10 ᠰᠠᠷ᠎ᠠ ᠶᠢᠨ 19 ᠤ ᠡᠲᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ | ᠤᠯᠠᠭᠠᠨᠲᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠳᠤ ᠬᠦᠷᠴᠦ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠬᠦ ᠦᠶᠡᠰ ᠴᠢᠬᠤᠯᠠᠴᠢᠯᠠᠬᠤ ᠳᠤ ᠪᠠᠨ ᠰᠢ ᠶᠢᠨ ᠫᠢᠩ | ᠶᠡᠷᠦᠩᠬᠡᠢ ᠱᠦᠵᠢ ᠶᠢᠨ ᠶᠠᠲᠠᠭᠤ ᠶᠢ ᠲᠡᠳᠬᠦᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠲᠠᠯᠭ᠎ᠠ ᠶᠢ ᠴᠢᠩᠭ᠎ᠠ ᠠᠳᠬᠤᠵᠦ᠂ ︽ᠣᠨᠣᠪᠴᠢᠳᠠᠢ ᠪᠠᠷ ᠶᠠᠲᠠᠭᠤ ᠶᠢ | ᠲᠠᠳᠬᠦᠬᠦ ᠠᠵᠢᠯ ᠢ ᠦᠨᠡᠯᠡᠨ ᠰᠢᠯᠭᠠᠬᠤ ᠪᠠᠷᠢᠮᠵᠢᠶ᠎ᠠ ᠵᠢᠴᠢ ᠰᠢᠯᠭᠠᠨ ᠲᠤᠭᠲᠠᠭᠠᠬᠤ ᠶᠠᠪᠤᠴᠠ︾ ᠲᠠᠢ ᠴᠢᠩᠭ᠎ᠠ | ᠬᠠᠷᠭᠤᠭᠤᠯᠣᠨ ᠨᠠᠮ ᠤᠨ ᠪᠠᠶᠢᠭᠤᠯᠤᠯᠲᠠ ᠪᠠᠷ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ | ᠠᠬᠢᠭᠤᠯᠬᠤ᠂ ᠠᠵᠦ ᠦᠢᠯᠡᠰ ᠢᠶᠠᠷ ᠤᠷᠤᠯᠭ᠎ᠠ ᠶᠢᠨ ᠲᠤᠭᠲᠠᠭᠤᠨ ᠨᠡᠮᠡᠭᠲᠡᠯ ᠢ ᠠᠬᠢᠭᠤᠯᠬᠤ ᠰᠤᠷᠲᠠᠯ ᠤᠨ | ᠪᠠᠶᠢᠭᠤᠯᠦᠯᠲᠠ ᠪᠠᠷ ᠠᠵᠢᠯ ᠤᠨ ᠡᠭᠦᠷᠭᠡ ᠶᠢᠨ ᠨᠡᠶᠢᠲᠡᠪᠦᠷᠢᠵᠢᠭᠤᠯᠤᠯᠲᠠ ᠶᠢ ᠴᠢᠩᠭ᠎ᠠ ᠠᠳᠬᠤᠵᠦ ᠶᠠᠲᠠᠭᠤ ᠶᠢ | ᠲᠡᠳᠬᠦᠬᠦ ᠠᠵᠢᠯ ᠢ ᠨᠠᠷᠢᠯᠢᠭ ᠪᠤᠲᠠᠲᠠᠢ ᠬᠢᠵᠦ᠂ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ | ᠠᠵᠢᠯ ᠤᠨ ᠡᠭᠦᠷᠭᠡ ᠪᠠᠨ ᠠᠮᠵᠢᠯᠲᠠᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ ᠬᠤᠰᠢᠭᠤ ᠤᠲᠤᠷᠢᠲᠤᠯᠭ᠎ᠠ | ᠵᠣᠣ ᠶᠥᠩ ᠹᠧᠩ᠂ ᠸᠠᠩ ᠵᠢᠷᠭᠠᠯ ᠵᠢᠴᠢ ᠤᠰᠤᠨ ᠤ ᠶᠠᠪᠤᠲᠠᠯ ᠪᠠ ᠬᠦᠷᠦᠰᠦ ᠰᠢᠷᠦᠢ ᠶᠢ ᠬᠠᠮᠠᠭᠠᠯᠠᠬᠤ ᠲᠤᠪᠴᠢᠶ᠎ᠠ᠂ | ᠤᠯᠠᠭᠠᠨᠲᠤᠯᠤᠭᠠᠢ ᠪᠠᠯᠭᠠᠰᠤᠨ ᠤ ᠬᠠᠮᠢᠶ᠎ᠠ ᠪᠦᠬᠦᠢ ᠤᠲᠤᠷᠢᠲᠤᠯᠭ᠎ᠠ ᠨᠠᠷ ᠪᠠᠷᠠᠲᠠᠪᠠ᠃ | | | | | ᠡᠷᠳᠡᠨᠢᠪᠢᠯᠢᠭ ᠶᠠᠲᠠᠭᠤ ᠬᠦᠴᠢᠷᠲᠡᠯᠲᠡᠢ ᠡᠷᠦᠬᠡ ᠤᠯᠠᠭᠠᠨᠲᠠᠯᠠᠢ᠂ ᠳᠠᠷᠵᠠᠢ᠂ ᠴᠡᠴᠡᠭ ᠤᠨ ᠭᠡᠷ ᠲᠤ ᠤᠴᠢᠨ | ᠲᠡᠲᠡᠨ ᠤ ᠦᠢᠯᠡᠳᠪᠦᠷᠢᠯᠡᠯ ᠠᠮᠢᠲᠤᠷᠠᠯ᠂ ᠤᠷᠤᠯᠭ᠎ᠠ ᠵᠠᠷᠤᠯᠭ᠎ᠠ ᠶᠢᠨ ᠪᠠᠶᠢᠲᠠᠯ ᠪᠠ ᠡᠪᠡᠳᠴᠢᠨ ᠢᠶᠠᠨ ᠦᠵᠡᠭᠦᠯᠬᠦ᠂ | ᠦᠷ᠎ᠡ ᠬᠡᠤᠬᠡᠳ ᠢᠶᠠᠨ ᠰᠤᠷᠭᠠᠭᠤᠯᠢ ᠳᠤ ᠰᠠᠭᠤᠯᠭᠠᠵᠦ ᠪᠠᠶᠢᠭ᠎ᠠ ᠵᠡᠷᠭᠡ ᠪᠠᠶᠢᠲᠠᠯ ᠢ ᠨᠠᠷᠢᠨ ᠦᠢᠯᠠᠭᠠᠭᠰᠠᠨ ᠤ ᠲᠠᠷᠠᠭ᠎ᠠ | ᠴᠢᠬᠤᠯᠠᠴᠢᠯᠠᠬᠤ ᠳᠤ ᠪᠠᠨ ︽ᠨᠢᠭᠡ ᠡᠷᠦᠬᠡ ᠳᠤ ᠨᠢᠭᠡ ᠲᠦᠷᠦ ᠶᠢᠨ ᠪᠤᠲᠤᠯᠭ᠎ᠠ︾ ᠪᠤᠯ ᠶᠠᠲᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠵᠠᠩᠬᠢᠯᠠᠭ᠎ᠠ ᠪᠠᠶᠢᠵᠦ᠂ ︽ᠬᠤᠶᠠᠷ ᠲᠤ ᠵᠤᠪᠠᠭ᠋ᠤ ᠦᠭᠡᠢ᠂ | ᠭᠤᠷᠪᠠᠨ ᠪᠠᠲᠤᠯᠠᠭ᠎ᠠ ᠲᠠᠢ ᠪᠠᠶᠢᠬᠤ︾ ᠲᠠᠢ ᠨᠠᠷᠢᠨ ᠬᠢᠨᠠᠮᠠᠭᠠᠢ ᠬᠠᠷᠭᠤᠭᠤᠯᠤᠨ ᠶᠠᠲᠠᠭᠤ ᠬᠦᠴᠢᠷᠲᠡᠯᠲᠡᠢ ᠡᠷᠦᠬᠡ ᠶᠢᠨ | ᠪᠤᠲᠠᠲᠤ ᠪᠠᠶᠢᠲᠠᠯ ᠠᠴᠠ ᠡᠭᠦᠰᠴᠤ᠂ ᠶᠠᠲᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠬᠦ ᠠᠷᠭ᠎ᠠ ᠵᠠᠮ ᠢ | ᠪᠤᠲᠠᠲᠠᠢ ᠪᠠᠷ ᠲᠦᠯᠦᠪᠵᠢᠭᠦᠯᠦᠨ ᠨᠢᠲᠤᠨ ᠡᠮᠤᠨᠡᠬᠢ ᠬᠦᠴᠢᠷᠲᠡᠯ ᠢ ᠨᠢ ᠲᠠᠷᠤᠢ ᠲᠦᠷᠭᠡᠨ ᠰᠢᠢᠳᠪᠦᠷᠢᠯᠡᠬᠦ ᠮᠦᠷᠲᠡᠭᠡᠨ | ᠲᠡᠲᠡᠨ ᠢ ᠬᠠᠪᠰᠤᠷᠤᠨ ᠬᠤᠶᠢᠰᠢᠳᠠ ᠶᠢᠨ ᠦᠢᠯᠡᠳᠪᠦᠷᠢᠯᠡᠯ ᠠᠮᠢᠲᠤᠷᠠᠯ ᠤᠨ ᠲᠦᠯᠦᠪᠵᠢᠭᠦᠯᠭᠡ ᠶᠢ ᠲᠤᠭᠲᠠᠭᠠᠬᠤ | ᠬᠡᠷᠡᠭᠲᠡᠢ ᠬᠡᠪᠠ᠃ ᠡᠷᠳᠡᠨᠢᠪᠢᠯᠢᠭ ᠶᠠᠲᠠᠭᠤ ᠬᠦᠴᠢᠷᠲᠡᠯᠲᠡᠢ ᠡᠷᠦᠬᠡ ᠠᠮᠢᠲᠤᠷᠠᠯ ᠳᠤ ᠪᠠᠨ ᠴᠤᠭ ᠵᠠᠯᠢ ᠪᠠᠲᠠᠷᠠᠩᠭᠤᠢ | ᠬᠠᠯᠠᠭᠤᠮᠰᠤᠭ ᠪᠠᠶᠢᠵᠦ ᠡᠯ᠎ᠡ ᠲᠦᠷᠦᠯ ᠤᠨ ᠲᠦᠷᠦ ᠶᠢᠨ ᠪᠤᠲᠤᠯᠭ᠎ᠠ ᠠᠷᠭ᠎ᠠ ᠠᠪᠴᠠᠯ ᠵᠢᠴᠢ ᠨᠡᠶᠢᠬᠡᠮ ᠤᠨ ᠡᠯ᠎ᠡ | ᠡᠲᠡᠭᠡᠳ ᠤᠨ ᠬᠠᠯᠠᠭᠤᠨ ᠲᠡᠮᠵᠢᠯᠭᠡ ᠲᠤᠤᠷ᠎ᠠ ᠦᠪᠡᠷ ᠤᠨ ᠬᠦᠴᠦ ᠪᠠᠷ ᠲᠡᠭᠵᠢᠷᠡᠨ ᠠᠳᠠᠯ ᠠᠮᠢᠲᠤᠷᠠᠯ ᠢᠶᠠᠨ | ᠴᠤᠭᠴᠠᠯᠠᠵᠤ ᠪᠠᠶᠢᠬᠤ ᠶᠢ ᠬᠠᠷᠠᠭᠠᠳ ᠮᠠᠰᠢ ᠪᠠᠶᠠᠷᠯᠠᠨ ᠵᠢᠭᠠᠵᠦ ᠭᠠᠷᠭᠠᠬᠤ ᠳᠤ ᠪᠠᠨ ︽ᠵᠣᠯ ᠵᠢᠷᠭᠠᠯ ᠢ ᠳᠠᠮᠠᠴᠠᠨ | ᠣᠯᠳᠠᠭ︾ ᠣᠴᠢᠷ ᠠᠴᠠ ᠶᠠᠲᠠᠭᠤ ᠬᠦᠴᠢᠷᠲᠡᠯᠲᠡᠢ ᠡᠷᠦᠬᠡ ᠦᠪᠡᠷ ᠤᠨ ᠰᠢᠷᠭᠠᠭᠤ ᠴᠢᠷᠮᠠᠶᠢᠯᠭ᠎ᠠ ᠲᠤᠤᠷ᠎ᠠ | ᠶᠠᠲᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠪᠤᠯ ᠦᠩᠭᠡ ᠭᠡᠷᠡᠯᠲᠡᠢ ᠤᠴᠢᠷ ᠮᠦᠨ᠂ ᠠᠮᠢᠲᠤᠷᠠᠯ ᠤᠨ | ᠰᠠᠶᠢᠨ ᠲᠠᠳᠬᠠᠯ ᠢ ᠪᠤᠢ ᠪᠤᠯᠭᠠᠨ ᠪᠠᠶ᠎ᠡ ᠶᠢᠨ ᠢᠶᠠᠨ ᠡᠷᠡᠭᠦᠯ ᠡᠩᠭᠡ ᠶᠢ ᠠᠩᠬᠠᠷᠤᠨ ᠶᠠᠲᠠᠭᠤ ᠠᠴᠠ ᠠᠩᠬᠢᠵᠢᠷᠠᠨ | ᠪᠠᠶᠠᠵᠢᠨ ᠴᠢᠨᠡᠭᠡᠯᠢᠭᠵᠢᠬᠦ ᠢᠳᠡᠬᠡᠯ ᠵᠣᠷᠢᠭ ᠢᠶᠠᠨ ᠨᠡᠮᠡᠭᠲᠡᠭᠦᠯᠦᠨ ᠪᠦᠬᠦ ᠨᠡᠶᠢᠬᠡᠮ ᠤᠨ ᠬᠠᠪᠰᠤᠷᠤᠯᠭ᠎ᠠ ᠲᠡᠮᠵᠢᠯᠭᠡ | ᠲᠤᠤᠷ᠎ᠠ ᠦᠪᠡᠷ ᠤᠨ ᠢᠶᠠᠨ ᠰᠢᠷᠭᠠᠭᠤ ᠴᠢᠷᠮᠠᠶᠢᠯᠭ᠎ᠠ ᠪᠠᠷ ᠢᠶᠠᠨ ᠡᠷᠲᠡ ᠨᠢᠭᠡᠨ ᠡᠲᠦᠷ ᠬᠦᠴᠢᠷᠲᠡᠯᠲᠡᠢ ᠤᠷᠴᠢᠨ ᠠᠴᠠ | ᠰᠠᠯᠬᠤ ᠪᠠᠷ ᠴᠢᠷᠮᠡᠶᠢᠬᠤ ᠬᠡᠷᠡᠭᠲᠡᠢ ᠭᠡᠪᠡ᠃ ᠡᠷᠳᠡᠨᠢᠪᠢᠯᠢᠭ ᠰᠤᠮᠤ ᠪᠠᠯᠭᠠᠰᠤ᠂ ᠭᠠᠴᠠᠭ᠎ᠠ ᠲᠤᠰᠬᠤᠨ ᠤ ᠺᠠᠳ᠋ᠷ ᠪᠤᠯᠤᠨ | ᠭᠠᠴᠠᠭ᠎ᠠ ᠲᠤᠰᠬᠤᠨ ᠳᠤ ᠰᠠᠭᠤᠵᠣ ᠬᠠᠪᠰᠣᠷᠣᠨ ᠳᠡᠳᠬᠦᠬᠦ ᠠᠵᠢᠯ ᠤᠨ ᠺᠠᠳ᠋ᠷ ᠴᠠᠭ ᠢᠮᠠᠭᠲᠠ ᠶᠠᠲᠠᠭᠤ | ᠬᠦᠴᠢᠷᠲᠡᠯᠲᠡᠢ ᠤᠯᠠᠨ ᠲᠦᠮᠡᠨ ᠤ ᠣᠶᠢᠯᠡᠳᠪᠣᠷᠢᠯᠡᠯ ᠠᠮᠢᠳᠣᠷᠠᠯ ᠤᠨ ᠬᠦᠴᠢᠷᠳᠡᠯ ᠠᠰᠠᠭᠤᠳᠠᠯ ᠢ ᠰᠡᠳᠬᠢᠯ ᠳᠡᠭᠡᠨ | ᠳᠠᠯᠪᠢᠵᠣ ᠮᠠᠯᠴᠢᠨ ᠲᠠᠷᠢᠶᠠᠴᠢᠨ ᠳᠤ ᠠᠰᠢᠭᠲᠠᠢ ᠲᠦᠷᠦ ᠶᠢᠨ ᠪᠤᠲᠤᠯᠭ᠎ᠠ ᠪᠤᠯᠤᠨ ᠶᠠᠲᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠬᠤ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠡᠵᠡᠮᠰᠢᠨ ᠭᠠᠴᠠᠭ᠎ᠠ ᠲᠤᠰᠬᠤᠨ ᠤ ᠪᠠᠶᠢᠲᠠᠯ | ᠵᠢᠴᠢ ᠠᠷᠠᠳ ᠤᠨ ᠠᠮᠢᠲᠤᠷᠠᠯ ᠤᠨ ᠪᠠᠶᠢᠲᠠᠯ ᠢ ᠨᠠᠷᠢᠯᠢᠭ ᠦᠢᠯᠠᠭᠠᠵᠦ ᠣᠯᠠᠨ ᠲᠦᠮᠡᠨ ᠤ ᠦᠢᠯᠡᠳᠪᠦᠷᠢᠯᠡᠯ ᠤᠨ | ᠬᠦᠭᠵᠢᠯᠲᠡ ᠪᠤᠯᠤᠨ ᠲᠤᠰᠬᠤᠨ ᠤ ᠨᠡᠶᠢᠲᠡ ᠶᠢᠨ ᠠᠵᠦ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠷᠭ᠎ᠠ | ᠪᠤᠲᠤᠯᠭ᠎ᠠ ᠭᠠᠷᠭᠠᠨ ᠬᠦᠭᠵᠢᠭᠦᠯᠬᠦ ᠶᠢᠨ ᠬᠠᠮᠳᠣ ᠰᠠᠬᠢᠯᠭ᠎ᠠ ᠶᠢ ᠰᠠᠬᠢᠨ ᠠᠵᠢᠯᠴᠢ ᠠᠷᠪᠢᠴᠢ ᠪᠠᠶᠢᠵᠦ ᠭᠠᠴᠠᠭ᠎ᠠ | ᠲᠣᠰᠬᠤᠨ ᠳᠤ ᠡᠭᠦᠷᠭᠡ ᠲᠠᠷᠤᠭᠠᠰᠤ ᠨᠡᠮᠡᠬᠦ ᠠᠴᠠ ᠵᠠᠶᠢᠯᠠᠰᠬᠢᠬᠤ ᠬᠡᠷᠡᠭᠲᠡᠢ ᠭᠡᠪᠡ᠃ | | | | | ᠲᠠᠷᠠᠭ᠎ᠠ ᠳᠤᠨᠢ ᠰᠠᠭᠤᠲᠠᠯ ᠤᠨ ᠬᠤᠷᠠᠯ ᠬᠤᠷᠠᠯᠳᠣᠭᠤᠯᠵᠣ ᠡᠷᠳᠡᠨᠢᠪᠢᠯᠢᠭ ᠤᠯᠠᠭᠠᠨᠲᠤᠯᠤᠭᠠᠢ ᠪᠠᠯᠭᠠᠰᠤ ᠵᠢᠴᠢ | ᠪᠠᠶᠠᠨᠰᠢᠯᠢ ᠭᠠᠴᠠᠭᠠᠨ ᠤ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠨᠠᠷᠢᠨ | ᠣᠶᠢᠯᠠᠭᠠᠭᠰᠠᠨ ᠤ ᠲᠠᠷᠠᠭ᠎ᠠ ᠵᠢᠭᠠᠬᠤ ᠳᠤ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠶᠠᠲᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠴᠢᠬᠤᠯᠠ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠦ᠂ ᠤᠯᠤᠰ | ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠦᠨ ᠡᠭᠦᠷᠭᠡ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠦ ᠶᠠᠲᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠪᠤᠲᠠᠲᠠᠢ ᠨᠠᠷᠢᠯᠢᠭ ᠬᠢᠬᠦ ᠬᠡᠷᠡᠭᠲᠡᠢ ᠭᠡᠪᠡ᠃ ᠡᠷᠳᠡᠨᠢᠪᠢᠯᠢᠭ | ᠴᠢᠬᠤᠯᠠᠴᠢᠯᠠᠬᠤ ᠳᠤ ᠪᠠᠨ ᠦᠨᠲᠦᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠴᠢᠩᠭᠠᠳᠬᠠᠵᠦ᠂ | ᠨᠠᠮ ᠤᠨ ᠬᠡᠰᠢᠭᠦᠨ ᠤ ᠬᠤᠰᠢᠭᠤᠴᠢ ᠦᠢᠯᠡᠲᠦᠯ ᠢ ᠪᠠᠲᠠᠷᠠᠭᠤᠯᠤᠨ ᠮᠠᠯᠴᠢᠨ ᠲᠠᠷᠢᠶᠠᠴᠢᠨ ᠢ ᠵᠢᠱᠢᠶ᠎ᠡ ᠦᠵᠡᠭᠦᠯᠦᠨ | ᠲᠠᠶᠢᠴᠢᠯᠠᠵᠦ ᠤᠷᠤᠯᠭ᠎ᠠ ᠶᠢ ᠨᠢ ᠨᠡᠮᠡᠭᠲᠡᠬᠦᠯᠦᠨ ᠪᠠᠶᠠᠵᠢᠨ ᠴᠢᠨᠡᠭᠡᠯᠢᠭᠵᠢᠬᠦᠯᠬᠦ ᠬᠡᠷᠡᠭᠲᠡᠢ᠃ ᠬᠦᠲᠡᠭᠡ ᠲᠤᠰᠬᠤᠨ ᠤ | ᠬᠦᠭᠵᠢᠭᠦᠯᠦᠨ ᠮᠠᠨᠲᠤᠭᠤᠯᠬᠤ ᠲᠦᠯᠦᠪᠯᠡᠭᠡ ᠶᠢ ᠰᠠᠶᠢᠲᠤᠷ ᠲᠤᠭᠲᠠᠭᠠᠨ ᠭᠠᠴᠠᠭ᠎ᠠ ᠲᠤᠰᠬᠤᠨ ᠤ ᠨᠡᠶᠢᠲᠡ ᠶᠢᠨ ᠠᠵᠦ | ᠠᠬᠤᠢ ᠶᠢᠨ ᠬᠦᠭᠵᠢᠯᠲᠡ ᠶᠢᠨ ᠲᠦᠷᠦᠯ ᠵᠤᠶᠢᠯ ᠢ ᠵᠤᠬᠢᠰᠲᠠᠢ ᠲᠤᠬᠢᠷᠠᠭᠤᠯᠤᠨ ᠤᠰᠤ᠂ ᠴᠠᠬᠢᠯᠭᠠᠨ᠂ ᠵᠠᠮ | ᠬᠠᠷᠢᠯᠴᠠᠭ᠎ᠠ᠂ ᠴᠢᠮᠡᠭᠡ ᠵᠠᠩᠬᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠨᠢᠭᠡᠳᠬᠡᠨ ᠲᠦᠯᠦᠪᠵᠢᠭᠦᠯᠬᠦ ᠬᠡᠷᠡᠭᠲᠡᠢ | ᠃ ᠭᠠᠴᠠᠭ᠎ᠠ ᠲᠤᠰᠬᠤᠨ ᠳᠤ ᠰᠠᠭᠤᠭᠰᠠᠨ ᠺᠠᠳ᠋ᠷ ᠤᠨ ᠪᠠᠶᠢᠩᠭᠤ ᠰᠠᠭᠤᠵᠦ ᠪᠠᠶᠢᠭ᠎ᠠ ᠡᠰᠡᠬᠦ᠂ ᠠᠷᠠᠳ ᠤᠨ | ᠪᠠᠶᠢᠲᠠᠯ ᠪᠤᠯᠤᠨ ᠲᠦᠷᠦ ᠶᠢᠨ ᠪᠤᠲᠤᠯᠭ᠎ᠠ ᠶᠢ ᠣᠶᠢᠯᠠᠭᠠᠵᠣ ᠪᠠᠶᠢᠭ᠎ᠠ ᠡᠰᠡᠬᠦ᠂ ᠲᠦᠷᠦ ᠶᠢᠨ ᠪᠤᠲᠤᠯᠭ᠎ᠠ ᠶᠢᠨ | ᠤᠬᠠᠭᠤᠯᠭ᠎ᠠ ᠶᠢ ᠪᠤᠲᠠᠲᠠᠢ ᠤᠬᠠᠭᠤᠯᠵᠦ ᠪᠠᠶᠢᠬᠤ ᠡᠰᠡᠬᠦ ᠵᠡᠷᠭᠡ ᠲᠠᠯ᠎ᠠ ᠶᠢᠨ ᠠᠰᠠᠭᠤᠲᠠᠯ ᠢ ᠨᠠᠷᠢᠯᠢᠭ ᠬᠢᠨᠠᠨ ᠰᠢᠯᠭᠠᠵᠦ | ᠂ ᠭᠠᠴᠠᠭ᠎ᠠ ᠲᠤᠰᠬᠤᠨ ᠳᠤ ᠪᠠᠭᠤᠭᠰᠠᠨ ᠺᠠᠳ᠋ᠷ ᠤᠨ ᠠᠷᠪᠠᠨ ᠲᠠᠯ᠎ᠠ ᠤᠨ ᠠᠵᠢᠯ ᠤᠨ ᠭᠤᠤᠯ ᠡᠭᠦᠷᠭᠡ ᠶᠢᠨ | ᠱᠠᠭᠠᠷᠲᠠᠯᠭ᠎ᠠ ᠶᠤᠰᠤᠭᠠᠷ ᠠᠵᠢᠯ ᠢᠶᠠᠨ ᠴᠢᠨᠠᠷᠯᠢᠭ ᠰᠠᠶᠢᠨ ᠬᠢᠵᠦ᠂ ᠪᠦᠬᠦ ᠲᠠᠯ᠎ᠠ ᠪᠠᠷ ᠴᠠᠭᠠᠷᠠᠭᠰᠠᠨ ᠭᠠᠴᠠᠭ᠎ᠠ | ᠲᠤᠰᠬᠤᠨ ᠳᠤ ᠪᠠᠭᠤᠭᠰᠠᠨ ᠺᠠᠳ᠋ᠷ ᠤᠨ ᠡᠩᠨᠡᠭᠡ ᠶᠢ ᠲᠠᠪᠲᠠᠨ ᠪᠤᠯᠪᠠᠰᠤᠷᠠᠭᠤᠯᠬᠤ ᠬᠡᠷᠡᠭᠲᠡᠢ᠃ ᠲᠦᠷᠦ ᠶᠢᠨ ᠪᠤᠲᠤᠯᠭ᠎ᠠ | ᠶᠢᠨ ᠤᠬᠠᠭᠤᠯᠭ᠎ᠠ ᠪᠠᠨ ᠴᠢᠩᠭᠠᠳᠬᠠᠵᠦ᠂ ᠮᠠᠯᠴᠢᠨ ᠲᠠᠷᠢᠶᠠᠴᠢᠨ ᠤ ᠢᠲᠡᠪᠬᠢᠵᠢᠯ ᠢ ᠲᠠᠶᠢᠴᠢᠯᠠᠨ ᠲᠠᠲᠡᠨ ᠤ | ᠦᠢᠯᠡᠳᠪᠦᠷᠢᠯᠡᠯ ᠢᠶᠠᠨ ᠬᠦᠭᠵᠢᠬᠦᠯᠦᠨ ᠪᠠᠶᠠᠵᠢᠨ ᠴᠢᠨᠡᠭᠡᠯᠢᠭᠵᠢᠬᠦ ᠢᠳᠡᠬᠡᠯ ᠵᠤᠷᠢᠭ ᠢ ᠨᠡᠮᠡᠭᠲᠡᠭᠦᠯᠬᠦ ᠬᠡᠷᠡᠭᠲᠡᠢ᠃ | ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠦᠪ ᠤᠨ | ᠰᠢᠢᠳᠪᠣᠷᠢᠳᠣ ᠪᠤᠲᠤᠯᠭ᠎ᠠ ᠪᠤᠯᠤᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠤᠨ ᠲᠦᠷᠦ ᠶᠢᠨ ᠪᠤᠲᠤᠯᠭ᠎ᠠ᠂ ᠠᠷᠭ᠎ᠠ | ᠬᠡᠮᠵᠢᠶ᠎ᠠ ᠪᠠᠨ ᠤᠨᠤᠪᠴᠢᠲᠠᠢ ᠬᠡᠷᠡᠭᠵᠢᠭᠦᠯᠵᠦ ᠠᠰᠠᠭᠤᠲᠠᠯ ᠢ ᠴᠡᠭᠴᠡᠯᠡᠨ ᠰᠠᠶᠢᠵᠢᠷᠠᠭᠤᠯᠵᠦ ᠪᠦᠬᠦ ᠶᠠᠪᠤᠴᠠ ᠪᠠᠨ | ᠨᠠᠷᠢᠯᠢᠭ ᠬᠠᠮᠢᠶᠠᠷᠴᠤ ᠠᠵᠤ ᠠᠬᠤᠶᠢᠯᠠᠯ ᠰᠠᠶᠢᠳᠣᠷ ᠳᠣᠰᠠᠯᠠᠨ ᠳᠡᠮᠵᠢᠵᠣ ᠡᠷᠴᠢ ᠵᠤᠷᠢᠭ ᠢ ᠨᠢ ᠤᠷᠮᠠᠰᠢᠭᠤᠯᠤᠨ | ᠺᠠᠳ᠋ᠷ ᠤᠨ ᠬᠠᠮᠢᠶᠠᠷᠦᠯᠲᠠ ᠪᠠᠨ ᠴᠢᠩᠭᠠᠳᠬᠠᠵᠦ ᠶᠠᠲᠠᠭᠤ ᠶᠢ ᠲᠡᠳᠬᠦᠬᠦ ᠪᠡᠯᠡ ᠮᠦᠩᠭᠦ ᠶᠢᠨ ᠬᠠᠮᠢᠶᠠᠷᠤᠯᠲᠠ ᠪᠠᠨ | ᠴᠢᠩᠭᠠᠳᠬᠠᠨ ᠳᠠᠩᠰᠠ ᠮᠠᠲ᠋ᠧᠷᠢᠶᠠᠯ ᠢ ᠪᠦᠷᠢᠳᠬᠡᠨ ᠡᠮᠬᠢᠯᠡᠵᠦ ᠶᠠᠲᠠᠭᠤ ᠬᠦᠴᠢᠷᠲᠡᠯᠲᠡᠢ ᠡᠷᠦᠬᠡ ᠶᠢᠨ ᠪᠠᠷᠢᠮᠵᠢᠶᠠᠨ ᠳᠤ | ᠣᠶᠢᠷᠠᠳᠣᠵᠣ ᠪᠠᠶᠢᠭ᠎ᠠ ᠡᠷᠦᠬᠡ ᠶᠢ ᠰᠠᠶᠢᠲᠤᠷ ᠠᠩᠬᠠᠷᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠠᠵᠢᠯ ᠤᠨ ᠡᠭᠦᠷᠭᠡ ᠶᠢ ᠠᠮᠵᠢᠯᠲᠠᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠪᠠ᠃ |