ᠮᠠᠨ ᠤ ᠬᠤᠰᠢᠭᠤ ᠪᠦᠬᠦ ᠬᠤᠰᠢᠭᠤᠨ ᠤ ᠠᠮᠢᠳᠠᠨ ᠤ ᠡᠷᠡᠬᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠤᠯᠢ ᠬᠡᠷᠡᠭᠵᠢᠬᠦᠯᠬᠦ ᠲᠤᠬᠠᠶᠢᠯᠠᠭᠰᠠᠨ ᠠᠵᠢᠯ ᠤᠨ ᠮᠡᠳᠡᠯᠬᠡ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2018-10-29
      ᠤᠶᠢᠷ᠎ᠠ ᠳᠤ᠂ ᠮᠠᠨ ᠤ ᠬᠤᠰᠢᠭᠤᠨ ᠤ ᠮᠠᠯ ᠤᠨ ᠡᠮᠨᠡᠯᠭᠡ ᠶᠢᠨ ᠲᠤᠪᠴᠢᠶ᠎ᠠ ᠪᠦᠬᠦ ᠬᠤᠰᠢᠭᠤᠨ ᠤ ᠠᠮᠢᠳᠠᠨ  ᠤ ᠡᠷᠡᠬᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠤᠯᠢ ᠬᠡᠷᠡᠭᠵᠢᠬᠦᠯᠬᠦ ᠲᠤᠬᠠᠶᠢᠯᠠᠭᠰᠠᠨ ᠠᠵᠢᠯ ᠮᠡᠷᠭᠡᠵᠢᠯ ᠤᠨ ᠮᠡᠳᠡᠯᠬᠡ ᠶᠢᠨ ᠪᠤᠯᠪᠠᠰᠤᠷᠠᠯ ᠡᠷᠭᠢᠯᠡᠭᠰᠠᠨ ᠪᠠᠶᠢᠨ᠎ᠠ᠃ ᠬᠤᠰᠢᠭᠤ ᠠᠮᠢᠳᠠᠨ ᠤ ᠡᠷᠡᠬᠦᠯ ᠬᠠᠮᠠᠭᠠᠯᠠᠯ ᠳᠤ ᠬᠢᠨᠠᠯᠳᠠ ᠲᠠᠯᠪᠢᠬᠤ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠡᠯ᠎ᠡ ᠰᠤᠮᠤ ᠪᠠᠯᠭᠠᠰᠤᠨ ᠤ ᠠᠮᠢᠳᠠᠨ ᠤ ᠡᠷᠡᠬᠦᠯ ᠬᠠᠮᠠᠭᠠᠯᠠᠯ ᠳᠤ ᠬᠢᠨᠠᠯᠳᠠ ᠲᠠᠯᠪᠢᠬᠤ ᠦᠷᠳᠡᠭᠡ᠂ ᠵᠠᠰᠠᠮᠠᠯ ᠵᠠᠮ ᠤᠨ ᠠᠮᠢᠳᠠᠨ ᠤ ᠬᠢᠵᠢᠭ ᠢ ᠰᠡᠷᠬᠡᠶᠢᠯᠡᠵᠦ ᠠᠷᠢᠭᠤᠳᠬᠠᠵᠤ ᠪᠠᠶᠢᠴᠠᠭᠠᠬᠤ ᠦᠷᠳᠡᠭᠡᠨ ᠤ ᠪᠦᠬᠦ ᠠᠵᠢᠯᠳᠠᠨ ᠪᠤᠯᠪᠠᠰᠤᠷᠠᠯ ᠳᠤ ᠤᠷᠤᠯᠴᠠᠪᠠ᠃     ᠪᠤᠯᠪᠠᠰᠤᠷᠠᠯ ᠲᠡᠭᠡᠷ᠎ᠡ ︽ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠬᠡᠶᠢᠯᠡᠬᠦ ᠬᠠᠤᠯᠢ︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢᠳᠠᠨ ᠤ ᠬᠢᠵᠢᠭ ᠢ ᠰᠡᠷᠬᠡᠶᠢᠯᠡᠬᠦ ᠲᠤᠭᠳᠠᠭᠠᠯ︾ ︽ᠠᠮᠢᠳᠠᠨ ᠤ ᠬᠢᠵᠢᠭ ᠤᠨ ᠪᠠᠶᠢᠴᠠᠭᠠᠯᠳᠠ ᠶᠢᠨ ᠬᠠᠮᠢᠶᠠᠷᠤᠯᠳᠠ ᠶᠢᠨ ᠠᠷᠭ᠎ᠠ︾ ᠪᠤᠯᠤᠨ ᠤᠯᠤᠰ᠂ ᠤᠷᠤᠨ᠂ ᠬᠤᠲᠠ ᠬᠤᠰᠢᠭᠤᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃      ᠪᠤᠯᠪᠠᠰᠤᠷᠠᠯ ᠠᠴᠠ ᠱᠠᠭᠠᠷᠳᠠᠬᠤ ᠳᠤ ᠪᠠᠨ ᠪᠤᠯᠪᠠᠰᠤᠷᠠᠯ ᠳᠤ ᠤᠷᠤᠯᠴᠠᠭᠰᠠᠳ ᠠᠹᠷᠢᠺᠠ ᠲᠢᠪ ᠤᠨ ᠭᠠᠭ᠋ᠠᠢ  ᠶᠢᠨ ᠬᠢᠵᠢᠭ ᠵᠡᠷᠭᠡ ᠲᠤᠮᠤ ᠴᠢᠬᠤᠯᠠ ᠠᠮᠢᠳᠠᠨ ᠤ ᠬᠢᠵᠢᠭ ᠢ ᠰᠡᠷᠬᠡᠶᠢᠯᠡᠬᠦ ᠬᠠᠷᠢᠭᠤᠴᠠᠯᠭᠠᠲᠤ ᠰᠡᠳᠬᠢᠯᠬᠡ᠂ ᠪᠠᠴᠢᠮ ᠲᠤᠯᠭᠠᠮ᠎ᠠ ᠰᠡᠳᠬᠢᠯᠬᠡ ᠪᠠᠨ ᠥᠨᠠᠠᠭᠦ ᠨᠡᠮᠡᠭᠳᠡᠭᠦᠯᠵᠤ᠂ ᠠᠮᠢᠳᠠᠨ ᠵᠢᠴᠢ ᠠᠮᠢᠳᠠᠨ ᠤ ᠭᠠᠷᠤᠯᠲᠠ ᠶᠢ ᠰᠢᠯᠵᠢᠬᠦᠯᠦᠨ ᠲᠡᠭᠡᠭᠡᠪᠦᠷᠢᠯᠡᠬᠦ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ ᠠᠮᠢᠳᠠᠨ ᠤ ᠭᠠᠷᠤᠯᠳᠠ ᠶᠢᠨ ᠭᠠᠵᠠᠷ᠂ ᠠᠯᠠᠵᠤ ᠨᠢᠳᠤᠯᠬᠤ ᠭᠠᠵᠠᠷ ᠲᠤ ᠠᠮᠢᠳᠠᠨ ᠤ ᠬᠢᠵᠢᠭ ᠤᠨ ᠪᠠᠶᠢᠴᠠᠭᠠᠯᠳᠠ ᠶᠢ ᠰᠠᠶᠢᠳᠤᠷ ᠬᠢᠵᠦ ᠪᠦᠬᠦ ᠬᠤᠰᠢᠭᠤᠨ ᠤ ᠠᠮᠢᠳᠠᠨ  ᠤ ᠡᠷᠡᠬᠦᠯ ᠬᠠᠮᠠᠭᠠᠯᠠᠯ ᠳᠤ ᠬᠢᠨᠠᠯᠳᠠ ᠲᠠᠯᠪᠢᠵᠤ ᠬᠠᠤᠯᠢ ᠬᠡᠷᠡᠭᠵᠢᠬᠦᠯᠬᠦ ᠠᠵᠢᠯ ᠤᠨ ᠭᠢᠷᠢ ᠲᠦᠪᠰᠢᠨ ᠢᠶᠠᠨ ᠲᠠᠰᠤᠷᠠᠯᠳᠠ ᠥᠭᠡᠢ ᠲᠡᠭᠡᠭᠰᠢᠯᠡᠬᠦᠯᠬᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号