10 ᠰᠠᠷ᠎ᠠ ᠶᠢᠨ 23 ᠤ ᠡᠳᠦᠷ ᠠᠴᠠ 24 ᠤ ᠡᠳᠦᠷ ᠪᠤᠯᠳᠠᠯ᠎ᠠ᠂ ᠥᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠤᠬᠠᠭᠤᠯᠬᠤ ᠭᠡᠯᠳᠡᠰ ᠤᠨ ᠲᠡᠳ᠋ ᠲᠠᠷᠤᠭ᠎ᠠ ᠤᠶᠤᠨ ᠤ ᠪᠤᠯᠪᠠᠰᠤᠨ ᠤ ᠠᠯᠪᠠᠨ ᠭᠡᠷ ᠤᠨ | ᠡᠷᠭᠢᠯᠡᠭᠴᠢ ᠴᠢᠶᠤᠤ ᠵᠢᠶᠠᠨ ᠳ᠋ᠥᠩ ᠮᠠᠨ ᠤ ᠬᠤᠰᠢᠭᠤᠨ ᠳᠤ ᠢᠷᠠᠵᠤ ᠪᠥᠭᠦ ᠤᠯᠤᠰ ᠤᠨ ᠰᠢᠶᠠᠨ ᠤ ᠲᠠᠰ ᠤᠨ | ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠪᠤᠯᠤᠨ ᠭᠥᠳᠡᠭᠡ ᠲᠤᠰᠬᠤᠨ ᠤ ᠪᠤᠯᠪᠠᠰᠤᠨ ᠰᠤᠷᠳᠠᠯ ᠤᠨ | ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠳᠠ ᠶᠢᠨ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠰᠤ᠋ ᠼᠥᠢ ᠹᠠᠩ᠂ ᠬᠤᠳᠠ ᠶᠢᠨ ᠨᠠᠮ ᠤᠨ | ᠬᠤᠷᠢᠶᠠᠨ ᠤ ᠤᠬᠠᠭᠤᠯᠬᠤ ᠭᠡᠯᠳᠡᠰ ᠤᠨ ᠲᠡᠳ᠋ ᠪᠠᠶᠢᠴᠠᠭᠠᠨ ᠰᠤᠳᠤᠯᠤᠭᠴᠢ ᠪᠠᠢ ᠢᠤᠢ ᠮᠢᠩ᠂ ᠬᠤᠰᠢᠭᠤ ᠨᠠᠮ ᠤᠨ | ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ | ᠵᠤᠤ ᠶᠥᠩ ᠹᠧᠩ ᠵᠢᠴᠢ ᠤᠶᠤᠨ ᠤ ᠪᠤᠯᠪᠠᠰᠤᠨ ᠤ ᠠᠯᠪᠠᠨ ᠭᠡᠷ᠂ ᠰᠤᠮᠤ ᠪᠠᠯᠭᠠᠰᠤᠨ ᠤ ᠬᠠᠷᠢᠭᠤᠴᠠᠯᠭᠠᠳᠠᠨ | ᠪᠠᠷᠠᠳᠠᠨ ᠪᠠᠶᠢᠴᠠᠭᠠᠪᠠ᠃ | | | | | | | ᠴᠢᠶᠤᠤ ᠵᠢᠶᠠᠨ ᠳ᠋ᠥᠩ ᠨᠠᠷ ᠤᠷᠢᠳ ᠬᠤᠵᠢᠳ ᠪᠤᠷᠤᠳᠤᠬᠤᠢ ᠶᠢᠨ ᠭᠥᠮᠤᠨ ᠤ ᠬᠠᠭᠤᠴᠢ ᠪᠠᠭᠤᠷᠢ᠂ | ᠥᠥᠰᠢᠨ ᠬᠤᠰᠢᠭᠤᠨ ᠤ ᠢᠤᠢ ᠵᠧᠨ ᠠᠮᠢ ᠠᠬᠤᠢ ᠶᠢᠨ ᠭᠥᠷᠢᠶᠠᠯᠠᠩ᠂ ᠰᠢᠷᠬᠤᠰᠤ ᠶᠢᠨ ︽ᠨᠢᠭᠡ ᠭᠤᠤᠯ ᠭᠤᠷᠪᠠᠨ | ᠴᠡᠴᠡᠷᠯᠢᠭ︾ ᠤᠨ ᠥᠵᠡᠰᠭᠦᠯᠠᠩ ᠤᠨ ᠤᠷᠳᠤᠨ᠂ ᠬᠤᠰᠢᠭᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠥᠪ᠂ | ᠬᠤᠷᠠᠬᠤ ᠨᠠᠶᠢᠭᠡᠮ ᠲᠤᠭᠤᠷᠢᠭ᠂ ᠭᠤᠷᠪᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ᠂ ᠮᠤᠩᠭᠤᠯ ᠡᠮᠨᠡᠯᠭᠡ ᠶᠢᠨ | ᠶᠠᠷᠤᠩᠭᠡᠶᠢᠯᠡᠭᠰᠠᠨ ᠡᠮᠨᠡᠯᠭᠡ ᠶᠢᠨ ᠬᠤᠷᠢᠶ᠎ᠠ᠂ ᠲᠡᠷᠭᠡᠨ ᠥᠷᠳᠡᠭᠡ᠂ ᠰᠤᠶᠤᠯ ᠤᠨ ᠪᠥᠳᠥᠭᠡᠯᠳᠠ ᠠᠵᠤ ᠥᠢᠯᠠᠰ ᠤᠨ | ᠭᠥᠷᠢᠶᠠᠯᠠᠩ᠂ ᠲᠤᠭᠤᠷᠢᠮ ᠭᠠᠴᠠᠭ᠎ᠠ᠂ ᠨᠤᠮ ᠤᠨ ᠤᠪᠤᠭ᠎ᠠ ᠵᠡᠷᠭᠡ ᠭᠠᠵᠠᠷ ᠢᠶᠠᠷ ᠭᠥᠷᠴᠤ ᠪᠤᠯᠪᠠᠰᠤᠨ ᠬᠤᠳᠠ ᠶᠢᠨ | ᠡᠭᠦᠳᠤᠨ ᠪᠠᠶᠢᠭᠤᠯᠤᠯᠲᠠ᠂ ᠭᠥᠳᠡᠭᠡ ᠨᠣᠳᠤᠭ ᠤᠨ ᠪᠤᠯᠪᠠᠰᠤᠨ ᠰᠤᠷᠳᠠᠯ ᠤᠨ ᠪᠠᠶᠢᠭᠤᠯᠤᠯᠳᠠ᠂ ᠰᠠᠶᠢᠨ ᠲᠤᠷ᠎ᠠ ᠶᠢᠨ | ᠥᠢᠯᠡᠴᠢᠯᠡᠭᠡ᠂ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠳᠠ ᠪᠤᠯᠤᠨ ᠠᠵᠢᠯᠯᠠᠭ᠎ᠠ ᠶᠢ ᠥᠷᠨᠢᠬᠦᠯᠵᠦ ᠪᠠᠶᠢᠭ᠎ᠠ | ᠪᠠᠶᠢᠳᠠᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠭᠥᠷᠥᠭᠰᠠᠨ ᠭᠠᠵᠠᠷ ᠪᠤᠯᠭᠠᠨ | ᠳᠤ ᠴᠢᠶᠤᠤ ᠵᠢᠶᠠᠨ ᠳ᠋ᠥᠩ ᠪᠠᠶᠢᠳᠠᠯ ᠢ ᠭᠢᠨᠠᠮᠭᠠᠢ ᠠᠰᠠᠭᠤᠨ ᠨᠠᠷᠢᠨ ᠣᠶᠢᠯᠠᠭᠠᠪᠠ᠃ | ᠰᠤᠷᠭᠠᠭᠤᠯᠢ ᠳᠤ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠪᠤᠯᠪᠠᠰᠤᠨ ᠰᠤᠷᠭᠠᠭᠤᠯᠢ ᠶᠢᠨ | ᠡᠭᠦᠳᠤᠨ ᠪᠠᠶᠢᠭᠤᠯᠤᠯᠳᠠ᠂ ᠭᠥᠳᠡᠭᠡ ᠲᠤᠰᠬᠤᠨ ᠤ ᠰᠤᠷᠭᠠᠭᠤᠯᠢ ᠶᠢᠨ ᠪᠠᠭᠠᠴᠤᠳ ᠤᠨ ᠤᠷᠳᠤᠨ ᠤ ᠠᠵᠢᠯᠯᠠᠭ᠎ᠠ ᠶᠢ | ᠥᠷᠨᠢᠬᠦᠯᠵᠦ ᠪᠠᠶᠢᠭ᠎ᠠ ᠪᠠᠶᠢᠳᠠᠯ ᠪᠤᠯᠤᠨ ᠰᠤᠷᠭᠠᠭᠤᠯᠢ ᠡᠷᠭᠢᠯᠠᠭᠦ ᠤᠨᠴᠠᠯᠢᠭ᠂ ᠨᠠᠶᠢᠭᠡᠮ ᠵᠢᠷᠤᠮ ᠤᠨ ᠭᠤᠤᠯᠯᠠᠭᠴᠢ | ᠥᠷᠳᠡᠭ ᠤᠨ ᠥᠵᠠᠯᠳᠠ ᠵᠡᠷᠭᠡ ᠲᠠᠯ᠎ᠠ ᠪᠠᠷ ᠪᠠᠶᠢᠴᠠᠭᠠᠨ ᠦᠵᠡᠪᠡ᠃ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ | ᠲᠢᠩᠭᠢᠮ ᠳᠤ ᠴᠢᠶᠤᠤ ᠵᠢᠶᠠᠨ ᠳ᠋ᠥᠩ ᠠᠵᠢᠯᠳᠠᠳ ᠠᠴᠠ ᠥᠢᠯᠡᠴᠢᠯᠡᠭᠡᠨ ᠤ ᠠᠭᠤᠯᠭ᠎ᠠ᠂ ᠠᠵᠢᠯ ᠤᠨ ᠶᠠᠪᠤᠴᠠ | ᠵᠡᠷᠭᠡ ᠶᠢ ᠯᠠᠪᠯᠠᠨ ᠠᠰᠠᠭᠤᠵᠤ ᠠᠵᠢᠯ ᠡᠷᠭᠢᠯᠠᠭᠦ ᠪᠠᠷ ᠢᠷᠡᠭᠰᠠᠳ ᠲᠠᠢ ᠶᠠᠷᠢᠯᠴᠠᠨ᠂ ᠠᠵᠢᠯ ᠡᠷᠭᠢᠯᠠᠵᠤ ᠪᠠᠶᠢᠭ᠎ᠠ | ᠪᠠᠶᠢᠳᠠᠯ ᠢ ᠣᠶᠢᠯᠠᠭᠠᠭᠰᠠᠨ ᠪᠠᠶᠢᠨ᠎ᠠ᠃ ᠲᠠᠷᠠ ᠵᠢᠭᠠᠵᠤ ᠭᠠᠷᠭᠠᠬᠤ ᠳᠤ ᠪᠠᠨ᠂ ᠵᠠᠰᠠᠭ ᠤᠨ ᠶᠠᠪᠤᠳᠠᠯ ᠤᠨ | ᠥᠢᠯᠡᠴᠢᠯᠡᠭᠡᠨ ᠤ ᠲᠢᠩᠬᠢᠮ ᠪᠤᠯ ᠠᠷᠠᠳ ᠲᠥᠮᠡᠨ ᠳᠤ ᠥᠢᠯᠡᠴᠢᠯᠠᠭᠦ ᠠᠵᠢᠯ ᠤᠨ ᠪᠠᠶᠢᠷᠢ ᠮᠥᠨᠴᠤ ᠺᠠᠳ᠋ᠷᠴᠤᠳ ᠢ | ᠪᠤᠯᠪᠠᠰᠤᠷᠠᠭᠤᠯᠬᠤ ᠠᠵᠢᠯ ᠤᠨ ᠪᠠᠶᠢᠷᠢ ᠪᠤᠯᠤᠨ᠎ᠠ᠃ ᠤᠯᠠᠨ ᠲᠥᠮᠡᠨ ᠤ ᠬᠠᠨᠤᠮᠵᠢ ᠨᠢ ᠪᠢᠳᠠᠨ ᠤ ᠠᠵᠢᠯ ᠤᠨ | ᠴᠢᠳᠠᠪᠤᠷᠢ᠂ ᠠᠵᠢᠯ ᠤᠨ ᠭᠢᠷᠢ ᠭᠡᠮᠵᠢᠶ᠎ᠠ᠂ ᠠᠵᠢᠯ ᠤᠨ ᠤᠪᠤᠷ᠂ ᠠᠵᠢᠯ ᠤᠨ ᠥᠷ᠎ᠠ ᠪᠥᠳᠥᠮᠵᠢ ᠶᠢ ᠰᠢᠯᠭᠠᠬᠤ | ᠭᠡᠮᠵᠢᠭᠦᠷ ᠪᠠᠶᠢᠵᠦ ᠵᠠᠪᠠᠯ ᠥᠨᠳᠤᠷ ᠪᠥᠳᠥᠮᠵᠢ ᠲᠠᠢ ᠪᠠᠷ ᠠᠷᠠᠳ ᠲᠤ ᠲᠥᠭᠦᠮ ᠥᠵᠠᠭᠦᠯᠭᠦ ᠥᠢᠯᠡᠴᠢᠯᠡᠭᠡᠨ ᠤ | ᠴᠤᠩᠬᠤᠪᠴᠢ ᠶᠢ ᠪᠠᠶᠢᠭᠤᠯᠤᠨ ᠥᠷᠭᠡᠨ ᠤᠯᠠᠨ ᠲᠥᠮᠡᠨ ᠳᠤ ᠨᠠᠩ ᠰᠠᠶᠢᠨ ᠢᠶᠠᠷ ᠥᠢᠯᠡᠴᠢᠯᠠᠭᠦ ᠭᠡᠷᠡᠭᠳᠠᠢ ᠭᠡᠵᠡᠢ᠃ | ᠨᠠᠶᠢᠭᠡᠮ ᠲᠤᠭᠤᠷᠢᠭ ᠲᠤ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠨᠠᠶᠢᠭᠡᠮ ᠲᠤᠭᠤᠷᠢᠭ ᠤᠨ | ᠥᠨᠳᠤᠰᠤᠨ ᠪᠠᠶᠢᠳᠠᠯ᠂ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠲᠤᠮᠳᠠ ᠤᠷᠤᠰᠢᠵᠤ | ᠪᠠᠶᠢᠭ᠎ᠠ ᠠᠰᠠᠭᠤᠳᠠᠯ ᠵᠠᠷᠭᠡ ᠶᠢ ᠨᠠᠷᠢᠨ ᠣᠶᠢᠯᠠᠭᠠᠬᠤ ᠶᠢᠨ ᠬᠠᠮᠳᠤ ᠨᠠᠶᠢᠭᠡᠮ ᠲᠤᠭᠤᠷᠢᠭ ᠤᠨ ᠰᠠᠭᠤᠭᠠᠯᠢ ᠠᠷᠠᠳ ᠲᠠᠢ | ᠶᠠᠷᠢᠯᠴᠠᠨ ᠲᠠᠳᠠᠨ ᠤ ᠠᠮᠢᠳᠤᠷᠠᠯ ᠤᠨ ᠪᠠᠶᠢᠳᠠᠯ ᠪᠠ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ | ᠤᠨ ᠲᠤᠬᠠᠢ ᠪᠤᠳᠤᠯ ᠲᠥᠷᠥᠭᠳᠠᠯ ᠢ ᠣᠶᠢᠯᠠᠭᠠᠭᠰᠠᠨ ᠪᠠᠶᠢᠨ᠎ᠠ᠃ ᠴᠢᠶᠤᠤ ᠵᠢᠶᠠᠨ ᠳ᠋ᠥᠩ ᠵᠢᠭᠠᠵᠤ ᠭᠠᠷᠭᠠᠬᠤ ᠳᠤ ᠪᠠᠨ | ᠂ ᠨᠠᠶᠢᠭᠡᠮ ᠲᠤᠭᠤᠷᠢᠭ ᠨᠢ ᠤᠯᠠᠨ ᠲᠥᠮᠡᠨ ᠳᠤ ᠥᠢᠯᠡᠴᠢᠯᠠᠭᠦ᠂ ᠤᠯᠠᠨ ᠲᠥᠮᠡᠨ ᠢ ᠵᠢᠯᠤᠭᠤᠳᠬᠤ᠂ ᠤᠯᠠᠨ ᠲᠥᠮᠡᠨ | ᠢ ᠰᠤᠷᠭᠠᠨ ᠭᠥᠮᠤᠵᠢᠭᠦᠯᠭᠦ ᠲᠠᠪᠴᠠᠩ ᠤᠨ ᠥᠢᠯᠡᠳᠤᠯ ᠢᠶᠠᠨ ᠪᠠᠳᠠᠷᠠᠭᠤᠯᠵᠤ ᠪᠤᠯᠪᠠᠰᠤᠨ ᠬᠤᠳᠠ ᠶᠢᠨ ᠡᠭᠦᠳᠤᠨ | ᠪᠠᠶᠢᠭᠤᠯᠤᠯᠳᠠ ᠶᠢᠨ ᠠᠵᠢᠯ ᠢ ᠴᠢᠩᠭ᠎ᠠ ᠠᠳᠬᠤᠨ ᠡᠭᠦᠳᠤᠨ ᠪᠠᠶᠢᠭᠤᠯᠤᠯᠳᠠ ᠶᠢᠨ ᠠᠵᠢᠯ ᠤᠨ ᠥᠷ᠎ᠠ ᠪᠥᠳᠥᠭᠡᠯ ᠢ | ᠤᠯᠠᠨ ᠲᠥᠮᠡᠨ ᠳᠤ ᠡᠳ᠋ᠯᠠᠭᠦᠯᠭᠦ ᠭᠡᠷᠡᠭᠳᠠᠢ ᠭᠡᠪᠡ᠃ ᠲᠤᠭᠤᠷᠢᠮ ᠭᠠᠴᠠᠭᠠᠨ ᠳᠤ᠂ ᠭᠥᠳᠡᠭᠡ ᠨᠣᠳᠤᠭ ᠤᠨ ᠪᠣᠯᠠᠪᠠᠰᠣᠨ | ᠰᠤᠷᠳᠠᠯ ᠤᠨ ᠪᠠᠶᠢᠭᠤᠯᠤᠯᠳᠠ ᠶᠢᠨ ᠠᠵᠢᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ ᠥᠨᠳᠤᠷ ᠥᠨᠠᠯᠠᠯᠳᠠ | ᠥᠭᠪᠠ᠃ | | | | | | | ᠲᠤᠬᠠᠢ ᠶᠢᠨ ᠭᠠᠵᠠᠷ ᠲᠤᠨᠢ ᠪᠠᠶᠢᠴᠠᠭᠠᠨ ᠥᠵᠠᠭᠦ ᠪᠠ ᠬᠠᠷᠢᠭᠤ ᠮᠡᠳᠡᠭᠦᠯᠥᠯᠳᠠ ᠶᠢ ᠰᠤᠨᠤᠰᠬᠤ ᠪᠠᠷ ᠲᠠᠮᠵᠢᠨ | ᠂ ᠴᠢᠶᠤᠤ ᠵᠢᠶᠠᠨ ᠳ᠋ᠦᠩ ᠮᠠᠨ ᠤ ᠬᠤᠰᠢᠭᠤᠨ ᠤ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢᠨ | ᠡᠭᠦᠳᠤᠨ ᠪᠠᠶᠢᠭᠤᠯᠤᠯᠳᠠ ᠪᠠ ᠭᠥᠳᠡᠭᠡ ᠲᠤᠰᠬᠤᠨ ᠤ ᠪᠤᠯᠪᠠᠰᠤᠨ ᠰᠤᠷᠳᠠᠯ ᠤᠨ ᠪᠠᠶᠢᠭᠤᠯᠤᠯᠳᠠ ᠶᠢᠨ ᠠᠵᠢᠯ ᠳᠤ ᠬᠢ | ᠤᠯᠤᠭᠰᠠᠨ ᠠᠮᠵᠢᠯᠳᠠ ᠪᠥᠳᠥᠮᠵᠢ ᠳᠤ ᠨᠤᠳᠠᠯᠠᠯᠳᠠ ᠥᠭᠴᠤ ᠴᠢᠬᠤᠯᠠᠴᠢᠯᠠᠬᠤ ᠳᠤ ᠪᠠᠨ᠂ ᠨᠠᠶᠢᠭᠡᠮ ᠵᠢᠷᠤᠮ ᠤᠨ | ᠭᠤᠤᠯᠯᠠᠭᠴᠢ ᠥᠷᠳᠡᠭ ᠤᠨ ᠥᠵᠠᠯᠳᠠ ᠶᠢᠨ ᠤᠬᠠᠭᠤᠯᠭ᠎ᠠ ᠶᠢᠨ ᠭᠥᠴᠥᠯᠠᠴᠠ ᠪᠠᠨ ᠨᠡᠮᠡᠭᠳᠡᠭᠦᠯᠤᠨ ᠥᠵᠠᠯ ᠤᠬᠠᠮᠰᠠᠷ | ᠤᠨ ᠭᠡᠯᠪᠠᠷᠢ ᠶᠢᠨ ᠠᠵᠢᠯ ᠢ ᠴᠢᠩᠭ᠎ᠠ ᠠᠳᠬᠤᠵᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ ᠠᠵᠢᠯ ᠤᠨ | ᠭᠥᠴᠥᠯᠠᠴᠠ ᠪᠠᠨ ᠨᠡᠮᠡᠭᠳᠡᠭᠦᠯᠵᠦ ᠤᠯᠠᠨ ᠲᠥᠮᠡᠨ ᠢ ᠲᠠᠶᠢᠴᠢᠯᠠᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ | ᠠᠵᠢᠯᠯᠠᠭᠠᠨ ᠳᠤ ᠤᠷᠤᠯᠴᠠᠭᠤᠯᠵᠤ ᠠᠷᠠᠳ ᠢ ᠬᠠᠷᠠᠭᠠᠯᠵᠠᠨ ᠠᠷᠠᠳ ᠲᠤ ᠠᠰᠢᠭᠳᠠᠢ ᠨᠥᠭᠦᠴᠠᠯ ᠬᠠᠩᠭᠠᠬᠤ ᠭᠡᠷᠡᠭᠳᠠᠢ | ᠭᠡᠵᠡᠢ᠃ | ᠪᠠᠶᠢᠴᠠᠭᠠᠨ ᠰᠤᠳᠤᠯᠤᠯᠳᠠ ᠲᠤᠮᠳᠠ ᠰᠤ᠋ ᠼᠥᠢ ᠹᠠᠩ ᠮᠠᠨ ᠤ ᠬᠤᠰᠢᠭᠤᠨ ᠤ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ᠠᠵᠢᠯ ᠳᠤ ᠨᠡᠩ ᠥᠨᠳᠤᠷ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠠᠷᠠ ᠵᠢᠭᠠᠵᠦ ᠭᠠᠷᠭᠠᠬᠤ | ᠳᠤ ᠪᠠᠨ᠂ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠡᠨᠠᠭᠦ | ᠠᠵᠠ ᠲᠤᠭᠢᠶᠠᠯ ᠢ ᠠᠳᠬᠤᠨ ᠬᠤᠳᠠ ᠶᠢᠨ ᠪᠥᠳᠥᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠭᠢᠷᠢ ᠲᠥᠪᠰᠢᠨ ᠢ | ᠪᠥᠭᠦ ᠲᠠᠯ᠎ᠠ ᠪᠠᠷ ᠲᠡᠭᠡᠭᠰᠢᠯᠡᠭᠦᠯᠵᠤ ᠭᠥᠨ ᠵᠤᠵᠠᠭᠠᠨ ᠰᠤᠶᠤᠯ ᠲᠠᠢ᠂ ᠡᠶ᠎ᠡ ᠵᠤᠭᠢᠴᠠᠯ ᠲᠠᠢ᠂ ᠤᠷᠤᠰᠢᠨ ᠰᠠᠭᠤᠬᠤ ᠳᠤ | ᠲᠤᠭᠢᠷᠠᠮᠵᠢᠳᠠᠢ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠭᠡᠷᠡᠭᠳᠠᠢ᠃ ᠭᠥᠳᠡᠭᠡ ᠲᠤᠰᠬᠤᠨ ᠢ ᠭᠥᠭᠵᠢᠭᠦᠯᠤᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ ᠬᠠᠷᠠᠯᠳᠠ ᠶᠢᠨ ᠲᠤᠭᠤᠷᠢᠨ ᠳᠤ ᠭᠥᠳᠡᠭᠡ ᠨᠣᠳᠤᠭ ᠤᠨ | ᠪᠤᠯᠪᠠᠰᠤᠨ ᠰᠤᠷᠳᠠᠯ ᠢ ᠲᠡᠭᠡᠭᠰᠢᠯᠠᠭᠦᠯᠭᠦ ᠠᠵᠢᠯᠯᠠᠭᠠᠨ ᠢ ᠭᠥᠨᠵᠡᠭᠡᠢ ᠥᠷᠨᠢᠭᠦᠯᠵᠤ ᠰᠢᠨ᠎ᠠ ᠴᠠᠭ ᠥᠶ᠎ᠠ ᠶᠢᠨ ᠰᠢᠯᠢᠳᠡᠭ | ᠮᠠᠯᠴᠢᠨ ᠲᠠᠷᠢᠶᠠᠴᠢᠨ ᠢ ᠭᠥᠮᠤᠵᠢᠭᠦᠯᠤᠨ ᠨᠠᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠠᠯᠳᠠ ᠶᠢᠨ | ᠪᠠᠶᠢᠭᠤᠯᠤᠯᠳᠠ ᠶᠢ ᠠᠭᠢᠭᠤᠯᠵᠦ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ | ᠪᠠᠶᠢᠭᠤᠯᠤᠯᠳᠠ ᠶᠢᠨ ᠠᠵᠢᠯ ᠢ ᠪᠥᠭᠦ ᠲᠠᠯ᠎ᠠ ᠪᠠᠷ ᠰᠠᠶᠢᠨ ᠭᠢᠵᠤ 2020 ᠤᠨ ᠳᠤ ᠨᠡᠩ ᠥᠨᠳᠤᠷ ᠭᠢᠷᠢ ᠪᠥᠳᠥᠮᠵᠢ | ᠪᠠᠷ ᠪᠥᠭᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠩᠨᠠᠭᠡᠨ ᠳᠤ ᠤᠷᠤᠬᠤ ᠪᠠᠷ ᠴᠢᠷᠮᠠᠶᠢᠬᠤ | ᠭᠡᠷᠡᠭᠳᠠᠢ ᠭᠡᠵᠡᠢ᠃ | ᠪᠠᠶᠢᠴᠠᠭᠠᠨ ᠰᠤᠳᠤᠯᠤᠯᠳᠠ ᠶᠢᠨ ᠡᠴᠤᠰ ᠲᠤ ᠹᠧᠩ ᡁᠢ ᠮᠢᠩ ᠢᠯᠠᠷᠭᠡᠶᠢᠯᠠᠭᠦ ᠳᠤ ᠪᠠᠨ᠂ ᠥᠥᠰᠢᠨ | ᠬᠤᠰᠢᠭᠤ ᠲᠤᠰ ᠤᠳᠠᠭᠠᠨ ᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠪᠠᠷ ᠠᠵᠠ ᠲᠤᠭᠢᠶᠠᠯ ᠪᠤᠯᠭᠠᠨ | ᠨᠠᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠠᠯᠳᠠ ᠶᠢ ᠥᠢᠯᠡᠳᠤᠯᠭᠡᠵᠢᠭᠦᠯᠭᠦ ᠪᠠᠷ ᠲᠠᠭᠠᠭᠤᠯᠤᠭᠴᠢ | ᠪᠤᠯᠭᠠᠵᠤ ᠬᠤᠳᠠ ᠶᠢᠨ ᠲᠥᠷᠢ ᠲᠥᠷᠭᠦ ᠶᠢ ᠲᠠᠭᠡᠭᠰᠢᠯᠡᠭᠦᠯᠥᠨ ᠬᠤᠳᠠ ᠶᠢᠨ ᠠᠷᠠᠳ ᠤᠨ ᠭᠡᠪ ᠴᠢᠨᠠᠷ ᠢ | ᠲᠡᠭᠡᠭᠰᠢᠯᠡᠭᠦᠯᠵᠦ ᠤᠯᠠᠨ ᠲᠥᠮᠡᠨ ᠳᠤ ᠨᠠᠩ ᠠᠷᠪᠢᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠥᠷ᠎ᠠ | ᠪᠥᠳᠥᠭᠡᠯ ᠢ ᠡᠳ᠋ᠯᠠᠭᠦᠯᠥᠨ ᠪᠥᠭᠦ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠢ | ᠠᠭᠢᠭᠤᠯᠵᠦ ᠲᠠᠭᠢᠨ ᠰᠢᠨ᠎ᠠ ᠨᠢᠭᠡᠨ ᠲᠡᠭᠲᠡᠷ ᠲᠤ ᠭᠠᠷᠭᠠᠨ᠎ᠠ ᠭᠡᠵᠡᠢ᠃ |