ᠰᠢ ᠶᠢᠨ ᠫᠢᠩ᠄ ᠦᠵᠡᠯ ᠰᠠᠨᠠᠭ᠎ᠠ ᠪᠠᠨ ᠦᠷᠬᠦᠯᠵᠢᠯᠡᠨ ᠴᠢᠯᠥᠬᠡᠯᠡᠵᠥ ᠢᠳᠡᠪᠬᠢᠳᠡᠢ ᠪᠠᠷ ᠬᠠᠶᠢᠨ ᠰᠦᠪᠡᠭᠴᠢᠯᠡᠵᠤ ᠦᠭᠡᠷᠡᠴᠢᠯᠡᠯᠳᠡ ᠰᠢᠨᠡᠴᠢᠯᠡᠯᠳᠡ ᠶᠢ ᠨᠢᠬᠡᠳᠤᠯᠳᠡᠢ ᠲᠦᠯᠥᠪᠵᠢᠬᠦᠯᠥᠨ ᠰᠦᠪᠡᠭᠴᠢᠯᠡᠬᠦ ᠶᠢ ᠴᠢᠩᠭᠠᠳᠬᠠᠵᠦ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠢ ᠰᠢᠨ᠎ᠡ ᠴᠠᠭ ᠦᠶ᠎ᠡ ᠶᠢᠨ ᠦᠭᠡᠷᠡᠴᠢᠯᠡᠯᠳᠡ ᠨᠡᠬᠡᠬᠡᠯᠳᠡ ᠶᠢᠨ ᠰᠢᠨ᠎ᠡ ᠦᠨᠳᠦᠷᠯᠢᠭ ᠭᠠᠵᠠᠷ ᠪᠤᠯᠭᠠᠨ ᠪᠦᠳᠦᠬᠡᠨ ᠪᠠᠶᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018-10-29
         ᠯᠢ ᠺᠧ ᠴᠢᠶᠠᠩ ᠴᠤᠬᠤᠯᠠᠪᠤᠷᠢ ᠦᠭᠴᠡᠢ          ᠬᠠᠨ ᠵᠧᠩ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠦᠳᠦᠬᠡᠨ ᠪᠠᠶᠢᠭᠤᠯᠤᠯᠳᠠ           ᠶᠢᠨ 5 ᠵᠢᠯ ᠤᠨ ᠤᠢ ᠶᠢᠨ ᠶᠠᠷᠢᠯᠴᠠᠬᠤ ᠬᠤᠷᠡᠯ ᠳᠤ ᠤᠷᠤᠯᠴᠠᠵᠥ ᠶᠠᠷᠢᠶ᠎ᠠ ᠲᠠᠯᠪᠢᠪᠠ      ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠶᠢᠷ᠎ᠠ ᠶᠢᠨ ᠡᠳᠦᠷ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠦᠳᠦᠬᠡᠨ ᠪᠠᠶᠢᠭᠤᠯᠤᠯᠳᠠ ᠳᠤ ᠴᠢᠬᠤᠯᠠ ᠵᠢᠭᠠᠪᠤᠷᠢ ᠦᠭᠴᠦ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠢ ᠪᠦᠳᠦᠬᠡᠨ ᠪᠠᠶᠢᠭᠤᠯᠬᠤ ᠪᠤᠯ ᠨᠠᠮ ᠤᠨ ᠲᠦᠪ ᠬᠤᠷᠢᠶᠠᠨ ᠤ ᠰᠢᠨ᠎ᠡ ᠴᠠᠭ ᠦᠶ᠎ᠡ ᠳᠤ ᠦᠭᠡᠷᠡᠴᠢᠯᠡᠯᠳᠡ ᠨᠡᠬᠡᠬᠡᠯᠳᠡ ᠶᠢ ᠠᠬᠢᠭᠤᠯᠬᠤ ᠪᠠᠶᠢᠯᠳᠤᠬᠤ ᠪᠤᠳᠤᠯᠭ᠎ᠠ  ᠶᠢᠨ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠦᠬᠡᠷᠡᠴᠢᠯᠡᠯᠳᠡ ᠨᠡᠬᠡᠬᠡᠯᠳᠡ ᠶᠢᠨ ᠠᠬᠢᠴᠠ ᠳᠤ ᠬᠦᠰᠢᠶ᠎ᠡ ᠲᠤᠷᠠᠰᠬᠠᠯ ᠤᠨ ᠴᠢᠨᠠᠷᠳᠠᠢ ᠠᠴᠢ ᠬᠤᠯᠪᠤᠭᠳᠠᠯ ᠲᠠᠢ ᠶᠤᠮ᠃ 5 ᠵᠢᠯ ᠤᠨ ᠲᠤᠷᠰᠢ᠂ ᠡᠯ᠎ᠡ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠥ᠂ ᠵᠤᠷᠢᠬᠳᠡᠢ ᠪᠠᠷ ᠤᠷᠤᠭᠰᠢᠯᠠᠵᠥ᠂ ᠵᠤᠷᠢᠬᠳᠡᠢ ᠪᠠᠷ ᠰᠢᠪᠳᠤᠯᠤᠯᠳᠡ ᠬᠢᠵᠥ᠂ ᠠᠵᠢᠯ ᠳᠠᠭᠠᠨ ᠴᠢᠬᠤᠯᠠ ᠶᠡᠭᠡ ᠠᠬᠢᠴᠠ ᠲᠠᠢ ᠪᠤᠯᠵᠥ᠂ ᠨᠢᠬᠡ ᠪᠦᠯᠥᠭ ᠲᠦᠷᠢᠮ ᠤᠨ ᠰᠢᠨᠡᠴᠢᠯᠡᠯᠳᠡ ᠶᠢᠨ ᠦᠷ᠎ᠡ ᠪᠦᠳᠦᠬᠡᠯ ᠢ ᠪᠦᠬᠦ ᠤᠯᠤᠰ ᠲᠤ ᠲᠡᠯᠬᠡᠷᠡᠬᠦᠯᠵᠥ᠂ ᠦᠭᠡᠷᠡᠴᠢᠯᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠬᠦ ᠲᠤᠷᠰᠢᠯᠳᠠ ᠶᠢᠨ ᠤᠷᠤᠨ ᠤ ᠦᠢᠯᠡᠳᠤᠯ ᠢ ᠦᠵᠡᠬᠦᠯᠥᠭᠰᠡᠡ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠢᠷᠡᠬᠡᠳᠤᠢ ᠳᠤ ᠬᠠᠨᠳᠤᠵᠤ᠂ ᠬᠦᠨᠵᠡᠬᠡᠢ ᠳ᠋ᠦᠩᠨᠡᠨ ᠦᠨᠡᠯᠡᠭᠰᠡᠡ ᠰᠠᠭᠤᠷᠢᠨ ᠲᠡᠬᠡᠷ᠎ᠡ᠂ ᠦᠵᠡᠯ ᠰᠠᠨᠠᠭ᠎ᠠ ᠪᠠᠨ ᠦᠷᠬᠦᠯᠵᠢᠯᠡᠨ ᠴᠢᠯᠥᠬᠡᠯᠡᠵᠥ᠂ ᠢᠳᠡᠪᠬᠢᠳᠠᠢ ᠪᠠᠷ ᠬᠠᠶᠢᠨ ᠰᠦᠪᠡᠭᠴᠢᠯᠡᠵᠤ᠂ ᠦᠭᠡᠷᠡᠴᠢᠯᠡᠯᠳᠡ ᠰᠢᠨᠡᠴᠢᠯᠡᠯᠳᠡ ᠶᠢ ᠨᠢᠬᠡᠳᠤᠯᠳᠡᠢ ᠲᠦᠯᠥᠪᠵᠢᠬᠦᠯᠥᠨ ᠰᠦᠪᠡᠭᠴᠢᠯᠡᠵᠤ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠬᠦᠭᠵᠢᠯᠳᠡ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠲᠡᠷᠡ ᠬᠡᠪ ᠢᠶᠠᠷ ᠨᠢ ᠲᠡᠯᠬᠡᠷᠡᠬᠦᠯᠵᠥ ᠪᠤᠯᠬᠤ ᠨᠡᠩ ᠤᠯᠠᠨ ᠲᠦᠷᠢᠮ ᠤᠨ ᠰᠢᠨᠡᠴᠢᠯᠡᠯᠳᠡ ᠶᠢᠨ ᠦᠷ᠎ᠡ ᠪᠦᠳᠦᠬᠡᠯ ᠢ ᠪᠦᠷᠢᠯᠳᠦᠬᠦᠯᠵᠥ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠢ ᠰᠢᠨ᠎ᠡ ᠴᠠᠭ ᠦᠶ᠎ᠡ ᠶᠢᠨ ᠦᠭᠡᠷᠡᠴᠢᠯᠡᠯᠳᠡ ᠨᠡᠬᠡᠬᠡᠯᠳᠡ ᠶᠢᠨ ᠰᠢᠨ᠎ᠡ ᠦᠨᠳᠦᠷᠯᠢᠭ ᠭᠠᠵᠠᠷ ᠪᠤᠯᠭᠠᠨ ᠪᠦᠳᠦᠬᠡᠨ ᠪᠠᠶᠢᠭᠤᠯᠵᠥ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠬᠦᠬᠦ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠦ᠂ 5 ᠵᠢᠯ ᠤᠨ ᠲᠤᠷᠰᠢ᠂ ᠬᠠᠮᠢᠶ᠎ᠠ ᠪᠦᠬᠦᠢ ᠤᠷᠤᠨ ᠨᠤᠳᠤᠭ ᠪᠤᠯᠤᠨ ᠰᠠᠯᠠᠭ᠎ᠠ ᠮᠦᠴᠢᠷ ᠨᠢᠬᠳᠠ ᠬᠠᠮᠵᠢᠯᠴᠠᠵᠥ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠦᠭᠡᠷᠡᠴᠢᠯᠡᠯᠳᠡ ᠨᠡᠬᠡᠬᠡᠯᠳᠡ ᠶᠢᠨ ︽ᠲᠦᠭᠰᠢᠬᠦᠷᠢ ᠶᠢ ᠲᠤᠭᠤᠯᠬᠤ ᠬᠤᠭᠤᠴᠠᠭ᠎ᠠ︾ ᠳᠤ ᠰᠢᠨᠡᠴᠢᠯᠡᠯᠳᠡ ᠶᠢ ᠢᠳᠡᠪᠬᠢᠳᠡᠢ ᠬᠠᠶᠢᠨ ᠰᠦᠪᠡᠭᠴᠢᠯᠡᠬᠦ ᠶᠢ ᠠᠬᠢᠭᠤᠯᠵᠥ᠂ ᠵᠤᠷᠢᠬᠳᠡᠢ ᠪᠠᠷ ᠬᠦᠴᠢᠷ ᠢ ᠲᠤᠭᠤᠯᠤᠨ ᠪᠡᠷᠬᠡ ᠶᠢ ᠲᠡᠪᠡᠵᠥ᠂ ᠤᠯᠠᠨ ᠲᠠᠯ᠎ᠠ ᠪᠠᠷ ᠴᠢᠬᠤᠯᠠ ᠶᠡᠭᠡ ᠠᠬᠢᠴᠠ ᠲᠠᠢ ᠪᠤᠯᠪᠠ᠂ ᠤᠯᠤᠭᠰᠠᠠ ᠠᠮᠵᠢᠯᠳᠠ ᠶᠢ ᠬᠦᠢᠴᠡᠳ ᠨᠤᠳᠠᠯᠠᠪᠠᠯ ᠵᠤᠬᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠥ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠦᠭᠡᠷᠡᠴᠢᠯᠡᠯᠳᠡ ᠨᠡᠬᠡᠬᠡᠯᠳᠡ ᠰᠢᠨᠡᠴᠢᠯᠡᠯᠳᠡ ᠶᠢ ᠨᠡᠩ ᠡᠷᠴᠢᠮ ᠲᠠᠢ ᠠᠬᠢᠭᠤᠯᠬᠤ ᠬᠡᠷᠡᠭᠳᠡᠢ᠃ ᠬᠦᠨ ᠲᠠᠪᠬᠤᠷᠭ᠎ᠠ ᠶᠢᠨ ᠵᠦᠷᠢᠴᠡᠯ ᠪᠤᠯᠤᠨ ᠪᠦᠳᠦᠴᠡ ᠶᠢᠨ ᠴᠢᠨᠠᠷᠳᠠᠢ ᠠᠰᠠᠭᠤᠳᠠᠯ ᠢ ᠠᠩᠬᠠᠷᠤᠨ ᠰᠢᠢᠳᠪᠤᠷᠢᠯᠡᠵᠥ᠂ ᠦᠭᠡᠷᠡᠴᠢᠯᠡᠯᠳᠡ ᠶᠢ ᠨᠢᠬᠡᠳᠤᠯᠳᠡᠢ ᠲᠦᠯᠥᠪᠵᠢᠬᠦᠯᠤᠨ ᠰᠦᠪᠡᠭᠴᠢᠯᠡᠬᠦ ᠪᠠ ᠰᠢᠰᠲ᠋ᠧᠮ ᠤᠨ ᠲᠦᠪᠯᠡᠷᠡᠯ ᠢ ᠴᠢᠩᠭᠠᠳᠬᠠᠵᠥ᠂ ᠲᠦᠷᠢᠮ ᠤᠨ ᠰᠢᠨᠡᠴᠢᠯᠡᠯᠳᠡ ᠶᠢ ᠦᠷᠬᠦᠯᠵᠢᠯᠡᠨ ᠴᠢᠩᠭ᠎ᠠ ᠠᠳᠬᠤᠵᠥ᠂ ᠬᠦᠭᠵᠢᠯᠳᠡ ᠪᠤᠯᠤᠨ ᠦᠷᠢᠰᠦᠯᠳᠦᠬᠡᠨ ᠤ ᠰᠢᠨ᠎ᠡ ᠲᠠᠪᠠᠭᠤᠯᠢᠭ ᠢ ᠲᠦᠷᠬᠡᠨ ᠪᠦᠷᠢᠯᠳᠦᠬᠦᠯᠬᠦ ᠬᠡᠷᠡᠭᠳᠡᠢ᠃ ᠨᠡᠩ ᠶᠡᠭᠡ ᠬᠡᠪᠴᠢᠶ᠎ᠡ ᠴᠢᠨᠠᠭᠰᠢᠯᠠᠪᠠᠯ ᠪᠦᠬᠦ ᠤᠯᠤᠰ ᠲᠤ ᠲᠡᠷᠡ ᠬᠡᠪ ᠢᠶᠠᠷ ᠨᠢ ᠲᠡᠯᠬᠡᠷᠡᠬᠦᠯᠵᠥ ᠪᠤᠯᠬᠤ ᠨᠡᠩ ᠤᠯᠠᠨ ᠲᠤᠷᠰᠢᠯᠭ᠎ᠠ ᠶᠢ ᠬᠤᠷᠠᠮᠳᠤᠭᠤᠯᠵᠥ᠂ ᠦᠭᠡᠷᠡᠴᠢᠯᠡᠯᠳᠡ ᠨᠡᠬᠡᠬᠡᠯᠳᠡ ᠶᠢᠨ ︽ᠲᠠᠭᠠᠭᠤᠯᠤᠭᠴᠢ︾ ᠶᠢᠨ ᠵᠢᠱᠢᠶ᠎ᠡ ᠦᠵᠡᠬᠦᠯᠵᠥ ᠬᠦᠳᠦᠯᠥᠨ ᠲᠠᠭᠠᠭᠤᠯᠬᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠲᠡᠳ᠋ ᠶᠡᠷᠤᠩᠬᠡᠢ ᠰᠠᠶᠢᠳ ᠬᠠᠨ ᠵᠧᠩ 24 ᠤ ᠡᠳᠤᠷ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢᠨ 5 ᠵᠢᠯ ᠤᠨ ᠤᠢ ᠶᠢᠨ ᠶᠠᠷᠢᠯᠴᠠᠬᠤ ᠬᠤᠷᠡᠯ ᠳᠤ ᠤᠷᠤᠯᠴᠠᠵᠥ ᠶᠠᠷᠢᠶ᠎ᠠ ᠲᠠᠯᠪᠢᠪᠠ᠃ ᠬᠠᠨ ᠵᠧᠩ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠢ ᠪᠦᠳᠦᠬᠡᠨ ᠪᠠᠶᠢᠭᠤᠯᠬᠤ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠡᠨ ᠤ ᠰᠢᠨ᠎ᠡ ᠪᠠᠶᠢᠳᠠᠯ ᠲᠤᠤᠷ᠎ᠠ ᠦᠭᠡᠷᠡᠴᠢᠯᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠬᠦ᠂ ᠨᠡᠬᠡᠬᠡᠯᠳᠡ ᠶᠢ ᠦᠷᠬᠡᠳᠭᠡᠬᠦ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ 5 ᠵᠢᠯ ᠤᠨ ᠲᠤᠷᠰᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠬᠠᠮᠳᠤ ᠪᠠᠷ ᠴᠢᠷᠮᠡᠶᠢᠵᠥ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠦᠳᠦᠬᠡᠨ ᠪᠠᠶᠢᠭᠤᠯᠤᠯᠳᠠ ᠴᠢᠬᠤᠯᠠ ᠠᠬᠢᠴᠠ ᠲᠠᠢ ᠪᠤᠯᠤᠭᠰᠠᠠ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠥ᠂ ᠦᠵᠡᠯ ᠰᠠᠨᠠᠭ᠎ᠠ ᠪᠠᠨ ᠦᠷᠬᠦᠯᠵᠢᠯᠡᠨ ᠴᠢᠯᠥᠬᠡᠯᠡᠵᠥ᠂ ᠲᠠᠨᠢᠯᠳᠡ ᠪᠠᠨ ᠲᠡᠭᠡᠭᠰᠢᠯᠡᠬᠦᠯᠵᠥ᠂ ᠲᠦᠷᠢᠮ ᠤᠨ ᠰᠢᠨᠡᠴᠢᠯᠡᠯᠳᠡ ᠬᠡᠬᠦ ᠡᠨᠡ ᠬᠦ ᠭᠤᠤᠯᠳᠠᠯᠭ᠎ᠠ ᠶᠢ ᠪᠠᠳᠤ ᠡᠵᠡᠮᠳᠡᠵᠥ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠦᠭᠡᠷᠡᠴᠢᠯᠡᠯᠳᠡ ᠨᠡᠬᠡᠬᠡᠯᠳᠡ ᠪᠤᠯᠤᠨ ᠴᠢᠨᠠᠷ ᠰᠠᠶᠢᠳᠠᠢ ᠬᠦᠭᠵᠢᠯᠳᠡ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠳᠡᠢ ᠬᠡᠵᠥ ᠢᠯᠡᠳᠬᠡᠪᠡ᠃      ᠬᠠᠨ ᠵᠧᠩ᠂ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠪᠤᠯ ᠤᠯᠤᠰ ᠤᠨ ᠲᠤᠷᠰᠢᠯᠳᠠ ᠶᠢᠨ ᠲᠠᠷᠢᠶ᠎ᠠ ᠪᠤᠯᠤᠨ᠎ᠠ᠂ ᠤᠷᠤᠨ ᠨᠤᠳᠤᠭ ᠤᠨ ᠬᠢᠨ ᠤ ᠬᠤᠪᠢᠨ ᠳᠠᠭᠠᠨ ᠦᠯᠡᠳᠡᠭᠡᠭᠰᠡᠡ ᠭᠠᠵᠠᠷ ᠪᠢᠰᠢ᠂ ᠠᠯᠢᠪᠠ ᠪᠦᠬᠦᠨ ᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠲᠠᠭᠠᠨ ᠦᠢᠯᠡᠴᠢᠯᠡᠵᠥ ᠪᠠᠶᠢᠭᠠᠳ ᠰᠦᠪᠡᠭᠴᠢᠯᠡᠯᠳᠡ ᠲᠤᠷᠰᠢᠯᠳᠠ ᠬᠢᠬᠦ ᠬᠡᠷᠡᠭᠳᠡᠢ᠃ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠪᠤᠯ ᠲᠦᠷᠢᠮ ᠤᠨ ᠰᠢᠨᠡᠴᠢᠯᠡᠯᠳᠡ ᠶᠢᠨ ᠦᠨᠳᠦᠷᠯᠢᠭ ᠭᠠᠵᠠᠷ ᠪᠤᠯᠤᠨ᠎ᠠ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠬᠤᠳᠤᠭᠤᠷ ᠭᠠᠵᠠᠷ ᠪᠢᠰᠢ᠂ ᠲᠦᠷᠢᠮ ᠤᠨ ᠰᠢᠨᠡᠴᠢᠯᠡᠯᠳᠡ ᠳᠤ ᠲᠦᠰᠢᠭᠯᠡᠵᠥ ᠪᠠᠶᠢᠭᠠᠳ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠬᠦᠭᠵᠢᠬᠡᠬᠦ ᠬᠡᠷᠡᠭᠳᠡᠢ᠃ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠪᠤᠯ ︽ᠴᠢᠬᠢ ᠮᠤᠳᠤ ᠲᠠᠷᠢᠬᠤ ᠬᠦᠷᠢᠶᠡᠯᠡᠩ︾ ᠪᠤᠯᠤᠨ᠎ᠠ᠂ ︽ᠫᠧᠩᠰᠡᠳᠤ ᠴᠡᠴᠡᠭ ᠲᠠᠷᠢᠬᠤ ᠭᠠᠵᠠᠷ︾ ᠪᠢᠰᠢ᠂ ᠲᠡᠷᠡ ᠬᠡᠪ ᠢᠶᠠᠷ ᠨᠢ ᠲᠡᠯᠬᠡᠷᠡᠬᠦᠯᠵᠥ ᠪᠤᠯᠬᠤ ᠨᠡᠩ ᠤᠯᠠᠨ ᠲᠦᠷᠢᠮ ᠤᠨ ᠰᠢᠨᠡᠴᠢᠯᠡᠯᠳᠡ ᠶᠢᠨ ᠦᠷ᠎ᠡ ᠪᠦᠳᠦᠬᠡᠯ ᠢ ᠲᠦᠷᠬᠡᠨ ᠪᠦᠷᠢᠯᠳᠦᠬᠦᠯᠬᠦ ᠬᠡᠷᠡᠭᠳᠡᠢ᠃ ᠴᠢᠯᠥᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠪᠤᠯ ︽ᠠᠩᠬᠠᠨ ᠤ ᠡᠬᠦᠳᠦᠯᠳᠡ ᠶᠢᠨ ᠴᠢᠨᠠᠷᠳᠠᠢ︾ ᠰᠦᠪᠡᠭᠴᠢᠯᠡᠯᠳᠡ ᠪᠤᠯᠤᠨ᠎ᠠ᠂ ᠲᠦᠬᠦᠮᠬᠡᠨ ᠢᠶᠠᠷ ᠰᠢᠯᠢᠳᠡᠭᠵᠢᠬᠦᠯᠬᠦ ᠲᠡᠰ ᠲᠠᠷᠠᠭᠠᠯᠠᠯ ᠪᠢᠰᠢ᠂ ᠵᠤᠷᠢᠬᠳᠡᠢ ᠪᠠᠷ ᠲᠤᠷᠰᠢᠯᠳᠠ ᠬᠢᠬᠦ᠂ ᠵᠤᠷᠢᠬᠳᠡᠢ ᠪᠠᠷ ᠰᠢᠪᠳᠤᠯᠤᠯᠳᠡ ᠬᠢᠬᠦ᠂ ᠪᠡᠶ᠎ᠡ ᠪᠠᠨ ᠲᠠᠭᠠᠭᠠᠨ ᠦᠭᠡᠷᠡᠴᠢᠯᠡᠯᠳᠡ ᠬᠢᠬᠦ ᠶᠢ ᠪᠠᠷᠢᠮᠳᠠᠯᠠᠵᠥ᠂ ᠦᠭᠡᠷᠡᠴᠢᠯᠡᠯᠳᠡ ᠨᠡᠬᠡᠬᠡᠯᠳᠡ ᠶᠢᠨ ᠲᠤᠷᠰᠢᠯᠳᠠ ᠶᠢᠨ ᠲᠠᠷᠢᠶ᠎ᠠ ᠶᠢᠨ ᠪᠠᠷᠢᠮᠵᠢᠶ᠎ᠠ ᠪᠤᠯᠵᠥ ᠵᠢᠱᠢᠶ᠎ᠡ ᠦᠵᠡᠬᠦᠯᠥᠨ ᠬᠦᠳᠦᠯᠥᠨ ᠲᠠᠭᠠᠭᠤᠯᠬᠤ ᠦᠢᠯᠡᠳᠦᠯ ᠢ ᠢᠯᠡᠷᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠬᠠᠨ ᠵᠧᠩ᠂ ᠬᠤᠯᠪᠤᠬᠳᠠᠯ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠤᠨ ᠬᠢᠨ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠬᠴᠤᠭ᠎ᠠ ᠶᠢ ᠲᠤᠪᠤᠶᠢᠯᠭᠠᠵᠤ᠂ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠡᠯ᠎ᠡ ᠵᠦᠢᠯ ᠤᠨ ᠠᠵᠢᠯ ᠢ ᠰᠠᠶᠢᠳᠤᠷ ᠬᠢᠬᠦ ᠭᠡᠷᠡᠭᠲᠠᠢ᠃ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ︽ᠦᠨᠡᠮᠯᠡᠯ ᠭᠡᠷᠡᠴᠢ ᠶᠢ ᠰᠠᠯᠭᠠᠬᠤ︾ ᠦᠭᠡᠷᠡᠴᠢᠯᠡᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠨᠠᠵᠠᠭᠠᠢ ᠲᠠᠯ᠎ᠡ ᠶᠢᠨ ᠨᠠᠷᠢᠨ ᠲᠠᠩᠰᠠ ᠶᠢᠨ ᠲᠦᠷᠢᠮ ᠤᠨ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠠᠷᠠᠯᠵᠢᠶᠠᠨ ᠤ ᠬᠢᠨᠠᠯᠳᠠ ᠬᠠᠮᠢᠶᠠᠷᠤᠯᠳᠠ ᠶᠢᠨ ᠲᠦᠷᠢᠮ ᠤᠨ ᠰᠢᠨᠡᠴᠢᠯᠡᠯᠳᠡ ᠶᠢ ᠠᠬᠢᠭᠤᠯᠵᠤ᠂ ᠦᠭᠡᠷᠡᠴᠢᠯᠡᠯᠳᠠ ᠶᠢᠨ ᠰᠢᠰᠲ᠋ᠧᠮ ᠤᠨ ᠲᠦᠪᠯᠡᠷᠡᠯ ᠢ ᠴᠢᠩᠭᠠᠳᠬᠠᠬᠤ ᠭᠡᠷᠡᠭᠲᠠᠢ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠠᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠰᠢᠨ᠎ᠡ ᠬᠤᠪᠢ ᠨᠠᠮᠠᠷᠢ ᠦᠵᠡᠬᠦᠯᠬᠦ ᠭᠡᠷᠡᠭᠲᠠᠢ ᠭᠡᠵᠤ ᠱᠠᠭᠠᠷᠳᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠲᠡᠳ᠋ ᠶᠡᠷᠤᠩᠭᠡᠢ ᠰᠠᠶᠢᠳ ᠬᠤ᠋ ᠴᠦᠨ ᠬᠤᠸᠠ ᠬᠤᠷᠠᠯ ᠳᠤ ᠤᠷᠤᠯᠴᠠᠵᠤ ᠶᠠᠷᠢᠶ᠎ᠡ ᠲᠠᠯᠪᠢᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠴᠢᠶᠠᠩ ᠬᠤᠷᠠᠯ ᠳᠤ ᠤᠷᠤᠯᠴᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢᠨ ᠵᠤᠬᠢᠴᠠᠭᠤᠯᠬᠤ ᠲᠤᠭᠤᠶᠢᠯᠠᠩ ᠤᠨ ᠪᠦᠷᠢᠯᠳᠦᠬᠦᠨ ᠨᠢᠭᠡᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠠᠵᠢᠯ ᠤᠨ ᠶᠠᠮᠤᠨ ᠤ ᠬᠤᠭᠤᠷᠤᠨᠳᠤᠬᠢ ᠬᠠᠮᠳᠤᠷᠠᠬᠰᠡᠨ ᠬᠤᠷᠠᠯ ᠤᠨ ᠪᠦᠷᠢᠯᠳᠦᠬᠦᠨ ᠨᠢᠭᠡᠴᠢ᠂ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ 12 ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠠᠶᠢᠭ᠎ᠠ ᠮᠤᠵᠢ ᠬᠤᠳᠠ ᠪᠤᠯᠤᠨ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃           ︵ᠰᠢᠨᠬᠤᠸᠠ ᠬᠤᠷᠢᠶᠠᠨ ᠤ ᠱᠠᠩᠬᠠᠢ ᠶᠢᠨ 10 ᠰᠠᠷ᠎ᠠ ᠶᠢᠨ 24 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号