ᠤᠯᠠᠭᠠᠨᠳᠤᠯᠤᠭᠠᠢ ᠪᠠᠯᠭᠠᠰᠤ ᠭᠠᠷ ᠪᠦᠳᠦᠬᠡᠭᠳᠡᠬᠦᠨ ᠤ ᠨᠡᠷᠡᠳᠦ ᠲᠡᠮᠳᠡᠭ ᠢᠶᠠᠷ ᠬᠦᠳᠡᠭᠡ ᠲᠤᠰᠬᠤᠨ ᠢᠶᠠᠨ ᠬᠦᠭᠵᠢᠬᠦᠯᠤᠨ ᠮᠠᠠᠳᠤᠭᠤᠯᠵᠤ ᠪᠤᠢ
ᠨᠡᠶᠢᠲᠡᠯᠡᠭᠰᠡᠨ ᠴᠠᠭ᠄
2018-10-29
      ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠲᠤᠷᠠᠳᠤᠨ ᠭᠠᠷᠭᠠᠭᠰᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ ᠤᠯᠠᠭᠠᠨᠳᠤᠯᠤᠭᠠᠢ ᠪᠠᠯᠭᠠᠰᠤ ᠭᠠᠵᠠᠷ ᠤᠷᠤᠨ ᠤ ᠤᠨᠴᠠᠯᠢᠭ ᠲᠤ ᠪᠠᠨ ᠲᠤᠬᠢᠷᠠᠭᠤᠯᠤᠨ ︽ᠤᠯᠭᠠᠨ᠋ᠠᠳᠤᠯᠤᠭᠠᠢ ᠶᠢᠨ ᠭᠠᠷ ᠪᠦᠳᠦᠬᠡᠭᠳᠡᠬᠦᠨ︾ ᠤ ᠨᠡᠷᠡᠳᠦ ᠲᠡᠮᠳᠡᠭ ᠢ ᠡᠬᠦᠳᠴᠦ᠂ ᠮᠠᠯᠴᠢᠨ ᠲᠠᠷᠢᠶᠠᠴᠢᠨ ᠤ ᠭᠠᠷ ᠪᠦᠳᠦᠬᠡᠭᠳᠡᠬᠦᠨ ᠢᠶᠠᠷ ᠢᠶᠠᠨ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ ᠬᠦᠳᠡᠭᠡ ᠲᠤᠰᠬᠤᠨ ᠤ ᠪᠦᠬᠦᠶᠢᠯᠡ ᠴᠤᠭᠴᠠ ᠶᠢᠨ ᠬᠦᠭᠵᠢᠯᠳᠡ ᠳᠤ ᠬᠦᠴᠦᠨ ᠨᠡᠮᠡᠷᠢᠯᠡᠵᠦ ᠪᠠᠶᠢᠨ᠎ᠠ᠃      ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ ᠰᠤᠪᠤᠳᠭᠤᠸ᠎ᠠ 2007 ᠤᠨ ᠠᠴᠠ ᠡᠬᠢᠯᠡᠵᠦ ᠴᠠᠭᠠᠨ ᠢᠳᠡᠭᠡᠨ ᠬᠢᠵᠦ ᠪᠠᠭ᠎ᠠ ᠬᠡᠪᠴᠢᠶ᠎ᠠ ᠲᠠᠢ ᠪᠤᠷᠤᠯᠠᠭᠤᠯᠵᠤ ᠪᠠᠶᠢᠭᠰᠠᠨ ᠪᠤᠯ ᠤᠳᠤ ᠪᠤᠯᠬᠤ ᠳᠤ ᠬᠤᠷᠢᠭᠠᠳ ᠦᠨᠢᠶ᠎ᠡ ᠰᠠᠭᠠᠵᠤ ᠵᠢᠯ ᠤᠨ ᠠᠷᠪᠠᠭᠠᠳ ᠲᠦᠮᠡᠨ ᠲᠦᠬᠦᠷᠢᠭ ᠤᠨ ᠤᠷᠤᠯᠭ᠎ᠠ ᠤᠯᠵᠤ ᠪᠤᠢ᠃ ᠰᠤᠪᠤᠳᠭᠤᠸ᠎ᠠ ᠰᠠᠭᠠᠯᠢ ᠶᠢᠨ ᠬᠡᠪᠴᠢᠶᠠᠵᠢᠯ ᠢᠶᠠᠨ ᠦᠷᠬᠡᠳᠭᠡᠭᠰᠡᠨ ᠨᠢ ᠪᠠᠯᠭᠠᠰᠤᠨ ᠤ ᠭᠠᠷ ᠪᠦᠳᠦᠬᠡᠭᠳᠡᠬᠦᠨ ᠢ ᠤᠷᠮᠠᠰᠢᠭᠤᠯᠬᠤ ᠲᠦᠷᠦ ᠶᠢᠨ ᠪᠤᠳᠤᠯᠭ᠎ᠠ ᠲᠠᠢ ᠬᠤᠯᠪᠤᠭ᠎ᠠ ᠲᠠᠢ ᠬᠡᠵᠦ ᠪᠠᠶᠢᠯ᠎ᠠ᠃ ᠰᠤᠪᠤᠳᠭᠤᠸ᠎ᠠ ᠤᠯᠠᠭᠠᠨᠳᠤᠯᠤᠭᠠᠢ ᠪᠠᠯᠭᠠᠰᠤᠨ ᠤ ᠵᠤᠭᠠᠴᠠᠯ ᠤᠨ ᠠᠵᠢᠯᠯᠠᠭ᠎ᠠ ᠵᠡᠷᠬᠡ ᠲᠠᠢ ᠤᠶᠠᠯᠳᠤᠭᠤᠯᠤᠨ ᠲᠤᠭᠳᠠᠮᠠᠯ ᠬᠤᠭᠤᠴᠠᠭ᠎ᠠ ᠲᠠᠢ ᠦᠷᠨᠢᠬᠦᠯᠳᠡᠭ ᠭᠠᠷ ᠪᠦᠳᠦᠬᠡᠭᠳᠡᠬᠦᠨ ᠤ ᠲᠡᠯᠬᠡᠨ ᠪᠤᠷᠤᠯᠠᠭᠤᠯᠭ᠎ᠠ ᠳᠤ ᠤᠷᠤᠯᠴᠠᠬᠤ ᠪᠠᠷ ᠲᠠᠮᠵᠢᠭᠠᠳ ᠤᠳᠤ ᠪᠦᠳᠦᠬᠡᠭᠳᠡᠬᠦᠨ ᠨᠢ ᠬᠦᠬᠡᠬᠤᠳᠠ᠂ ᠲᠡᠮᠡᠬᠡᠳᠦ ᠪᠤᠯᠤᠨ ᠤᠷᠳᠤᠰ ᠤᠨ ᠡᠯ᠎ᠡ ᠬᠤᠰᠢᠭᠤ ᠲᠤᠭᠤᠷᠢᠭ ᠢᠶᠠᠷ ᠪᠤᠷᠤᠯᠠᠭᠤᠯᠤᠭᠳᠠᠬᠤ ᠪᠤᠯᠵᠠᠢ᠃      ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠮᠠᠯᠴᠢᠨ ᠪᠤᠶᠠᠨᠳᠠᠯᠠᠢ ᠪᠤᠯ ᠰᠠᠶᠢᠯᠦᠮᠠᠯ ᠬᠢᠬᠦ ᠪᠠᠷ  ᠢᠶᠠᠨ ᠬᠤᠯᠠ ᠤᠶᠢᠷ᠎ᠠ ᠳᠠᠭᠠᠨ ᠠᠯᠳᠠᠷᠳᠠᠢ ᠪᠠᠶᠢᠳᠠᠭ᠃ ᠲᠡᠷᠡ ᠡᠨᠡᠬᠦ ᠰᠡᠶᠢᠯᠦᠮᠠᠯ ᠤᠷᠠᠯᠠᠯ ᠤᠨ ᠮᠡᠷᠬᠡᠵᠢᠯ ᠳᠡᠭᠡᠨ ᠰᠠᠭᠤᠷᠢᠯᠠᠵᠤ ᠨᠢᠳᠤᠨᠤᠨ ᠬᠦᠳᠡᠭᠡ ᠬᠡᠷ ᠲᠡᠭᠡᠨ ᠲᠡᠯᠬᠡᠨ ᠦᠵᠡᠬᠦᠯᠦᠯᠬᠡ ᠶᠢᠨ ᠲᠢᠩᠬᠢᠮ ᠪᠠᠶᠢᠭᠤᠯᠵᠤ ᠲᠠᠪᠤᠨ ᠶᠡᠭᠡ ᠲᠦᠷᠦᠯ ᠤᠨ 300 ᠭᠠᠷᠤᠢ ᠵᠦᠢᠯᠡᠰ ᠤᠨ ᠬᠠᠭᠤᠴᠢᠰ ᠢ ᠲᠡᠯᠬᠡᠨ ᠦᠵᠡᠬᠦᠯᠵᠦ ᠪᠠᠶᠢᠨ᠎ᠠ᠃ ᠪᠤᠶᠠᠨᠳᠠᠯᠠᠢ ᠶᠢᠨ ᠡᠵᠢ  ᠨᠢ ᠨᠠᠰᠤ ᠪᠠᠷ ᠢᠶᠠᠨ ᠬᠠᠳᠬᠤᠮᠠᠯ ᠬᠠᠳᠬᠤᠵᠤ᠂ ᠪᠤᠶᠠᠨᠳᠠᠯᠠᠢ ᠶᠢᠨ ᠪᠦᠰᠡᠬᠦᠢ ᠨᠢ ᠴᠦ ᠵᠢᠷᠤᠭ ᠤᠨ ᠮᠡᠷᠬᠡᠵᠢᠯ ᠢᠶᠠᠷ ᠶᠡᠭᠡ ᠰᠤᠷᠭᠠᠭᠤᠯᠢ ᠪᠠᠨ ᠲᠡᠬᠦᠰᠬᠡᠭᠰᠡᠨ ᠪᠤᠯᠬᠤᠷ ᠡᠨᠡ ᠠᠶᠢᠯ ᠤᠨ ᠬᠢᠨ ᠤᠯᠠᠨ ᠲᠦᠷᠦᠯ ᠤᠨ ᠭᠠᠷ ᠤᠷᠠᠯᠠᠯ ᠤᠨ ᠪᠦᠳᠦᠬᠡᠭᠳᠡᠬᠦᠨ ᠢ ᠤᠷᠠᠯᠠᠨ ᠭᠠᠷᠭᠠᠵᠤ ᠤᠶᠢᠷ᠎ᠠ ᠤᠷᠴᠢᠮ ᠤᠨ ᠮᠠᠯᠴᠢᠳ ᠤᠨ ᠭᠠᠷ ᠤᠷᠠᠯᠠᠯ ᠤᠨ ᠪᠦᠳᠦᠬᠡᠭᠳᠡᠬᠦᠨ  ᠢᠶᠠᠷ ᠢᠶᠠᠨ ᠤᠷᠤᠯᠭ᠎ᠠ ᠪᠠᠨ ᠨᠡᠮᠡᠭᠳᠡᠬᠦᠯᠬᠦ ᠳᠤ ᠲᠠᠶᠢᠴᠢᠯᠠᠨ ᠲᠠᠭᠠᠭᠤᠯᠬᠤ ᠦᠢᠯᠡᠳᠦᠯ ᠦᠵᠡᠬᠦᠯᠵᠤ ᠪᠠᠶᠢᠨ᠎ᠠ᠃      ᠤᠯᠠᠭᠠᠨᠳᠤᠯᠤᠭᠠᠢ ᠪᠠᠯᠭᠠᠰᠤ ᠭᠠᠵᠠᠷ ᠤᠷᠤᠨ ᠤ ᠪᠠᠨ ᠲᠠᠪᠠᠭᠤᠯᠢᠭ ᠨᠦᠬᠦᠴᠡᠯ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ᠂ ᠠᠵᠤ ᠦᠢᠯᠡᠰ ᠤᠨ ᠪᠦᠳᠦᠴᠡ ᠶᠢᠨ ᠬᠤᠪᠢᠷᠠᠯᠳᠠ ᠶᠢ ᠦᠨᠳᠦᠰᠤᠯᠠᠵᠤ ᠪᠠᠯᠭᠠᠰᠤᠨ ᠤ  ᠪᠠᠨ ᠰᠤᠶᠤᠯ ᠵᠤᠭᠠᠴᠠᠯ ᠤᠨ ᠦᠢᠯᠡᠰ ᠲᠤ ᠦᠢᠯᠡᠴᠢᠯᠡᠬᠦᠯᠬᠦ ᠪᠠᠷ ᠮᠤᠩᠭᠤᠯ ᠦᠨᠳᠦᠰᠦᠳᠡᠨ ᠤ ᠬᠤᠪᠴᠠᠰᠤ ᠵᠠᠰᠠᠯ᠂ ᠡᠳ᠋ᠯᠡᠯ ᠬᠡᠷᠡᠭᠰᠡᠯ᠂ ᠬᠠᠳᠬᠤᠮᠠᠯ᠂ ᠰᠡᠶᠢᠯᠤᠮᠠᠯ᠂ ᠴᠠᠭᠠᠨ ᠢᠳᠡᠬᠡᠨ᠂ ᠤᠷᠤᠨ ᠨᠤᠳᠤᠭ ᠤᠨ ᠤᠨᠴᠠᠯᠢᠭᠳᠤ ᠢᠳᠡᠬᠡᠨ ᠤᠮᠳᠠᠭᠠᠨ ᠵᠡᠷᠬᠡ ︽ᠤᠯᠭᠠᠠᠨᠳᠤᠯᠤᠭᠠᠢ ᠶᠢᠨ ᠭᠠᠷ ᠪᠦᠳᠦᠬᠡᠭᠳᠡᠬᠦᠨ︾ ᠳᠤ ᠲᠤᠰᠬᠠᠢ ᠲᠠᠪᠴᠠᠩ ᠬᠠᠩᠭᠠᠵᠤ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠰᠦᠪᠡᠭᠴᠢᠯᠠᠵᠠᠢ᠃      ᠤᠯᠠᠭᠠᠨᠲᠤᠯᠤᠭᠠᠢ ᠪᠠᠯᠭᠠᠰᠤ ᠡᠯᠡᠰᠦ ᠮᠠᠩᠬᠠᠨ ᠤ ᠵᠤᠭᠠᠴᠠᠯ᠂ ᠮᠦᠩᠬᠦᠨ ᠡᠪᠤᠯ ᠤᠨ ᠮᠦᠰᠦ ᠴᠠᠰᠤᠨ ᠤ ᠨᠠᠶᠢᠷ ᠂ ᠴᠠᠬᠢᠷᠮ᠎ᠠ ᠴᠡᠴᠡᠭ ᠤᠨ ᠨᠠᠶᠢᠷ ᠵᠡᠷᠬᠡ ᠰᠤᠶᠤᠯ ᠵᠤᠭᠠᠴᠠᠯ ᠤᠨ ᠠᠵᠢᠯᠯᠠᠭᠠᠨ ᠤ ᠲᠤᠮᠳᠠ ᠲᠤᠰᠬᠠᠶᠢᠯᠠᠨ ︽ᠤᠯᠭᠠᠨ᠋ᠠᠳᠤᠯᠤᠭᠠᠢ ᠶᠢᠨ ᠭᠠᠷ ᠪᠦᠳᠦᠬᠡᠭᠳᠡᠬᠦᠨ︾ ᠤ ᠲᠡᠯᠬᠡᠨ ᠪᠤᠷᠤᠯᠠᠭᠤᠯᠭ᠎ᠠ ᠢ ᠠᠯᠳᠠᠯ ᠦᠬᠡᠢ ᠵᠤᠬᠢᠶᠠᠨ ᠪᠠᠶᠢᠭᠤᠯᠵᠤ ᠮᠠᠯᠴᠢᠨ ᠲᠠᠷᠢᠶᠠᠴᠢᠳ ᠤᠨ ᠪᠦᠳᠦᠬᠡᠭᠳᠡᠬᠦᠨ ᠢᠶᠠᠨ ᠪᠤᠷᠤᠯᠠᠭᠤᠯᠬᠤ ᠠᠷᠭ᠎ᠠ ᠵᠠᠮ ᠢ ᠰᠢᠯᠤᠭᠤᠳᠬᠠᠬᠤ ᠶᠢᠨ ᠰᠠᠭᠤᠷᠢᠨ ᠲᠡᠬᠡᠷ᠎ᠡ ᠦᠷᠬᠦᠯᠵᠢᠯᠡᠨ ᠵᠤᠷᠢᠭᠵᠢᠭᠤᠯᠤᠯ ᠤᠨ ᠮᠦᠩᠬᠦ ᠤᠯᠭᠤᠬᠤ᠂ ᠡᠯᠧᠺᠲᠷᠤᠨ ᠬᠤᠳᠠᠯᠳᠤᠭᠠᠨ ᠤ ᠪᠤᠷᠤᠯᠠᠭᠤᠯᠭ᠎ᠠ  ᠶᠢᠨ ᠲᠠᠪᠴᠠᠩ ᠬᠠᠩᠭᠠᠬᠤ ᠵᠡᠷᠬᠡ ᠠᠷᠭ᠎ᠠ ᠬᠡᠯᠪᠡᠷᠢ ᠪᠠᠷ ᠭᠠᠷ ᠪᠦᠳᠦᠬᠡᠭᠳᠡᠬᠦᠨ ᠤ ᠨᠡᠷ᠎ᠡ ᠲᠡᠮᠳᠡᠭ ᠢ ᠡᠬᠦᠳᠴᠦ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号