10 ᠰᠠᠷ᠎ᠠ ᠶᠢᠨ 20 ᠤ ᠡᠳᠦᠷ ᠠᠴᠠ 21 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠥᠵᠢ | ᠡᠷᠳᠡᠨᠢᠪᠢᠯᠢᠭ ᠲᠤᠭ ᠪᠠᠯᠭᠠᠰᠤ ᠪᠤᠯᠤᠨ ᠰᠢᠷᠬᠤᠰᠤᠨ ᠪᠠᠯᠭᠠᠰᠤᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠤᠨ | ᠪᠤᠭᠤᠮᠳᠠ ᠰᠢᠪᠳᠤᠯᠬᠤ ᠠᠵᠢᠯ ᠳᠤ ᠭᠢᠨᠠᠨ ᠵᠢᠯᠤᠭᠤᠳᠤᠯᠭ᠎ᠠ ᠪᠠᠶᠢᠴᠠᠭᠠᠯᠳᠠ ᠭᠢᠭᠦ ᠶᠢᠨ ᠬᠠᠮᠳᠤ ᠱᠥᠵᠢ ᠨᠠᠮ ᠤᠨ | ᠭᠢᠴᠢᠶᠠᠯ ᠤᠷᠤᠬᠤ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠮᠳᠤ ᠶᠢᠨ ᠶᠠᠷᠢᠯᠴᠠᠭ᠎ᠠ | ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ | ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠪᠤᠯᠤᠨ ᠬᠤᠰᠢᠭᠤ ᠶᠠᠳᠠᠭᠤ ᠶᠢ ᠲᠠᠳᠭᠦᠭᠦ | ᠠᠯᠪᠠᠨ ᠭᠡᠷ᠂ ᠡᠷᠡᠭᠦᠯ ᠬᠠᠮᠠᠭᠠᠯᠠᠯ ᠲᠥᠯᠥᠪᠯᠡᠭᠡᠳᠤ ᠭᠥᠩᠭᠡᠵᠢᠯ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | | | | | | ᠡᠷᠳᠡᠨᠢᠪᠢᠯᠢᠭ ᠨᠠᠷ ᠤᠷᠢᠳ ᠬᠤᠵᠢᠳ ᠲᠤᠭ ᠪᠠᠯᠭᠠᠰᠤᠨ ᠤ ᠤᠯᠠᠭᠠᠨᠰᠢᠪᠠᠷᠲᠠᠢ ᠲᠤᠰᠬᠤᠨ ᠪᠤᠯᠤᠨ | ᠰᠢᠷᠬᠤᠰᠤᠨ ᠪᠠᠯᠭᠠᠰᠤᠨ ᠤ ᠲᠤᠭᠠᠷ ᠤᠨ ᠲᠤᠬᠤᠢ ᠲᠤᠰᠬᠤᠨ ᠤ ᠭᠡᠰᠡᠭ ᠶᠠᠳᠠᠭᠤ ᠭᠥᠴᠢᠷᠳᠠᠯᠳᠠᠢ ᠡᠷᠤᠭᠡ ᠪᠠᠷ | ᠬᠦᠷᠴᠤ ᠶᠠᠳᠠᠭᠤ ᠭᠥᠴᠢᠷᠳᠠᠯᠳᠠᠢ ᠡᠷᠤᠭᠡ ᠶᠢᠨ ᠶᠠᠳᠠᠭᠤᠷᠠᠭᠰᠠᠨ ᠰᠢᠯᠳᠠᠭᠠᠨ᠂ ᠶᠠᠳᠠᠭᠤ ᠶᠢ ᠲᠠᠳᠭᠦᠭᠦ ᠲᠥᠷᠥ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ᠂ ᠠᠵᠤ ᠥᠢᠯᠡᠰ ᠤᠨ ᠭᠥᠭᠵᠢᠯᠳᠠ᠂ ᠶᠠᠳᠠᠭᠤ ᠠᠴᠠ ᠠᠩᠭᠢᠵᠢᠷᠠᠭᠰᠠᠨ | ᠪᠠᠶᠢᠳᠠᠯ᠂ ᠲᠠᠳᠭᠦᠨ ᠲᠠᠮᠵᠢᠭᠦ ᠬᠠᠷᠢᠭᠤᠴᠠᠯᠭ᠎ᠠ ᠶᠢᠨ ᠭᠥᠮᠤᠨ᠂ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ | ᠤᠨ ᠠᠵᠢᠯ ᠵᠡᠷᠭᠡ ᠶᠢᠨ ᠪᠤᠳᠠᠳᠠᠢ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠭᠠᠴᠠᠭ᠎ᠠ ᠲᠤᠰᠬᠤᠨ ᠤ ᠨᠠᠮ ᠤᠨ ᠡᠭᠦᠷ ᠪᠤᠯ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠬᠠᠮᠤᠭ ᠤᠨ ᠡᠮᠤᠨ᠎ᠠ ᠹᠷᠤᠨᠲ ᠤᠨ ᠪᠠᠭᠢᠯᠠᠯᠳᠠ ᠶᠢᠨ ᠭᠠᠵᠠᠷ ᠪᠤᠯᠤᠨ᠎ᠠ᠃ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠢᠯᠠᠬᠤ ᠢᠨᠵᠧᠨᠧᠷᠢᠩ ᠳᠤ | ᠴᠢᠭᠯᠡᠭᠦᠯᠤᠨ ᠥᠪᠠᠷ ᠤᠨ ᠪᠠᠶ᠎ᠠ ᠶᠢᠨ ᠪᠠᠷᠢᠮᠵᠢᠶᠠᠵᠢᠭᠤᠯᠤᠯᠳᠠ ᠶᠢᠨ ᠪᠠᠶᠢᠭᠤᠯᠤᠯᠳᠠ ᠶᠢ ᠴᠢᠩᠭ᠎ᠠ ᠠᠳᠬᠤᠵᠤ ᠤᠯᠠᠨ | ᠲᠥᠮᠡᠨ ᠳᠤ ᠥᠢᠯᠡᠴᠢᠯᠠᠭᠦ ᠴᠢᠳᠠᠪᠤᠷᠢ ᠭᠢᠷᠢ ᠲᠥᠪᠰᠢᠨ ᠢᠶᠠᠨ ᠳᠡᠭᠡᠭᠰᠢᠯᠡᠬᠦᠯᠦᠨ ᠤᠯᠠᠨ ᠲᠥᠮᠡᠨ ᠤ ᠶᠠᠳᠠᠭᠤ ᠠᠴᠠ | ᠠᠩᠭᠢᠵᠢᠷᠠᠨ ᠪᠠᠶᠠᠵᠢᠨ ᠴᠢᠨᠡᠭᠡᠯᠢᠭᠵᠢᠭᠦ ᠶᠢᠨ ᠲᠠᠭᠠᠭᠤᠯᠤᠭᠴᠢ ᠪᠤᠯᠬᠤ ᠭᠡᠷᠡᠭᠳᠠᠢ᠃ ᠰᠠᠭᠤᠷᠢᠰᠢᠭ᠎ᠠ ᠠᠵᠤ ᠠᠬᠤᠶᠢᠯᠠᠯ | ︽ᠵᠠᠭᠤᠨ ᠠᠵᠤ ᠠᠬᠤᠶᠢᠯᠠᠯ ᠵᠠᠭᠤᠨ ᠲᠤᠰᠬᠤᠨ ᠢ ᠲᠠᠳᠭᠦᠭᠦ︾ ᠥᠢᠯᠡᠳᠤᠯ ᠢᠶᠠᠨ ᠪᠠᠳᠠᠷᠠᠭᠤᠯᠵᠤ ᠤᠯᠠᠨ ᠲᠥᠮᠡᠨ ᠤ | ᠥᠷᠭᠦᠯᠵᠢᠯᠠᠨ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠠᠳᠤᠯᠠᠬᠤ ᠭᠡᠷᠡᠭᠳᠠᠢ ᠭᠡᠵᠡᠢ᠃ | | | | | | | ᠭᠥᠷᠥᠭᠰᠠᠨ ᠭᠠᠵᠠᠷ ᠪᠤᠯᠭᠠᠨ ᠳᠤ ᠡᠷᠳᠡᠨᠢᠪᠢᠯᠢᠭ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷᠴᠤᠳ ᠤᠨ ᠠᠵᠢᠯ | ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠲᠠᠷᠠ ᠱᠠᠭᠠᠷᠳᠠᠬᠤ ᠳᠤ ᠪᠠᠨ᠂ ᠭᠠᠴᠠᠭ᠎ᠠ ᠲᠤᠰᠬᠤᠨ | ᠳᠤ ᠰᠠᠭᠤᠭ᠎ᠠ ᠺᠠᠳ᠋ᠷᠴᠤᠳ ᠲᠤ ᠭᠢᠨᠠᠯᠳᠠ ᠲᠠᠯᠪᠢᠬᠤ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠨ | ᠭᠠᠴᠠᠭ᠎ᠠ ᠲᠤᠰᠬᠤᠨ ᠳᠤ ᠰᠠᠭᠤᠬᠤ ᠠᠵᠢᠯ ᠤᠨ ᠲᠤᠭᠳᠠᠯᠴᠠᠭ᠎ᠠ ᠶᠢ ᠴᠢᠩᠭ᠎ᠠ ᠭᠡᠷᠡᠭᠵᠢᠭᠦᠯᠭᠦ ᠭᠡᠷᠡᠭᠳᠠᠢ᠃ ᠡᠭᠦᠨ ᠤ | ᠬᠠᠮᠲᠤ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷᠴᠤᠳ ᠲᠤ ᠠᠵᠢᠯ ᠠᠮᠢᠳᠤᠷᠠᠯ ᠤᠨ ᠲᠠᠯ᠎ᠠ ᠪᠠᠷ ᠬᠠᠯᠠᠮᠵᠢ | ᠲᠠᠮᠵᠢᠯᠭᠡ ᠥᠵᠡᠭᠦᠯᠵᠤ ᠰᠠᠨᠠᠭ᠎ᠠ ᠠᠮᠤᠷ ᠭᠠᠴᠠᠭ᠎ᠠ ᠲᠤᠰᠬᠤᠨ ᠳᠤ ᠰᠠᠭᠤᠨ ᠶᠠᠳᠠᠭᠤ ᠶᠢ ᠲᠠᠳᠭᠦᠭᠦ ᠠᠵᠢᠯ ᠢ | ᠥᠷᠨᠢᠭᠦᠯᠭᠦ ᠭᠡᠷᠡᠭᠳᠠᠢ᠃ ᠲᠤᠰᠬᠤᠨ ᠳᠤ ᠰᠠᠭᠤᠭ᠎ᠠ ᠺᠠᠳ᠋ᠷᠴᠤᠳ ᠭᠠᠴᠠᠭ᠎ᠠ ᠲᠤᠰᠬᠤᠨ ᠢ ᠬᠠᠪᠰᠤᠷᠤᠨ ᠶᠠᠳᠠᠭᠤ ᠶᠢ | ᠲᠠᠳᠭᠦᠭᠦ ᠠᠵᠤ ᠥᠢᠯᠡᠰ ᠢ ᠲᠦᠯᠦᠪᠵᠢᠬᠦᠯᠵᠤ ᠰᠠᠭᠤᠷᠢ ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠳᠠ ᠶᠢ | ᠴᠢᠩᠭ᠎ᠠ ᠠᠳᠬᠤᠨ ᠨᠠᠩ ᠤᠯᠠᠨ ᠪᠠᠶᠠᠵᠢᠯ ᠤᠨ ᠲᠠᠭᠠᠭᠤᠯᠤᠭᠴᠢ ᠶᠢ ᠶᠠᠳᠠᠭᠤ ᠶᠢ ᠲᠠᠳᠭᠦᠭᠦ ᠠᠵᠢᠯ ᠳᠤ | ᠤᠷᠤᠯᠴᠠᠭᠤᠯᠵᠤ ᠤᠨᠢᠨ ᠲᠡᠭᠡᠷ᠎ᠡ ᠨᠢ ᠶᠠᠳᠠᠭᠤ ᠶᠢ ᠲᠠᠳᠭᠦᠭᠦ ᠡᠯ᠎ᠠ ᠲᠥᠷᠤᠯ ᠤᠨ ᠲᠥᠷᠥ ᠶᠢᠨ ᠪᠤᠳᠤᠯᠭ᠎ᠠ ᠶᠢ | ᠪᠤᠳᠠᠳᠠᠢ ᠳᠤ ᠨᠠᠶᠢᠳᠠᠪᠤᠷᠢᠵᠢᠭᠤᠯᠤᠨ ᠥᠨᠠᠠᠭᠦ ᠶᠠᠳᠠᠭᠤ ᠠᠴᠠ ᠠᠩᠭᠢᠵᠢᠷᠠᠬᠤ ᠶᠢ ᠪᠠᠳᠤᠯᠠᠬᠤ ᠭᠡᠷᠡᠭᠳᠠᠢ ᠭᠡᠵᠡᠢ᠃ | | | | | ᠪᠠᠶᠢᠴᠠᠭᠠᠯᠳᠠ ᠶᠢᠨ ᠲᠤᠮᠳᠠ ᠡᠷᠳᠡᠨᠢᠪᠢᠯᠢᠭ ᠲᠤᠭ ᠪᠠᠯᠭᠠᠰᠤ᠂ ᠰᠢᠷᠬᠤᠰᠤᠨ ᠪᠠᠯᠭᠠᠰᠤᠨ ᠳᠤ ᠱᠥᠵᠢ ᠨᠠᠮ | ᠤᠨ ᠭᠢᠴᠢᠶᠠᠯ ᠤᠷᠤᠬᠤ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠮᠳᠤ ᠶᠢᠨ | ᠶᠠᠷᠢᠯᠴᠠᠭᠠᠨ ᠤ ᠬᠤᠷᠠᠯ ᠬᠤᠷᠠᠯᠳᠤᠭᠤᠯᠵᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ | ᠦᠷᠨᠢᠬᠦᠯᠵᠤ ᠪᠠᠶᠢᠭ᠎ᠠ ᠪᠠᠶᠢᠳᠠᠯ ᠤᠨ ᠲᠤᠬᠠᠢ ᠪᠠᠯᠭᠠᠰᠤᠨ ᠤ ᠨᠠᠮ ᠤᠨ ᠬᠤᠷᠢᠶᠠᠨ ᠤ ᠬᠠᠷᠢᠭᠤᠴᠠᠯᠭᠠᠳᠠᠨ ᠤ ᠬᠠᠷᠢᠭᠤ | ᠮᠡᠳᠡᠭᠦᠯᠥᠯᠳᠠ ᠶᠢ ᠰᠤᠨᠤᠰᠬᠤ ᠶᠢᠨ ᠬᠠᠮᠳᠤ ᠤᠳᠤᠬᠠᠨ ᠤ ᠠᠵᠢᠯ ᠪᠤᠯᠤᠨ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠤᠳᠠ ᠶᠢᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ | | | | | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠡᠯ᠎ᠠ ᠰᠤᠮᠤ ᠪᠠᠯᠭᠠᠰᠤ᠂ ᠬᠤᠯᠪᠤᠭᠳᠠᠯ ᠪᠥᠭᠦᠢ ᠰᠠᠯᠠᠭ᠎ᠠ | ᠮᠥᠴᠢᠷ ᠭᠠᠴᠠᠭ᠎ᠠ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠳᠤᠬᠠᠨ ᠤ ᠪᠠᠶᠢᠳᠠᠯ ᠢ ᠰᠠᠷᠭᠡᠭ ᠢᠶᠠᠷ | ᠲᠠᠨᠢᠵᠤ ᠲᠠᠨᠢᠯᠳᠠ ᠪᠠᠨ ᠲᠡᠭᠡᠭᠰᠢᠯᠡᠭᠦᠯᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠬᠠᠷᠢᠭᠤᠴᠠᠯᠭᠠᠳᠤ ᠰᠠᠳᠭᠢᠯᠭᠡ ᠪᠤᠯᠤᠨ ᠡᠭᠦᠷᠭᠡ ᠲᠤᠰᠢᠶᠠᠯᠳᠤ ᠰᠠᠳᠭᠢᠯᠭᠡ ᠪᠠᠨ ᠨᠡᠮᠡᠭᠳᠡᠬᠦᠯᠵᠤ ᠰᠢ ᠶᠢᠨ ᠫᠢᠩ | ᠶᠠᠷᠤᠩᠭᠡᠢ ᠱᠥᠵᠢ ᠶᠢᠨ ᠶᠠᠳᠠᠭᠤ ᠶᠢ ᠲᠠᠳᠭᠦᠭᠦ ᠠᠵᠢᠯ ᠤᠨ ᠴᠢᠬᠤᠯᠠ ᠥᠭᠦᠯᠠᠯᠳᠠ ᠪᠤᠯᠤᠨ ᠵᠢᠭᠠᠪᠤᠷᠢ ᠶᠢᠨ ᠵᠤᠷᠢᠭ | ᠰᠠᠨᠠᠭ᠎ᠠ ᠶᠢ ᠭᠥᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠶᠠᠳᠠᠭᠤ ᠠᠴᠠ ᠠᠩᠭᠢᠵᠷᠠᠭᠤᠯᠤᠨ ᠪᠤᠭᠤᠮᠳᠠ | ᠰᠢᠪᠳᠤᠯᠬᠤ ᠤᠨᠤᠪᠴᠢ ᠶᠢᠨ ᠭᠡᠮᠵᠢᠶ᠎ᠠ ᠪᠤᠳᠠᠳᠤ ᠥᠢᠯᠡᠳᠤᠯᠭᠡᠳᠤ ᠴᠢᠨᠠᠷ ᠢ ᠲᠡᠭᠡᠭᠰᠢᠯᠡᠭᠦᠯᠭᠦ ᠭᠡᠷᠡᠭᠳᠠᠢ ᠭᠡᠵᠡᠢ᠃ | | | | | ᠡᠷᠳᠡᠨᠢᠪᠢᠯᠢᠭ ᠱᠠᠭᠠᠷᠳᠠᠬᠤ ᠳᠤ ᠪᠠᠨ᠂ ᠲᠥᠪ ᠤᠨ ᠰᠢᠢᠳᠪᠦᠷᠢᠲᠤ ᠪᠠᠶᠢᠷᠢᠯᠠᠭᠤᠯᠤᠯᠳᠠ ᠶᠢ | ᠨᠠᠶᠢᠳᠠᠪᠤᠷᠢᠵᠢᠭᠤᠯᠤᠨ ᠭᠠᠴᠠᠭ᠎ᠠ ᠲᠤᠰᠬᠤᠨ ᠳᠤ ᠤᠴᠢᠨ ᠠᠶᠢᠯ ᠡᠷᠦᠬᠡ ᠳᠤ ᠤᠷᠤᠬᠤ ᠠᠵᠢᠯ ᠢ ᠦᠷᠬᠦᠯᠵᠢᠯᠡᠨ | ᠦᠷᠨᠢᠬᠦᠯᠵᠤ ᠭᠠᠴᠠᠭ᠎ᠠ ᠲᠤᠰᠬᠤᠨ ᠢ ᠪᠠᠲᠤᠳᠬᠠᠨ ᠴᠢᠨᠡᠭᠡᠯᠢᠭᠵᠢᠬᠦᠯᠬᠦ ᠡᠷᠦᠬᠡ᠂ ᠶᠠᠳᠠᠭᠤ ᠬᠦᠴᠢᠷᠳᠡᠯᠲᠠᠢ ᠡᠷᠦᠬᠡ᠂ | ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ ᠡᠷᠦᠬᠡ ᠶᠢᠨ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠤᠶᠢᠯᠠᠭᠠᠵᠤ ᠮᠡᠳᠡᠬᠦ ᠬᠡᠷᠡᠭᠲᠠᠢ᠃ ᠡᠯ᠎ᠠ ᠲᠥᠷᠥᠯ ᠤᠨ ᠲᠥᠷᠥ ᠶᠢᠨ ᠪᠤᠳᠤᠯᠭ᠎ᠠ ᠠᠷᠭ᠎ᠠ | ᠭᠡᠮᠵᠢᠶ᠎ᠠ ᠶᠢᠨ ᠨᠠᠶᠢᠳᠠᠪᠤᠷᠢᠵᠢᠭᠤᠯᠤᠯᠳᠠ᠂ ᠶᠠᠳᠠᠭᠤ ᠭᠥᠴᠢᠷᠳᠠᠯᠳᠠᠢ ᠡᠷᠤᠭᠡ ᠶᠢᠨ ᠦᠷᠭᠦᠯᠵᠢᠯᠡᠬᠦᠶᠢᠴᠡ ᠭᠥᠭᠵᠢᠯᠳᠠ | ᠶᠢᠨ ᠴᠢᠳᠠᠪᠤᠷᠢ ᠶᠢ ᠨᠡᠮᠡᠭᠳᠡᠭᠦᠯᠭᠦ᠂ ᠠᠵᠤ ᠠᠬᠤᠶᠢᠯᠠᠯ ᠤᠨ ᠲᠠᠳᠭᠦᠨ ᠲᠠᠮᠵᠢᠭᠦ ᠭᠥᠭᠵᠢᠯᠳᠠ ᠶᠢᠨ | ᠨᠠᠶᠢᠳᠠᠪᠤᠷᠢᠵᠢᠭᠤᠯᠤᠯᠳᠠ᠂ ᠤᠯᠠᠨ ᠲᠥᠮᠡᠨ ᠤ ᠤᠶᠤᠨ ᠰᠠᠨᠠᠭ᠎ᠠ ᠶᠢᠨ ᠤᠷᠮᠠᠰᠢᠭᠤᠯᠤᠯᠳᠠ᠂ ᠺᠠᠳ᠋ᠷ ᠤᠨ ᠬᠠᠮᠢᠶᠠᠷᠤᠯᠳᠠ | ᠂ ᠪᠡᠯᠡ ᠮᠥᠩᠭᠦᠨ ᠤ ᠬᠠᠮᠢᠶᠠᠷᠤᠯᠳᠠ᠂ ᠲᠠᠩᠰᠠ ᠡᠪᠬᠡᠮᠡᠯ ᠪᠠ ᠮᠠᠲ᠋ᠧᠷᠢᠶᠠᠯ ᠲᠢᠭᠯᠡᠭᠦ ᠵᠡᠷᠭᠡ ᠶᠢ ᠤᠷᠤᠨᠵᠢᠭᠤᠯᠬᠤ ᠶᠢ | ᠯᠠᠪᠳᠠᠭᠤᠨ ᠠᠭᠢᠭᠤᠯᠵᠤ ᠭᠠᠴᠠᠭ᠎ᠠ ᠲᠤᠰᠬᠤᠨ ᠤ ᠵᠤᠭᠢᠶᠠᠨ ᠪᠠᠶᠢᠭᠤᠯᠤᠯᠳᠠ ᠶᠢᠨ ᠥᠢᠯᠡᠳᠤᠯ ᠪᠤᠯᠤᠨ ᠨᠠᠮ ᠤᠨ | ᠭᠡᠰᠢᠭᠦᠨ ᠤ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢ ᠭᠥᠢᠴᠡᠳ ᠪᠠᠳᠠᠷᠠᠭᠤᠯᠤᠨ ᠮᠠᠯᠴᠢᠨ ᠲᠠᠷᠢᠶᠠᠴᠢᠳ ᠤᠨ | ᠤᠷᠤᠯᠭ᠎ᠠ ᠪᠠᠨ ᠨᠠᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠭᠥᠳᠤᠯᠤᠨ ᠲᠠᠭᠠᠭᠤᠯᠬᠤ ᠭᠡᠷᠡᠭᠳᠠᠢ᠃ ᠬᠢᠨᠠᠯᠲᠠ | ᠲᠠᠯᠪᠢᠬᠤ ᠵᠥᠪᠯᠠᠯ ᠤᠨ ᠭᠢᠨᠠᠯᠳᠠ ᠲᠠᠯᠪᠢᠬᠤ ᠥᠢᠯᠡᠳᠤᠯ ᠢ ᠪᠠᠳᠠᠷᠠᠭᠤᠯᠤᠨ ᠭᠤᠷᠪᠠᠨ ᠠᠵᠢᠯ ᠢ ᠢᠯᠠ ᠪᠤᠯᠭᠠᠬᠤ ᠵᠡᠷᠭᠡ | ᠲᠥᠷᠢᠮ ᠢ ᠰᠠᠶᠢᠲᠤᠷ ᠨᠠᠶᠢᠳᠠᠪᠤᠷᠢᠵᠢᠭᠤᠯᠬᠤ ᠭᠡᠷᠡᠭᠳᠠᠢ᠃ ᠡᠭᠦᠨ ᠤ ᠬᠠᠮᠲᠤ ᠥᠨᠳᠤᠰᠤᠨ ᠱᠠᠳᠤᠨ ᠤ ᠨᠠᠮ ᠤᠨ | ᠪᠠᠶᠢᠭᠤᠯᠤᠯᠳᠠ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ᠂ ᠤᠷᠴᠢᠨ ᠲᠤᠭᠤᠷᠢᠨ ᠢ ᠶᠠᠷᠤᠩᠭᠡᠶᠢᠯᠠᠨ | ᠵᠠᠰᠠᠬᠤ᠂ ᠬᠠᠮᠳᠤ ᠶᠢᠨ ᠠᠵᠤ ᠠᠬᠤᠢ᠂ ᠠᠵᠤ ᠥᠢᠯᠡᠰ ᠤᠨ ᠭᠥᠭᠵᠢᠯᠳᠠ᠂ ᠬᠠᠷ᠎ᠠ ᠪᠥᠯᠥᠭᠳᠠᠨ ᠬᠠᠷᠭᠢᠰ ᠭᠥᠴᠤᠨ ᠢ | ᠠᠷᠢᠯᠭᠠᠬᠤ ᠵᠡᠷᠭᠡ ᠶᠢᠨ ᠡᠯ᠎ᠠ ᠲᠥᠷᠥᠯ ᠤᠨ ᠠᠵᠢᠯ ᠢ ᠴᠢᠩᠭ᠎ᠠ ᠠᠳᠬᠤᠵᠤ ᠪᠥᠭᠦ ᠬᠤᠰᠢᠭᠤᠨ ᠤ ᠨᠡᠶᠢᠭᠡᠮ ᠤᠨ ᠶᠡᠭᠡ | ᠪᠠᠶᠢᠳᠠᠯ ᠤᠨ ᠡᠶ᠎ᠡ ᠵᠤᠭᠢᠴᠠᠯ ᠲᠤᠭᠳᠠᠭᠤᠨ ᠢ ᠬᠠᠮᠠᠭᠠᠯᠠᠨ᠂ ᠨᠤᠮᠢᠨ ᠲᠠᠩᠰᠤᠭ ᠥᠥᠰᠢᠨ ᠤ ᠴᠢᠨᠠᠷ ᠰᠠᠶᠢᠳᠠᠢ | ᠭᠥᠭᠵᠢᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠭᠦᠳᠭᠦ ᠭᠡᠷᠡᠭᠳᠠᠢ ᠭᠡᠵᠡᠢ᠃ | | | | | | ᠪᠠᠶᠢᠴᠠᠭᠠᠯᠳᠠ ᠶᠢᠨ ᠬᠤᠭᠤᠴᠠᠭᠠᠨ ᠳᠤ ᠡᠷᠳᠡᠨᠢᠪᠢᠯᠢᠭ ᠨᠠᠷ ᠤᠷᠢᠳ ᠬᠤᠵᠢᠳ ᠤᠯᠠᠭᠠᠨᠲᠤᠯᠤᠭᠠᠢ ᠪᠠᠯᠭᠠᠰᠤᠨ | ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠤᠭ ᠪᠠᠯᠭᠠᠰᠤᠨ ᠤ ᠤᠯᠠᠭᠠᠠᠰᠢᠪᠠᠷᠳᠠᠢ ᠲᠤᠰᠬᠤᠨ ᠤ | ᠡᠷᠡᠭᠦᠯ ᠬᠠᠮᠠᠭᠠᠯᠠᠯ ᠤᠨ ᠲᠠᠰᠤᠭ᠂ ᠹᠥ᠋ ᠷᠥᠢ ᠳ᠋ᠠ ᠮᠢᠬᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ ᠲᠥᠷᠥᠯ ᠵᠥᠢᠯ | ᠪᠤᠯᠤᠨ ᠰᠢᠷᠬᠤᠰᠤᠨ ᠪᠠᠯᠭᠠᠰᠤᠨ ᠤ ᠬᠤᠪᠢᠰᠬᠠᠯᠳᠤ ᠵᠤᠭᠠᠴᠠᠯ ᠤᠨ ᠭᠥᠭᠵᠢᠯᠳᠠ ᠶᠢᠨ ᠲᠥᠷᠤᠯ ᠵᠥᠢᠯ ᠤᠨ ᠤᠷᠤᠨ | ᠢᠶᠠᠷ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ | | | | | | |