ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ︽ᠦᠨᠳᠦᠰᠦᠲᠡᠨ ᠨᠦᠭᠦᠳ ᠬᠠᠮᠲᠣᠷᠠᠨ ᠨᠢᠭᠡᠳᠴᠦ ᠪᠦᠯᠬᠦᠮᠳᠡᠯ ᠲᠠᠪᠰᠢᠯᠲᠡ ᠶᠢᠨ ᠠᠵᠢᠯᠯᠠᠭ᠎ᠠ ᠳᠤ ᠳᠦᠷᠦᠬᠦᠯᠡᠶ᠎ᠠ︾ ᠰᠡᠲᠦᠪᠲᠤ ᠦᠨᠳᠦᠰᠦᠲᠡᠨ ᠤ ᠪᠦᠯᠬᠦᠮᠳᠡᠯ ᠲᠠᠪᠰᠢᠯᠲᠡ ᠶᠢᠨ ᠮᠡᠳᠡᠯᠭᠡ ᠶᠢᠨ ᠮᠦᠷᠦᠶᠢᠴᠡᠬᠡᠨ ᠢ ᠦᠷᠨᠢᠬᠦᠯᠪᠡ
ᠨᠡᠶᠢᠲᠡᠯᠡᠭᠰᠡᠨ ᠴᠠᠭ᠄
2018-10-29
     ᠤᠶᠢᠷ᠎ᠠ ᠶᠢᠨ ᠡᠳᠦᠷ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ᠪᠦᠬᠦ ᠺᠠᠳ᠋ᠷ ᠠᠵᠢᠯᠲᠠᠨ ᠢᠶᠠᠨ ᠵᠤᠬᠢᠶᠠᠨ ᠪᠠᠶᠢᠭᠤᠯᠤᠨ ︽ᠦᠨᠳᠦᠰᠦᠲᠡᠨ ᠨᠦᠭᠦᠳ ᠬᠠᠮᠲᠣᠷᠠᠨ ᠨᠢᠭᠡᠳᠴᠦ ᠪᠦᠯᠬᠦᠮᠳᠡᠯ ᠲᠠᠪᠰᠢᠯᠲᠡ ᠶᠢᠨ ᠠᠵᠢᠯᠯᠠᠭ᠎ᠠ ᠳᠤ ᠳᠦᠷᠦᠬᠦᠯᠡᠶ᠎ᠠ︾ ᠰᠡᠲᠦᠪᠲᠤ ᠦᠨᠳᠦᠰᠦᠲᠡᠨ ᠤ ᠪᠦᠯᠬᠦᠮᠳᠡᠯ ᠲᠠᠪᠰᠢᠯᠲᠡ ᠶᠢᠨ ᠮᠡᠳᠡᠯᠭᠡ ᠶᠢᠨ ᠮᠦᠷᠦᠶᠢᠴᠡᠬᠡᠨ ᠢ ᠦᠷᠨᠢᠬᠦᠯᠪᠡ᠃      ᠲᠣᠰ ᠣᠳᠠᠭᠠᠨ ᠤ ᠮᠦᠷᠦᠶᠢᠴᠡᠭᠡᠨ ᠨᠢ ︽ᠦᠨᠳᠦᠰᠦᠨ ᠬᠠᠣᠯᠢ︾᠂ ︽ᠪᠦᠭᠦᠲᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠦᠨᠳᠦᠰᠦᠳᠡᠨ ᠤ ᠣᠷᠣᠨ ᠤ ᠦᠪᠡᠷᠲᠡᠬᠡᠨ ᠵᠠᠰᠠᠬᠤ ᠬᠠᠤᠯᠢ︾᠂ ︽ᠦᠪᠦᠷ ᠮᠣᠩᠭᠤᠯ ᠤᠨ ᠦᠪᠡᠷᠲᠡᠬᠡᠨ ᠵᠠᠰᠠᠬᠤ ᠤᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠂ ︽ᠬᠤᠲᠠ ᠶᠢᠨ ᠦᠨᠳᠦᠰᠦᠲᠡᠨ ᠤ ᠠᠵᠢᠯ ᠤᠨ ᠳᠦᠷᠢᠮ  ︾᠂ ︽ᠬᠦᠳᠡᠯᠮᠦᠷᠢ ᠶᠢᠨ ᠬᠠᠣᠯᠢ︾ ᠵᠡᠷᠭᠡ ᠶᠢᠨ ᠠᠭᠤᠯᠭ᠎ᠠ  ᠪᠠᠷ ᠭᠤᠣᠯ ᠪᠣᠯᠭᠠᠪᠠ᠃      ᠮᠦᠷᠦᠶᠢᠴᠡᠬᠡᠨ ᠢᠶᠠᠷ ᠲᠠᠮᠵᠢᠨ ᠦᠷᠬᠡᠨ ᠣᠯᠠᠨ ᠺᠠᠳ᠋ᠷ ᠠᠵᠢᠯᠲᠠᠨ ᠤ ᠬᠠᠮᠢᠶ᠎ᠠ ᠪᠦᠬᠦᠢ ᠬᠠᠣᠯᠢ ᠳᠦᠷᠢᠮ᠂ ᠦᠨᠳᠦᠰᠦᠲᠡᠨ ᠤ ᠪᠦᠯᠬᠦᠮᠳᠡᠯ ᠲᠠᠪᠰᠢᠯᠲᠡ ᠶᠢᠨ ᠲᠣᠬᠠᠢ ᠮᠡᠳᠡᠯᠬᠡ ᠶᠢ ᠨᠡᠮᠡᠭᠳᠡᠬᠦᠯᠵᠤ᠂ ᠦᠵᠡᠯ ᠤᠬᠠᠮᠰᠠᠷ ᠢ ᠣᠯᠠᠮ ᠨᠢᠭᠡ ᠠᠯᠬᠤᠮ ᠲᠡᠭᠡᠭᠰᠢᠯᠡᠬᠦᠯᠦᠨ᠂ ᠴᠦᠭᠡᠨ ᠲᠣᠭᠠᠲᠣ ᠦᠨᠳᠦᠰᠦᠲᠡᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠂  ᠺᠠᠳ᠋ᠷ ᠠᠵᠢᠯᠲᠠᠨ ᠳᠤ ᠦᠨᠳᠦᠰᠦᠲᠡᠨ ᠤ ᠣᠨᠣᠯ ᠢ ᠣᠯᠠᠮ ᠨᠢᠭᠡ ᠠᠯᠬᠤᠮ ᠤᠶᠢᠯᠠᠭᠠᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠲᠡ ᠶᠢᠨ ᠠᠵᠢᠯᠯᠠᠭᠠᠨ ᠳᠤ ᠦᠵᠡᠯ ᠰᠠᠨᠠᠭᠠᠨ ᠤ ᠰᠠᠭᠤᠷᠢ ᠶᠢ ᠲᠠᠯᠪᠢᠬᠰᠠᠨ ᠪᠠᠶᠢᠨ᠎ᠠ᠃  
 
ᠢᠷᠡᠯᠲᠡ᠄ ᠦᠤᠰᠢᠨ ᠬᠤᠰᠢᠭᠤᠨ ᠤ ᠡᠮᠡᠭᠲᠠᠶᠢᠴᠤᠳ ᠤᠨ ᠬᠤᠯᠪᠤᠭᠠᠲᠤ ᠬᠤᠷᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号