᠮ ᠬᠠᠷᠢᠯᠴᠠᠭᠠᠨ ᠤ ᠪᠠᠷᠢᠯᠭ᠎ᠠ | ᠪᠤᠯᠤᠨ᠎ᠠ᠃ ᠶᠡᠭᠡ ᠬᠦᠬᠦᠷᠬᠡ ᠲᠡᠷᠬᠡ ᠨᠡᠪᠳᠡᠷᠡᠭᠰᠡᠡ ᠨᠢ ᠭᠤᠸᠠᠩᠳᠦ᠋ᠩ ᠰᠢᠶᠠᠩᠭᠠᠩ ᠤᠤᠮᠧᠨ ᠤ ᠶᠡᠭᠡ ᠪᠤᠯᠤᠩ ᠤᠨ | ᠤᠷᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ᠲᠡᠷᠬᠡ ᠨᠡᠪᠳᠡᠷᠡᠬᠦ ᠶᠤᠰᠤᠯᠠᠯ ᠨᠢ ᠵᠦᠬᠠᠢ ᠬᠢᠯᠢ ᠶᠢᠨ ᠪᠤᠭᠤᠮᠳᠠ ᠶᠢᠨ ᠵᠤᠭᠠᠴᠠᠯ ᠤᠨ ᠪᠠᠶᠢᠴᠠᠭᠠᠯᠳᠠ ᠶᠢᠨ | ᠲᠤᠮᠤ ᠠᠰᠠᠷ ᠤᠨ ᠬᠢᠯᠢ ᠠᠴᠠ ᠭᠠᠷᠬᠤ ᠶᠡᠭᠡ ᠲᠢᠩᠬᠢᠮ ᠳᠤ ᠶᠠᠪᠤᠭᠳᠠᠪᠠ᠃ 9 ᠴᠠᠭ 30 ᠮᠢᠨᠦ᠋ᠲ ᠲᠤ᠂ | ᠪᠠᠶᠠᠰᠬᠤᠯᠠᠩᠳᠤ ᠰᠠᠶᠢᠬᠠᠨ ᠵᠤᠴᠢᠨ ᠤᠬᠳᠤᠬᠤ ᠠᠶᠠᠰ ᠤᠨ ᠲᠤᠮᠳᠠ᠂ ᠰᠢ ᠶᠢᠨ ᠫᠢᠩ ᠨᠠᠷ ᠶᠤᠰᠤᠯᠠᠯ ᠤᠨ ᠠᠬᠤᠢ | ᠲᠠᠯᠠᠪᠠᠢ ᠳᠤ ᠤᠷᠤᠵᠤ ᠢᠷᠡᠭᠰᠡᠨ᠎ᠡ᠂ ᠲᠠᠯᠠᠪᠠᠢ ᠲᠠᠶᠠᠭᠠᠷ ᠨᠢᠵᠢᠬᠢᠨᠡᠳᠡᠯ᠎ᠡ ᠠᠯᠠᠭ᠎ᠠ ᠲᠠᠰᠢᠪᠠ᠃ | ᠶᠡᠭᠡ ᠬᠦᠬᠦᠷᠬᠡ ᠶᠢᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠤᠨ ᠸᠢᠳᠢᠣ᠋ ᠶᠢ ᠰᠤᠨᠢᠷᠬᠠᠭᠰᠠᠠ ᠤ ᠲᠠᠷᠠᠭ᠎ᠠ᠂ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠭᠤᠸᠠᠩᠳᠦ᠋ᠩ ᠮᠤᠵᠢ ᠶᠢᠨ ᠨᠠᠮ ᠤᠨ | ᠬᠤᠷᠢᠶᠠᠨ ᠤ ᠱᠦᠵᠢ ᠯᠢ ᠰᠢ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ | ᠲᠠᠷᠤᠭ᠎ᠠ ᠯᠢᠨ ᠵᠧᠩ ᠶᠤᠸᠠᠢ ᠡᠸ᠋᠂ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ | ᠲᠠᠷᠤᠭ᠎ᠠ ᠼᠦᠢ ᠱᠢ ᠠᠨ ᠪᠤᠯᠤᠨ ᠬᠠᠨ ᠵᠧᠩ ᠤᠷᠢᠳ ᠬᠤᠵᠢᠳ ᠪᠠᠶᠠᠷ ᠤᠨ ᠦᠬᠡ ᠬᠡᠯᠡᠪᠡ᠃ | 10 ᠴᠠᠭ ᠤᠨ ᠦᠶ᠎ᠡ ᠪᠠᠷ᠂ ᠰᠢ ᠶᠢᠨ ᠫᠢᠩ ᠲᠡᠷᠢᠬᠦᠯᠡᠭᠴᠢ ᠶᠢᠨ ᠲᠠᠶᠢᠰᠠᠨ ᠳᠤ ᠭᠠᠷᠴᠦ᠄ ︽ᠰᠢᠶᠠᠩᠭᠠᠩ | ᠵᠦᠬᠠᠢ ᠤᠤᠮᠧᠨ ᠤ ᠶᠡᠭᠡ ᠬᠦᠬᠦᠷᠬᠡ ᠵᠢᠩᠬᠢᠨᠢ ᠪᠠᠷ ᠲᠡᠷᠬᠡ ᠨᠡᠪᠳᠡᠷᠡᠯ᠎ᠡ︕︾ ᠬᠡᠵᠥ ᠨᠡᠶᠢᠳᠡᠯᠡᠭᠰᠡᠨᠡ᠂ ᠲᠠᠯᠠᠪᠠᠢ | ᠲᠠᠶᠠᠭᠠᠷ ᠨᠢᠵᠢᠬᠢᠨᠠᠳᠡᠯᠠ ᠠᠯᠠᠭ᠎ᠠ ᠲᠠᠰᠢᠪᠠ᠃ | ᠲᠡᠷᠬᠡ ᠨᠡᠪᠳᠡᠷᠡᠬᠦ ᠶᠤᠰᠤᠯᠠᠯ ᠲᠡᠬᠦᠰᠦᠭᠰᠡᠡ ᠤ ᠲᠠᠷᠠᠭ᠎ᠠ᠂ ᠰᠢ ᠶᠢᠨ ᠫᠢᠩ ᠨᠡᠷ ᠮᠠᠰᠢᠨ ᠲᠡᠷᠬᠡᠨ ᠳᠤ ᠰᠠᠭᠤᠵᠥ | ᠵᠦᠬᠠᠢ ᠬᠢᠯᠢ ᠶᠢᠨ ᠪᠤᠭᠤᠮᠳᠠ ᠶᠢᠨ ᠰᠢᠯᠭᠠᠨ ᠪᠠᠶᠢᠴᠠᠭᠠᠬᠤ ᠲᠤᠮᠤ ᠠᠰᠠᠷ ᠠᠴᠠ ᠮᠤᠷᠳᠠᠵᠥ ᠰᠢᠶᠠᠩᠭᠠᠩ ᠵᠦᠬᠠᠢ | ᠤᠤᠮᠧᠨ ᠤ ᠶᠡᠭᠡ ᠬᠦᠬᠦᠷᠬᠡ ᠶᠢ ᠲᠤᠭᠤᠷᠢᠨ ᠦᠵᠡᠪᠡ᠃ ᠯᠢᠩᠳᠢᠩ ᠲᠠᠩᠬᠢᠰ ᠲᠡᠭᠡᠷ᠎ᠡ᠂ ᠤᠬᠳᠠᠷᠭᠤᠢ ᠴᠡᠯᠮᠡᠭᠰᠢᠵᠤ | ᠨᠠᠷᠨ ᠲᠤᠯᠠᠶᠢᠵᠥ᠂ ᠤᠳᠤᠭ᠎ᠠ ᠤᠨᠢᠶᠠᠷ ᠰᠠᠷᠨᠢᠵᠥ᠂ ᠡᠶᠠᠪᠡᠷᠬᠦᠦ ᠰᠠᠯᠬᠢ ᠢᠯᠪᠢᠨ᠎ᠠ᠂ ᠰᠢᠶᠠᠩᠭᠠᠩ ᠵᠦᠬᠠᠢ | ᠤᠤᠮᠧᠨ ᠤ ᠶᠡᠭᠡ ᠬᠦᠬᠦᠷᠬᠡ ᠶᠠᠭ ᠯᠠ ᠠᠪᠤᠷᠭᠤ ᠯᠤᠤ ᠮᠡᠳᠤ ᠪᠠᠷ ᠬᠦᠨ ᠴᠡᠩᠬᠡᠷ ᠲᠠᠯᠠᠢ ᠲᠡᠬᠡᠷ᠎ᠡ ᠬᠦᠨᠳᠡᠯᠢᠰᠦᠨᠡ᠃ | | ᠵᠡᠬᠦᠨ ᠲᠠᠯ᠎ᠠ ᠶᠢᠨ ᠵᠤᠬᠢᠶᠠᠮᠠᠯ ᠠᠷᠠᠯ ᠨᠢ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠶᠢᠨ ᠤᠰᠤᠨ | ᠲᠡᠬᠡᠷᠡᠬᠢ ᠬᠦᠬᠦᠷᠬᠡ ᠪᠤᠯᠤᠨ ᠤᠰᠤᠨ ᠲᠤᠤᠷᠠᠬᠢ ᠨᠦᠬᠡᠨ ᠵᠠᠮ ᠤᠨ ᠠᠭᠤᠯᠵᠠᠷ ᠤᠨ ᠭᠡᠰᠡᠭ ᠲᠤ ᠪᠠᠶᠢᠷᠢᠰᠢᠵᠤ ᠪᠤᠢ᠂ | ᠡᠨᠡ ᠨᠢ ᠬᠦᠬᠦᠷᠬᠡ ᠶᠢᠨ ᠪᠦᠳᠦᠬᠡᠨ ᠪᠠᠶᠢᠭᠤᠯᠤᠯᠳᠠ ᠶᠢᠨ ᠶᠠᠪᠤᠴᠠ ᠳᠠᠬᠢ ᠵᠠᠩᠬᠢᠯᠠᠭ᠎ᠠ ᠶᠢᠨ ᠪᠠᠷᠢᠯᠭ᠎ᠠ ᠪᠤᠯᠤᠨ᠎ᠠ᠃ | ᠰᠢ ᠶᠢᠨ ᠫᠢᠩ ᠨᠠᠷ ᠮᠠᠰᠢᠨ ᠲᠡᠷᠬᠡ ᠪᠠᠷ ᠲᠡᠨᠳᠡ ᠬᠦᠷᠴᠤ᠂ ᠪᠠᠷᠠᠭᠤᠨ ᠲᠠᠯ᠎ᠠ ᠶᠢᠨ ᠲᠠᠪᠴᠠᠩ ᠳᠤ ᠭᠠᠷᠴᠤ | ᠬᠦᠬᠦᠷᠬᠡ ᠶᠢ ᠪᠠᠷᠠᠯᠠᠨ᠂ ᠬᠡᠷᠡᠯ ᠵᠢᠷᠤᠬ ᠪᠤᠯᠤᠨ ᠵᠠᠬᠪᠤᠷ ᠲᠠᠢ ᠤᠶᠠᠯᠳᠤᠭᠤᠯᠵᠤ ᠪᠠᠶᠢᠭᠠᠳ ᠬᠦᠬᠦᠷᠬᠡ ᠶᠢᠨ ᠪᠠᠶᠢᠳᠠᠯ ᠢ | ᠨᠠᠷᠢᠨ ᠤᠶᠢᠯᠠᠭᠠᠵᠤ᠂ ᠬᠦᠬᠦᠷᠬᠡ ᠶᠢᠨ ᠬᠠᠮᠢᠶᠠᠷᠤᠯᠳᠠ ᠪᠤᠯᠤᠨ ᠪᠠᠷᠢᠯᠭ᠎ᠠ ᠵᠡᠷᠬᠡ ᠲᠠᠯ᠎ᠠ ᠶᠢᠨ ᠲᠦᠯᠤᠬᠡᠯᠡᠭᠴᠢ ᠲᠠᠢ | ᠠᠭᠤᠯᠵᠠᠵᠤ᠂ ᠲᠡᠳᠡᠨ ᠲᠠᠢ ᠨᠢᠬᠡ ᠨᠢᠬᠡ ᠪᠠᠷ ᠭᠠᠷ ᠠᠳᠬᠤᠵᠤ᠂ ᠳᠤᠳᠤᠨᠤ ᠪᠠᠷ ᠵᠤᠭᠤᠬᠳᠠᠵᠤ ᠪᠠᠶᠢᠯ᠎ᠠ᠃ ᠲᠡᠷᠡ᠂ | ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠪᠤᠯ ᠤᠯᠤᠰ ᠤᠨ ᠪᠠᠷᠢᠯᠭ᠎ᠠ᠂ ᠶᠡᠭᠡ ᠤᠯᠤᠰ ᠤᠨ ᠰᠤᠳᠤᠨ | ᠲᠤᠨᠤᠬᠯᠠᠯ ᠪᠤᠯᠤᠨ᠎ᠠ᠃ ᠲᠠ ᠨᠠᠷ ᠬᠦᠬᠦᠷᠬᠡ ᠶᠢ ᠲᠦᠰᠤᠪᠯᠡᠬᠦ᠂ ᠪᠠᠶᠢᠭᠤᠯᠬᠤ᠂ ᠬᠠᠮᠠᠭᠠᠯᠠᠬᠤ ᠶᠠᠪᠤᠴᠠ ᠳᠤ | ᠤᠷᠤᠯᠴᠠᠵᠤ᠂ ᠰᠡᠴᠡᠨ ᠮᠡᠷᠬᠡᠨ ᠠᠷᠭ᠎ᠠ ᠤᠬᠠᠭᠠᠨ ᠳᠠᠭᠠᠨ ᠲᠦᠰᠢᠭᠯᠡᠵᠤ᠂ ᠲᠡᠯᠡᠬᠡᠢ ᠶᠢᠨ ᠴᠢᠨᠠᠷᠳᠠᠢ ᠬᠦᠴᠢᠷ | ᠠᠰᠠᠭᠤᠳᠠᠯ ᠤᠳ ᠢ ᠰᠢᠢᠳᠪᠤᠷᠢᠯᠠᠵᠤ᠂ ᠲᠡᠯᠡᠬᠡᠢ ᠲᠡᠭᠡᠷᠡᠬᠢ ᠬᠠᠮᠤᠬ ᠤᠨ ᠲᠡᠷᠢᠬᠦᠨ ᠤ ᠬᠠᠮᠢᠶᠠᠷᠤᠯᠳᠠ ᠶᠢᠨ ᠮᠡᠷᠬᠡᠵᠢᠯ | ᠪᠤᠯᠤᠨ ᠲᠤᠷᠰᠢᠯᠭ᠎ᠠ ᠶᠢ ᠬᠤᠷᠠᠮᠳᠤᠭᠤᠯᠵᠤ᠂ ᠡᠬᠦᠷᠬᠡ ᠪᠠᠨ ᠲᠡᠬᠦᠰ ᠠᠮᠵᠢᠯᠳᠠ ᠲᠠᠢ ᠪᠡᠶᠡᠯᠡᠬᠦᠯᠵᠠᠢ᠃ ᠲᠠ ᠨᠠᠷ ᠤᠨ | ᠠᠮᠵᠢᠯᠳᠠ ᠳᠤ ᠪᠢ ᠤᠮᠤᠬᠰᠢᠵᠤ ᠪᠠᠶᠢᠨ᠎ᠠ᠂ ᠲᠠ ᠨᠠᠷ ᠴᠢᠷᠮᠠᠶᠢᠬᠰᠠᠨ ᠲᠡᠬᠡᠷ᠎ᠠ ᠪᠠᠨ ᠴᠢᠷᠮᠠᠶᠢᠵᠤ᠂ ᠦᠷᠬᠦᠯᠵᠢᠯᠠᠨ | ᠰᠢᠨ᠎ᠠ ᠤᠷᠬᠢᠯ ᠦᠭᠡᠳᠡ ᠲᠡᠮᠡᠤᠯᠬᠦ ᠶᠢ ᠬᠦᠰᠡᠵᠤ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠶᠢᠨ ᠪᠦᠳᠦᠬᠡᠨ ᠪᠠᠶᠢᠭᠤᠯᠤᠯᠳᠠ ᠨᠢ | ᠲᠡᠯᠡᠬᠡᠢ ᠶᠢᠨ ᠤᠯᠠᠨ ᠲᠡᠮᠳᠡᠭᠯᠡᠯ ᠢ ᠡᠬᠦᠳᠴᠤ᠂ ᠮᠠᠰᠢ ᠭᠠᠶᠢᠬᠠᠮᠰᠢᠬᠳᠠᠢ ᠪᠦᠭᠡᠳ ᠨᠢᠬᠡ ᠤᠯᠤᠰ ᠬᠦ᠋ᠷᠤᠨ ᠤ ᠠᠯᠢᠪᠠ | ᠬᠦᠴᠢᠷ ᠪᠡᠷᠬᠡ ᠶᠢ ᠢᠯᠠᠨ ᠲᠠᠪᠳᠠᠬ ᠲᠡᠮᠡᠴᠡᠯ ᠤᠨ ᠵᠤᠷᠢᠬ ᠰᠠᠨᠠᠭ᠎ᠠ ᠶᠢ ᠬᠠᠷᠠᠭᠤᠯᠵᠤ᠂ ᠮᠠᠨ ᠤ ᠤᠯᠤᠰ ᠤᠨ ᠶᠠᠷᠤᠩᠬᠡᠢ | ᠬᠦᠴᠤᠨ ᠪᠠ ᠪᠡᠶ᠎ᠠ ᠪᠠᠨ ᠲᠠᠭᠠᠭᠠᠵᠤ ᠡᠬᠦᠳᠤᠯᠳᠠ ᠰᠢᠨᠡᠴᠢᠯᠠᠯᠳᠠ ᠬᠢᠬᠦ ᠴᠢᠳᠠᠪᠤᠷᠢ ᠶᠢ ᠬᠠᠷᠠᠭᠤᠯᠵᠤ ᠪᠠᠶᠢᠬᠤ ᠪᠠᠷ | ᠪᠠᠷᠠᠬᠤ ᠦᠬᠡᠢ ᠲᠡᠯᠡᠬᠡᠢ ᠶᠢᠨ ᠲᠡᠷᠢᠬᠦᠨ ᠵᠡᠷᠭᠡ ᠶᠢᠨ ᠬᠢ ᠶᠢ ᠵᠤᠷᠢᠬᠳᠠᠢ ᠡᠬᠦᠳᠬᠦ ᠦᠨᠳᠤᠰᠤᠳᠠᠨ ᠤ ᠤᠮᠤᠬ ᠵᠤᠷᠢᠬ ᠢ | ᠢᠯᠡᠷᠡᠬᠦᠯᠦᠭᠰᠡᠨ ᠶᠤᠮ᠃ ᠡᠨᠡ ᠪᠤᠯ ᠵᠡᠬᠦᠳᠤ ᠪᠠᠨ ᠲᠡᠷᠬᠡᠯᠰᠢᠬᠦᠯᠬᠦ ᠬᠦᠬᠦᠷᠬᠡ᠂ ᠰᠡᠳᠬᠢᠯ ᠢᠶᠠᠨ ᠨᠢᠬᠡᠳᠬᠡᠬᠦ ᠬᠦᠬᠦᠷᠬᠡ | ᠂ ᠢᠳᠡᠬᠡᠯ ᠢᠶᠠᠨ ᠬᠦᠪᠴᠢᠯᠡᠬᠦ ᠬᠦᠬᠦᠷᠬᠡ᠂ ᠰᠡᠷᠭᠦᠨ ᠮᠠᠨᠳᠤᠯᠳᠠ ᠶᠢ ᠪᠡᠶᠡᠯᠡᠭᠦᠯᠬᠦ ᠬᠦᠭᠦᠷᠭᠡ ᠪᠤᠯᠤᠨ᠎ᠠ᠃ ᠲᠤᠰ | ᠬᠦᠬᠦᠷᠬᠡ ᠶᠢ ᠪᠦᠳᠦᠬᠡᠨ ᠪᠠᠶᠢᠭᠤᠯᠵᠤ ᠮᠠᠰᠢᠨ ᠲᠡᠷᠬᠡ ᠨᠡᠪᠳᠡᠷᠡᠬᠦᠯᠦᠭᠰᠡᠨ ᠶᠠᠪᠤᠳᠠᠯ ᠨᠢ ᠪᠢᠳᠡᠨ ᠤ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠵᠠᠮ ᠤᠨ ᠢᠳᠡᠬᠡᠯ᠂ ᠤᠨᠤᠯ ᠤᠨ ᠢᠳᠡᠬᠡᠯ᠂ ᠪᠠᠶᠢᠭᠤᠯᠤᠯ ᠤᠨ | ᠢᠳᠡᠬᠡᠯ᠂ ᠰᠤᠶᠤᠯ ᠤᠨ ᠢᠳᠡᠬᠡᠯ ᠢ ᠴᠢᠨᠠᠬᠰᠢᠳᠠ ᠪᠠᠳᠤᠳᠬᠠᠬᠰᠠᠨ ᠢᠶᠠᠷ ᠪᠠᠷᠠᠬᠤ ᠦᠬᠡᠢ᠂ ᠨᠡᠶᠢᠬᠡᠮ ᠵᠢᠷᠤᠮ ᠢ | ᠠᠵᠢᠯᠯᠠᠵᠤ ᠪᠠᠶᠢᠭᠠᠳ ᠪᠠᠶᠢᠭᠤᠯᠤᠬᠰᠠᠨ᠂ ᠰᠢᠨ᠎ᠠ ᠴᠠᠬ ᠦᠶ᠎ᠠ ᠶᠢ ᠠᠵᠢᠯᠯᠠᠵᠤ ᠪᠠᠶᠢᠭᠠᠳ ᠴᠤᠬᠴᠠᠯᠠᠬᠰᠠᠨ ᠶᠤᠰᠤ ᠶᠢ | ᠬᠦᠢᠴᠡᠳ ᠬᠠᠷᠠᠭᠤᠯᠵᠠᠢ᠃ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠮᠡᠳᠤ ᠶᠢᠨ ᠡᠶᠢᠮᠤᠷᠬᠦ ᠴᠢᠬᠤᠯᠠ ᠶᠡᠭᠡ | ᠪᠠᠷᠢᠯᠭ᠎ᠠ ᠶᠢ ᠴᠢᠨᠠᠷ ᠰᠠᠶᠢᠳᠠᠢ ᠪᠦᠳᠤᠬᠡᠨ ᠪᠠᠶᠢᠭᠤᠯᠵᠤ᠂ ᠰᠢᠯᠢᠳᠡᠭ ᠰᠠᠶᠢᠨ ᠪᠠᠷᠢᠯᠭ᠎ᠠ᠂ ᠦᠯᠢᠬᠡᠷ ᠲᠠᠭᠤᠷᠢᠶᠠᠯ | ᠦᠵᠡᠬᠦᠯᠬᠦ ᠪᠠᠷᠢᠯᠭ᠎ᠠ᠂ ᠠᠮᠤᠷ ᠲᠦᠪᠰᠢᠨ ᠪᠠᠷᠢᠯᠭ᠎ᠠ᠂ ᠠᠷᠢᠭᠤᠨ ᠴᠢᠬᠡᠴᠢ ᠪᠠᠷᠢᠯᠭ᠎ᠠ ᠪᠤᠯᠭᠠᠨ ᠪᠦᠳᠤᠬᠡᠨ | ᠪᠠᠶᠢᠭᠤᠯᠬᠤ ᠶᠢᠨ ᠬᠠᠮᠳᠤ ᠪᠠᠰᠠ ᠬᠦᠬᠦᠷᠬᠡ ᠶᠢ ᠲᠤᠬᠢᠳᠠᠢ ᠠᠰᠢᠬᠯᠠᠨ ᠰᠠᠶᠢᠳᠤᠷ ᠬᠠᠮᠢᠶᠠᠷᠴᠤ᠂ ᠭᠤᠸᠠᠩᠳᠦ᠋ᠩ | ᠰᠢᠶᠠᠩᠭᠠᠩ ᠤᠤᠮᠧᠨ ᠤ ᠶᠡᠭᠡ ᠪᠤᠯᠤᠩ ᠤᠨ ᠤᠷᠤᠨ ᠢ ᠪᠠᠶᠢᠭᠤᠯᠬᠤ ᠳᠤ ᠴᠢᠬᠤᠯᠠ ᠦᠢᠯᠡᠳᠤᠯ ᠦᠵᠡᠭᠦᠯᠬᠦ ᠭᠡᠷᠡᠭᠳᠠᠢ | ᠬᠡᠵᠤ ᠴᠢᠬᠤᠯᠠᠴᠢᠯᠠᠪᠠ᠃ | ᠬᠠᠨ ᠵᠧᠩ ᠲᠡᠷᠭᠡ ᠨᠡᠪᠲᠡᠷᠡᠬᠦ ᠶᠤᠰᠤᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ᠭᠤᠸᠠᠩᠳᠦ᠋ᠩ | ᠰᠢᠶᠠᠩᠭᠠᠩ ᠤᠤᠮᠧᠨ ᠤ ᠶᠡᠭᠡ ᠪᠤᠯᠤᠩ ᠤᠨ ᠤᠷᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠤᠯ ᠶᠡᠷᠦᠩᠬᠡᠢ | ᠱᠦᠵᠢ ᠰᠢ ᠶᠢᠨ ᠫᠢᠩ ᠪᠡᠶ᠎ᠡ ᠪᠠᠷ ᠢᠶᠠᠨ ᠲᠦᠰᠦᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠠᠬᠢᠭᠤᠯᠤᠬᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠤᠯᠤᠨ᠎ᠠ᠃ ᠰᠢᠶᠠᠩᠭᠠᠩ ᠵᠦᠬᠠᠢ ᠤᠤᠮᠧᠨ ᠤ | ᠶᠡᠭᠡ ᠬᠦᠬᠦᠷᠭᠡ ᠶᠢ ᠪᠠᠶᠢᠭᠤᠯᠤᠨ ᠳᠠᠭᠤᠰᠴᠤ ᠲᠡᠷᠭᠡ ᠨᠡᠪᠲᠡᠷᠡᠭᠰᠡᠨ ᠨᠢ ᠭᠤᠷᠪᠠᠨ ᠭᠠᠵᠠᠷ ᠤᠨ ᠬᠦᠮᠦᠰ ᠤᠨ | ᠶᠠᠪᠤᠯᠴᠠᠭ᠎ᠠ ᠪᠤᠯᠤᠨ ᠠᠵᠤ ᠠᠬᠤᠢ ᠠᠷᠠᠯᠵᠢᠶ᠎ᠠ ᠶᠢᠨ ᠰᠤᠯᠢᠯᠴᠠᠭ᠎ᠠ ᠳᠤ ᠠᠰᠢᠬᠲᠠᠢ᠂ ᠭᠤᠸᠠᠩᠳᠦ᠋ᠩ ᠰᠢᠶᠠᠩᠭᠠᠩ | ᠤᠤᠮᠧᠨ ᠤ ᠶᠡᠭᠡ ᠪᠤᠯᠤᠩ ᠤᠨ ᠤᠷᠤᠨ ᠤ ᠬᠦᠭᠵᠢᠯᠲᠡ ᠶᠢ ᠠᠬᠢᠭᠤᠯᠬᠤ ᠳᠤ ᠠᠰᠢᠬᠲᠠᠢ᠂ ᠵᠦᠵᠢᠶᠠᠩ ᠮᠦᠷᠡᠨ ᠤ | ᠭᠤᠷᠪᠠᠯᠵᠢᠨ ᠬᠤᠶᠢᠬ ᠤᠨ ᠤᠷᠤᠨ ᠤ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠬᠲᠠᠢ᠂ | ᠰᠢᠶᠠᠩᠭᠠᠩ᠂ ᠤᠤᠮᠧᠨ ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ ᠳᠡᠮᠵᠢᠵᠦ᠂ ᠲᠤᠲᠤᠷ᠎ᠠ | ᠭᠠᠵᠠᠷ᠂ ᠰᠢᠶᠠᠩᠭᠠᠩ᠂ ᠤᠤᠮᠧᠨ ᠤ ᠬᠠᠷᠢᠯᠴᠠᠨ ᠠᠰᠢᠬᠲᠠᠢ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠶᠡᠭᠡ | ᠠᠴᠢ ᠬᠤᠯᠪᠤᠬᠳᠠᠯ ᠲᠠᠢ ᠶᠤᠮ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠲᠡᠷᠢᠭᠦᠨ ᠵᠡᠷᠭᠡ ᠶᠢᠨ ᠬᠦᠬᠦᠷᠭᠡ᠂ ᠲᠡᠷᠢᠭᠦᠨ ᠵᠡᠷᠭᠡ ᠶᠢᠨ ᠬᠢᠯᠢ ᠶᠢᠨ ᠪᠤᠭᠤᠮᠲᠠ ᠶᠢᠨ ᠰᠠᠭᠤᠷᠢᠨ | ᠳᠡᠭᠡᠷ᠎ᠡ ᠲᠡᠷᠢᠭᠦᠨ ᠵᠡᠷᠭᠡ ᠶᠢᠨ ᠡᠵᠡᠩᠨᠡᠯᠲᠡ ᠶᠢᠨ ᠦᠢᠯᠡᠴᠢᠯᠡᠭᠡ ᠶᠢ ᠬᠠᠩᠭᠠᠵᠤ᠂ ᠰᠢᠶᠠᠩᠭᠠᠩ ᠵᠦᠬᠠᠢ ᠤᠤᠮᠧᠨ ᠤ | ᠶᠡᠭᠡ ᠬᠦᠬᠦᠷᠭᠡ ᠶᠢ ᠭᠤᠸᠠᠩᠳᠦ᠋ᠩ ᠰᠢᠶᠠᠩᠭᠠᠩ ᠤᠤᠮᠧᠨ ᠭᠤᠷᠪᠠᠨ ᠭᠠᠵᠠᠷ ᠤᠨ ︽ᠠᠷᠠᠳ ᠤᠨ ᠰᠡᠳᠬᠢᠯ ᠢ | ᠬᠤᠯᠪᠤᠬᠰᠠᠨ ᠬᠦᠬᠦᠷᠭᠡ︾ ᠪᠤᠯᠭᠠᠨ ᠪᠠᠶᠢᠭᠤᠯᠬᠤ ᠬᠡᠷᠡᠭᠲᠡᠢ᠃ ᠬᠢᠨᠠᠨ ᠵᠦᠪᠰᠢᠶᠡᠷᠡᠬᠦ ᠶᠠᠪᠤᠴᠠ ᠶᠢ ᠤᠯᠠᠮ | ᠴᠢᠨᠠᠬᠰᠢᠲᠠ ᠳᠦᠭᠦᠮᠴᠢᠯᠡᠵᠦ᠂ ᠪᠤᠭᠤᠮᠲᠠ ᠪᠠᠷ ᠦᠩᠬᠡᠷᠡᠭᠦᠯᠬᠦ ᠴᠠᠬ ᠢ ᠪᠤᠭᠤᠨᠢᠰᠬᠠᠵᠤ᠂ ᠰᠢᠶᠠᠩᠭᠠᠩ ᠵᠦᠬᠠᠢ | ᠤᠤᠮᠧᠨ ᠤ ᠶᠡᠭᠡ ᠬᠦᠬᠦᠷᠭᠡ ᠶᠢ ᠰᠢᠶᠠᠩᠭᠠᠩ᠂ ᠤᠤᠮᠧᠨ ᠪᠤᠯᠤᠨ ᠲᠤᠳᠤᠷ᠎ᠠ ᠭᠠᠵᠠᠷ ᠬᠠᠮᠵᠢᠯᠴᠠᠨ ᠰᠢᠨ᠎ᠡ ᠶᠢ | ᠡᠭᠦᠳᠴᠤ᠂ ᠠᠭᠤᠰᠤᠯᠴᠠᠨ ᠬᠦᠭᠵᠢᠬᠦ ᠬᠤᠯᠪᠤᠭᠠᠰᠤ ᠪᠤᠯᠭᠠᠨ ᠪᠠᠶᠢᠭᠤᠯᠬᠤ ᠬᠡᠷᠡᠭᠲᠡᠢ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠠᠩᠬᠢᠯᠠᠭ᠎ᠠ ᠶᠢᠨ ᠮᠡᠷᠭᠡᠵᠢᠯ ᠢ ᠠᠵᠢᠯ ᠲᠦᠷᠦᠯ ᠤᠨ ᠪᠠᠷᠢᠮᠵᠢᠶ᠎ᠠ ᠪᠤᠯᠤᠨ ᠵᠢᠷᠤᠮᠵᠢᠯ ᠪᠤᠯᠭᠠᠨ | ᠬᠤᠪᠢᠷᠠᠭᠤᠯᠵᠤ᠂ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠭᠡ ᠶᠢ ᠳᠤᠮᠳᠠᠳᠤ ᠤᠯᠤᠰ ᠤᠨ ᠬᠦᠬᠦᠷᠭᠡ ᠶᠢ ︽ | ᠭᠠᠳᠠᠬᠰᠢ ᠭᠠᠷᠭᠠᠬᠤ︾ ᠭᠤᠶᠢᠲᠠ ᠰᠠᠶᠢᠬᠠᠨ ᠨᠡᠷ᠎ᠡ ᠶᠢᠨ ᠬᠠᠭᠤᠳᠠᠰᠤ ᠪᠤᠯᠭᠠᠨ ᠪᠠᠶᠢᠭᠤᠯᠬᠤ ᠬᠡᠷᠡᠭᠲᠡᠢ ᠭᠡᠵᠦ | ᠢᠯᠡᠳᠬᠡᠪᠡ᠃ | ᠳ᠋ᠢᠩ ᠰᠢᠤᠸᠠᠢ ᠰᠢᠶᠠᠩ᠂ ᠯᠢᠤ ᠾᠧ ᠳᠡᠭᠡᠷᠡᠬᠢ ᠠᠵᠢᠯᠯᠠᠭ᠎ᠠ ᠳᠤ ᠤᠷᠤᠯᠴᠠᠪᠠ᠃ ᠳ᠋ᠦᠩ ᠵᠢᠶᠠᠨ ᠬᠤᠸᠠ᠂ | ᠾᠧ ᠾᠸᠤ ᠬᠤᠸᠠ᠂ ᠯᠢᠶᠠᠩ ᠵᠧᠨ ᠶᠢᠩ ᠲᠡᠷᠭᠡ ᠨᠡᠪᠲᠡᠷᠡᠬᠦ ᠶᠤᠰᠤᠯᠠᠯ ᠳᠤ ᠤᠷᠤᠯᠴᠠᠪᠠ᠃ ᠾᠧ ᠯᠢ ᠹᠧᠩ | ᠶᠤᠰᠤᠯᠠᠯ ᠢ ᠡᠷᠬᠢᠯᠡᠵᠠᠢ᠃ | ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠭᠤᠸᠠᠩᠳᠦ᠋ᠩ | ᠮᠤᠵᠢ᠂ ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ᠂ ᠤᠤᠮᠧᠨ ᠤᠨᠴᠠᠭᠠᠢ ᠵᠠᠰᠠᠬ ᠵᠠᠬᠢᠷᠭᠠᠨ ᠤ ᠤᠷᠤᠨ ᠤ | ᠬᠤᠯᠪᠤᠬᠳᠠᠯ ᠪᠦᠬᠦᠢ ᠬᠠᠷᠢᠭᠤᠴᠠᠯᠭᠠᠲᠠᠳ ᠵᠢᠴᠢ ᠭᠤᠸᠠᠩᠳᠦ᠋ᠩ ᠰᠢᠶᠠᠩᠭᠠᠩ ᠤᠤᠮᠧᠨ ᠤ ᠭᠤᠷᠪᠠᠨ ᠲᠠᠯ᠎ᠠ ᠶᠢᠨ | ᠪᠦᠲᠦᠭᠡᠨ ᠪᠠᠶᠢᠭᠤᠯᠤᠯᠲᠠ ᠳᠤ ᠤᠷᠤᠯᠴᠠᠬᠰᠠᠨ ᠰᠠᠯᠠᠭ᠎ᠠ ᠮᠦᠴᠢᠷ᠂ ᠰᠢᠶᠠᠩᠭᠠᠩ ᠵᠦᠬᠠᠢ ᠤᠤᠮᠧᠨ ᠤ ᠶᠡᠭᠡ | ᠬᠦᠬᠦᠷᠭᠡ ᠶᠢᠨ ᠬᠠᠮᠢᠶᠠᠷᠤᠯᠲᠠ ᠶᠢᠨ ᠲᠤᠪᠴᠢᠶ᠎ᠠ᠂ ᠶᠡᠭᠡ ᠬᠦᠬᠦᠷᠭᠡ ᠶᠢᠨ ᠲᠦᠯᠦᠪᠯᠡᠭᠡ᠂ ᠬᠢᠨᠠᠨ ᠬᠠᠮᠢᠶᠠᠷᠤᠯᠲᠠ᠂ | ᠪᠠᠷᠢᠯᠭ᠎ᠠ ᠶᠢᠨ ᠨᠢᠭᠡᠴᠢ ᠶᠢᠨ ᠲᠦᠯᠦᠭᠡᠯᠡᠭᠴᠢᠳ ᠶᠤᠰᠤᠯᠠᠯ ᠳᠤ ᠤᠷᠤᠯᠴᠠᠪᠠ᠃ | ᠤᠶᠢᠯᠠᠭᠠᠬᠰᠠᠨ ᠢᠶᠠᠷ᠂ 2009 ᠤᠨ ᠤ 12 ᠰᠠᠷ᠎ᠠ ᠶᠢᠨ 15 ᠤ ᠡᠳᠦᠷ᠂ ᠰᠢᠶᠠᠩᠭᠠᠩ ᠵᠦᠬᠠᠢ | ᠤᠤᠮᠧᠨ ᠤ ᠶᠡᠭᠡ ᠬᠦᠬᠦᠷᠭᠡ ᠶᠢᠨ ᠪᠠᠷᠢᠯᠭ᠎ᠠ ᠶᠢ ᠡᠬᠢᠯᠡᠨ ᠪᠦᠲᠦᠭᠡᠨ ᠪᠠᠶᠢᠭᠤᠯᠪᠠ᠃ 2017 ᠤᠨ ᠤ 7 ᠰᠠᠷ᠎ᠠ ᠶᠢᠨ | 7 ᠤ ᠡᠳᠦᠷ᠂ ᠭᠤᠤᠯ ᠴᠤᠬᠴᠠ ᠶᠢᠨ ᠪᠠᠷᠢᠯᠭ᠎ᠠ ᠪᠦᠬᠦ ᠱᠤᠭᠤᠮ ᠢᠶᠠᠷ ᠢᠶᠠᠨ ᠨᠡᠪᠲᠡᠷᠡᠪᠡ᠃ ᠶᠡᠭᠡ ᠬᠦᠬᠦᠷᠭᠡ ᠨᠢ | ᠲᠦᠯᠦᠪᠯᠡᠬᠦ ᠤᠶᠢᠯᠠᠭᠠᠬᠳᠠᠬᠤᠨ᠂ ᠪᠠᠶᠢᠭᠤᠯᠬᠤ ᠮᠡᠷᠭᠡᠵᠢᠯ᠂ ᠪᠠᠷᠢᠯᠭ᠎ᠠ ᠶᠢᠨ ᠵᠤᠬᠢᠶᠠᠨ ᠪᠠᠶᠢᠭᠤᠯᠤᠯᠲᠠ᠂ ᠬᠠᠮᠢᠶᠠᠷᠬᠤ | ᠵᠠᠬᠪᠤᠷ ᠵᠡᠷᠭᠡ ᠲᠠᠯ᠎ᠠ ᠳᠤ ᠠᠯᠢ ᠤᠯᠠᠨ ᠰᠢᠨᠡᠴᠢᠯᠡᠯᠲᠡ ᠬᠢᠵᠦ᠂ ᠮᠠᠨ ᠤ ᠤᠯᠤᠰ ᠤᠨ ᠨᠦᠬᠡᠨ ᠵᠠᠮ᠂ ᠠᠷᠠᠯ᠂ | ᠬᠦᠬᠦᠷᠭᠡ ᠶᠢᠨ ᠲᠦᠯᠦᠪᠯᠡᠭᠡ ᠪᠠᠷᠢᠯᠭ᠎ᠠ ᠬᠠᠮᠢᠶᠠᠷᠤᠯᠲᠠ ᠶᠢᠨ ᠲᠦᠪᠰᠢᠨ ᠳᠡᠯᠡᠬᠡᠢ ᠶᠢᠨ ᠲᠡᠷᠢᠭᠦᠨ ᠤ ᠡᠩᠨᠡᠭᠡᠨ ᠳᠤ | ᠤᠷᠤᠭᠰᠠᠠ ᠢ ᠬᠠᠷᠠᠭᠤᠯᠵᠤ ᠪᠠᠶᠢᠨ᠎ᠠ᠃ ᠶᠡᠭᠡ ᠬᠦᠬᠦᠷᠭᠡ 10 ᠰᠠᠷ᠎ᠠ ᠶᠢᠨ 24 ᠤ ᠡᠳᠦᠷ ᠤᠨ 9 ᠴᠠᠬ ᠲᠤ | ᠵᠢᠩᠬᠢᠨᠢ ᠪᠠᠷ ᠲᠡᠷᠭᠡ ᠨᠡᠪᠲᠡᠷᠡᠨ ᠡᠵᠡᠩᠨᠡᠬᠦ ᠪᠤᠯᠤᠨ᠎ᠠ᠃ | |