10 ᠰᠠᠷ᠎ᠠ ᠶᠢᠨ 24 ᠤ ᠡᠳᠦᠷ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠲᠠᠷᠢᠭᠦᠨ ᠤ ᠦᠢᠯᠡ ᠠᠵᠢᠯᠯᠠᠭ᠎ᠠ ᠶᠢᠨ ᠲᠤᠭᠤᠷᠢᠨ ᠮᠡᠳᠡᠭᠦᠯᠦᠯᠳᠡ ᠶᠢᠨ ᠬᠤᠷᠠᠯ ᠬᠦᠬᠡᠬᠤᠳᠠ ᠳᠤ | ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠮᠡᠳᠡᠭᠦᠯᠦᠯᠳᠡ ᠶᠢᠨ ᠬᠤᠷᠠᠯ ᠢ | ᠡᠷᠬᠢᠯᠡᠨ ᠶᠠᠷᠢᠶ᠎ᠠ ᠲᠠᠯᠪᠢᠵᠤ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠳᠡ ᠶᠢᠨ ᠪᠦᠯᠬᠦᠮ ᠤᠨ ᠲᠦᠷᠪᠡᠳᠦᠭᠡᠷ ᠲᠤᠭᠤᠢᠢᠯᠠᠩ ᠤᠨ ᠲᠠᠷᠤᠭ᠎ᠠ | ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠭᠦ ᠵᠦᠪᠯᠡᠯ ᠤᠨ ᠠᠵᠤ ᠠᠬᠤᠢ ᠶᠢᠨ ᠬᠦᠭᠵᠢᠯᠳᠡ ᠶᠢᠨ ᠵᠤᠷᠭᠠᠨ ᠤ | ᠲᠤᠭᠤᠷᠢᠨ ᠪᠠᠶᠢᠴᠠᠭᠠᠬᠴᠢ ᠫᠧᠩ ᠽᠧ ᠴᠠᠩ ᠮᠡᠳᠡᠭᠦᠯᠦᠯᠳᠡ ᠶᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ | | | | | | | ᠮᠡᠳᠡᠭᠦᠯᠦᠯᠳᠡ ᠶᠢᠨ ᠬᠤᠷᠠᠯ ᠲᠡᠭᠡᠷ᠎ᠠ᠂ ᠲᠡᠷᠢᠭᠦᠨ ᠤ ᠨᠡᠶᠢᠳᠡᠯᠢᠭ ᠵᠢᠱᠢᠶ᠎ᠠ ᠶᠢᠨ 6 ᠲᠦᠯᠦᠭᠡᠯᠡᠭᠴᠢ | ᠲᠠᠶᠢᠰᠠᠨ ᠳᠤ ᠭᠠᠷᠴᠤ ᠶᠠᠷᠢᠶ᠎ᠠ ᠢᠯᠡᠳᠭᠡᠯ ᠬᠢᠪᠠ᠃ ᠬᠦᠢᠵᠸᠤ ᠮᠤᠵᠢ ᠶᠢᠨ ᠯᠦᠸᠧᠳᠢᠶᠠᠨ ᠰᠢᠶᠠᠨ ᠤ ᠮᠦᠸᠧᠶᠠᠩ | ᠪᠠᠯᠭᠠᠰᠦ ᠶᠢᠨ ᠮᠠᠬᠤᠸᠠᠢ ᠲᠤᠰᠬᠤᠨ ᠤ ᠨᠠᠮ ᠤᠨ ᠡᠭᠦᠷ ᠤᠨ ᠱᠦᠵᠢ ᠳ᠋ᠧᠩ ᠶᠢᠩ ᠰᠢᠶᠠᠩ ᠨᠤᠳᠤᠭ ᠤᠨ ᠤᠯᠠᠨ ᠢᠶᠠᠨ | ᠲᠠᠭᠠᠭᠤᠯᠤᠨ ᠦᠷᠯᠦᠭᠡ ᠦᠳᠡᠰᠢ ᠶᠢ ᠲᠡᠮᠡᠴᠡᠨ ᠨᠦᠬᠡᠨ ᠵᠠᠮ ᠮᠠᠯᠳᠠᠵᠤ᠂ ᠠᠵᠤ ᠦᠢᠯᠡᠰ ᠢ ᠬᠦᠭᠵᠢᠭᠦᠯᠵᠤ᠂ ᠮᠠᠱᠠᠨ | ᠠᠭᠤᠯᠠᠨ ᠤ ᠬᠦᠨ ᠬᠡᠰᠡᠭ ᠲᠠᠬᠢ ᠵᠢᠵᠢᠭ ᠲᠤᠰᠬᠤᠨ ᠢ ᠠᠯᠬᠤᠮ ᠠᠯᠬᠤᠮ ᠢᠶᠠᠷ ︽ᠴᠢᠨᠡᠭᠡᠯᠢᠭᠵᠢᠯ ᠤᠨ ᠵᠠᠮ︾ ᠳᠤ | ᠤᠷᠤᠭᠤᠯᠤᠬᠰᠠᠨ ᠦᠢᠯᠡ ᠠᠵᠢᠯᠯᠠᠭ᠎ᠠ ᠪᠠᠨ ᠶᠠᠷᠢᠵᠠᠢ︔ ᠭᠤᠸᠠᠩᠰᠢ ᠶᠢᠨ ᠵᠤᠸᠠᠩ ᠦᠨᠳᠦᠰᠦᠳᠡᠨ ᠤ ᠦᠪᠡᠷᠳᠡᠭᠡᠨ | ᠵᠠᠰᠠᠬᠤ ᠤᠷᠤᠨ ᠤ ᠪᠠᠢ ᠰᠧ ᠬᠤᠳᠠ ᠶᠢᠨ ᠲᠢᠶᠠᠨᠶᠠᠩ ᠰᠢᠶᠠᠨ ᠤ ᠨᠠᠫᠦ᠋ᠸᠧ ᠪᠠᠯᠭᠠᠰᠦ ᠶᠢᠨ ᠱᠠᠩᠰᠢᠩ ᠲᠤᠰᠬᠤᠨ ᠤ | ᠠᠷᠠᠳ ᠮᠦᠸᠧ ᠸᠧᠨ ᠵᠸᠠ ᠰᠢᠷᠭᠠᠭᠤ ᠴᠢᠷᠮᠠᠶᠢᠯᠭ᠎ᠠ ᠪᠠᠷ ᠢᠶᠠᠨ ᠲᠤᠬᠠᠢ ᠶᠢᠨ ᠭᠠᠵᠠᠷ ᠤᠨ ᠠᠪᠠᠷᠠᠢ ᠶᠢᠨ ᠠᠵᠤ | ᠦᠢᠯᠡᠰ ᠢ ᠬᠦᠭᠵᠢᠭᠦᠯᠦᠨ ᠪᠤᠵᠠᠭᠠᠢᠢᠷᠠᠭᠤᠯᠵᠤ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠭᠦᠬᠦ ᠲᠠᠯ᠎ᠠ ᠪᠠᠷ᠂ | ᠨᠡᠭᠦᠵᠤ ᠲᠡᠶᠢᠯᠬᠦ᠂ ᠲᠤᠬᠳᠠᠪᠤᠷᠢᠵᠢᠵᠤ ᠴᠢᠳᠠᠬᠤ᠂ ᠪᠠᠶᠠᠵᠢᠨ ᠴᠢᠨᠡᠭᠡᠯᠢᠭᠵᠢᠭᠦ ᠶᠢ ᠠᠬᠢᠭᠤᠯᠵᠠᠢ︔ ᠰᠢᠨᠵᠢᠶᠠᠩ ᠤᠨ | ᠬᠤᠩ ᠪᠦᠸᠧ ᠬᠡᠷ ᠭᠠᠵᠠᠷ ᠬᠦᠷᠦᠩᠭᠡ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ | ᠲᠠᠷᠤᠭ᠎ᠠ ᠸᠧᠢ ᠽᠦᠩ ᠫᠢᠩ ᠬᠠᠯᠠᠭᠤᠨ ᠰᠡᠳᠬᠢᠯ ᠢᠶᠠᠷ ᠶᠠᠳᠠᠭᠤ ᠶᠢ ᠲᠡᠳᠭᠦᠨ ᠬᠦᠴᠢᠷᠳᠡᠯᠲᠠᠢ ᠬᠦᠮᠦᠰ ᠢ ᠲᠤᠰᠠᠯᠠᠵᠤ | ᠂ 110 ᠭᠠᠷᠤᠢ ᠴᠢᠨᠡᠭᠡᠯᠢᠭᠵᠢᠯ ᠤᠨ ᠲᠠᠭᠠᠭᠤᠯᠤᠬᠴᠢ ᠶᠢ ᠬᠦᠮᠦᠵᠢᠭᠦᠯᠦᠨ᠂ 25000 ᠭᠠᠷᠤᠢ ᠨᠤᠳᠤᠭ ᠤᠨ | ᠠᠷᠠᠳ ᠢᠶᠠᠨ ᠲᠠᠶᠢᠴᠢᠯᠠᠵᠦ ᠰᠢᠨᠵᠢᠶᠠᠩ ᠳᠤ ᠠᠵᠢᠯ ᠤᠯᠭᠤᠬᠰᠠᠨ ᠪᠦᠭᠡᠳ ᠶᠠᠳᠠᠭᠤ ᠠᠴᠠ ᠠᠩᠬᠢᠵᠢᠷᠠᠭᠤᠯᠤᠨ | ᠴᠢᠨᠡᠭᠡᠯᠢᠭᠵᠢᠭᠦᠯᠵᠡᠢ︔ ᠬᠤᠨᠠᠨ ᠮᠤᠵᠢ ᠶᠢᠨ ᠰᠢᠶᠠᠩᠰᠢ ᠶᠢᠨ ᠤᠯᠤᠰ ᠤᠨ ᠲᠠᠷᠢᠶᠠᠯᠠᠩ ᠤᠨ ᠰᠢᠨᠵᠢᠯᠡᠭᠦ ᠤᠬᠠᠭᠠᠨ | ᠮᠡᠷᠭᠡᠵᠢᠯ ᠤᠨ ᠬᠦᠷᠢᠶᠡᠯᠡᠩ ᠲᠤᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠲᠡᠳ᠋ ᠱᠦᠵᠢ᠂ ᠬᠠᠮᠢᠶᠠᠷᠤᠯᠳᠠ ᠶᠢᠨ | ᠵᠦᠪᠯᠡᠯ ᠤᠨ ᠡᠷᠬᠢᠯᠡᠭᠴᠢ ᠯᠦᠩ ᠰᠢᠦ ᠯᠢᠨ ᠲᠤᠰᠬᠤᠨ ᠳᠤ ᠰᠠᠭᠤᠬᠤ ᠠᠵᠢᠯ ᠤᠨ ᠠᠩᠬᠢ ᠶᠢᠨ ᠲᠠᠷᠤᠭ᠎ᠠ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠶᠠᠳᠠᠭᠤ ᠶᠢ ᠲᠡᠳᠭᠦᠭᠦ ᠬᠡᠪ ᠵᠠᠬᠪᠤᠷ ᠢ ᠵᠤᠷᠢᠬᠳᠠᠢ ᠪᠠᠷ ᠰᠦᠪᠡᠭᠴᠢᠯᠡᠨ | ᠰᠢᠨ᠎ᠠ ᠶᠢ ᠡᠭᠦᠳᠴᠤ᠂ ᠲᠦᠢᠯ ᠤᠨ ᠶᠠᠳᠠᠭᠤ ᠬᠤᠭᠤᠰᠤᠨ ᠪᠠᠶᠢᠬᠰᠠᠨ ᠱᠢ ᠪᠠ ᠳ᠋ᠦᠩ ᠲᠤᠰᠬᠤᠨ ᠢ | ᠲᠦᠢᠯᠪᠦᠷᠢᠳᠡᠢ ᠪᠠᠷ ᠶᠠᠳᠠᠭᠤ ᠠᠴᠠ ᠠᠩᠬᠢᠵᠢᠷᠠᠭᠤᠯᠵᠠᠢ︔ ᠬᠤᠨᠠᠨ ᠮᠤᠵᠢ ᠶᠢᠨ ᠶᠦᠩᠵᠸᠤ ᠬᠤᠳᠠ ᠶᠢᠨ ᠵᠢᠶᠠᠩᠶᠦ᠋ᠩ | ᠰᠢᠶᠠᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠰᠢᠶᠠᠨ ᠤ ᠡᠯᠧᠺᠲᠷᠤᠨ ᠬᠤᠳᠠᠯᠳᠤᠭᠠᠨ ᠤ | ᠠᠯᠪᠠᠨ ᠬᠡᠷ ᠤᠨ ᠡᠷᠬᠢᠯᠡᠭᠴᠢ ᠶᠢᠨ ᠯᠢᠩ ᠵᠢᠶᠠᠩᠶᠦ᠋ᠩ ᠰᠢᠶᠠᠨ ᠤ ︽ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ | ᠲᠡᠳᠭᠦᠭᠦ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠭᠦ ᠶᠢ ᠠᠬᠢᠭᠤᠯᠵᠤ᠂ 10200 ᠬᠦᠮᠦᠨ ᠢ ᠡᠯᠧᠺᠲᠷᠤᠨ | ᠬᠤᠳᠠᠯᠳᠤᠭ᠎ᠠ ᠪᠠᠷ ᠲᠠᠮᠵᠢᠭᠤᠯᠤᠨ ᠶᠠᠳᠠᠭᠤ ᠠᠴᠠ ᠠᠩᠬᠢᠵᠢᠷᠠᠭᠤᠯᠵᠠᠢ︔ ᠬᠦᠬᠡᠨᠠᠭᠤᠷ ᠤᠨ ᠬᠤᠩ ᠡᠸ᠋ᠨ ᠰᠢᠨᠵᠢᠯᠡᠭᠦ | ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ᠂ ᠶᠡᠷᠦᠩᠬᠡᠢ ᠲᠠᠭᠠᠭᠠᠮᠠᠯ | ᠬᠤᠸᠠᠩ ᠵᠧᠨ ᠷᠦᠩ ᠰᠧᠯᠸᠡᠳᠦ ᠡᠯᠪᠡᠭ ᠲᠠᠷᠢᠶᠠᠯᠠᠩ ᠤᠨ ᠪᠦᠳᠦᠭᠡᠭᠳᠡᠭᠦᠨ ᠤ ᠲᠠᠷᠢᠮᠠᠯ ᠢ ᠬᠦᠭᠵᠢᠭᠦᠯᠭᠦ ᠪᠠᠷ | ᠲᠡᠮᠵᠢᠭᠤᠯᠵᠤ 3802 ᠬᠦᠮᠦᠨ ᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠵᠦ ᠴᠢᠨᠡᠭᠡᠯᠢᠭᠵᠢᠭᠦᠯᠵᠡᠢ᠃ | ᠮᠡᠳᠡᠭᠦᠯᠦᠯᠳᠡ ᠶᠢᠨ ᠪᠦᠯᠬᠦᠮ ᠤᠨ ᠪᠦᠷᠢᠯᠳᠦᠭᠦᠨ ᠠᠳᠠᠯᠢ ᠪᠤᠰᠤ ᠲᠠᠯ᠎ᠠ᠂ ᠠᠳᠠᠯᠢ ᠪᠤᠰᠤ ᠬᠠᠷᠠᠭᠠᠰᠦ ᠠᠴᠠ | ᠦᠪᠡᠷ ᠤᠨ ᠶᠠᠳᠠᠭᠤ ᠠᠴᠠ ᠠᠩᠬᠢᠵᠢᠷᠠᠭᠤᠯᠬᠤ ᠡᠮᠦᠨ᠎ᠠ ᠹᠷᠤᠨᠲ ᠲᠤ ᠪᠡᠶᠡᠴᠢᠯᠡᠨ ᠦᠩᠭᠡᠷᠡᠭᠦᠯᠦᠭᠰᠡᠨ ᠦᠩᠭᠡᠷᠡᠯᠳᠡ | ᠪᠤᠯᠤᠨ ᠰᠡᠳᠬᠢᠯ ᠬᠦᠳᠡᠯᠭᠡᠮ᠎ᠠ ᠦᠢᠯᠡ ᠠᠵᠢᠯᠯᠠᠭ᠎ᠠ ᠪᠠᠨ ᠭᠦᠨ ᠰᠡᠳᠬᠢᠯᠭᠡ ᠲᠠᠢ ᠪᠠᠷ ᠶᠠᠷᠢᠵᠤ᠂ ᠪᠠᠶᠢᠨ ᠲᠠᠬᠢᠨ | ᠨᠢᠵᠢᠬᠢᠨᠡᠭᠰᠡᠨ ᠠᠯᠠᠭ᠎ᠠ ᠲᠠᠰᠢᠯᠳᠠ ᠶᠢ ᠬᠦᠷᠳᠡᠪᠡ᠃ | ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ | ᠡᠮᠦᠨ᠎ᠠ ᠠᠴᠠ ᠮᠡᠳᠡᠭᠦᠯᠦᠯᠳᠡ ᠶᠢᠨ ᠪᠦᠯᠬᠦᠮ ᠤᠨ ᠬᠢᠨ ᠢ ᠤᠬᠳᠤᠵᠦ ᠲᠠᠯᠠᠷᠬᠠᠵᠤ ᠪᠠᠶᠢᠬᠤ ᠪᠠᠨ ᠢᠯᠡᠳᠭᠡᠵᠡᠢ᠃ | ᠲᠡᠷᠡ᠂ ᠦᠯᠢᠭᠡᠷ ᠲᠠᠭᠤᠷᠢᠶᠠᠯ ᠤᠨ ᠬᠦᠴᠦᠨ ᠬᠢᠵᠠᠭᠠᠯᠠᠰᠢ ᠦᠭᠡᠢ ᠶᠤᠮ᠂ ᠦᠯᠢᠭᠡᠷ ᠲᠠᠭᠤᠷᠢᠶᠠᠯ ᠪᠤᠯ ᠢᠯᠡ | ᠢᠳᠡᠪᠬᠢ ᠬᠦᠴᠦᠨ᠂ ᠠᠮᠢᠳᠤ ᠰᠤᠷᠭᠤᠭ ᠦᠷᠳᠡᠭ ᠤᠨ ᠦᠵᠡᠯᠳᠡ ᠮᠦᠨ᠂ ᠦᠯᠢᠭᠡᠷ ᠲᠠᠭᠤᠷᠢᠶᠠᠯ ᠬᠦᠮᠦᠰ ᠢ | ᠲᠤᠯᠠᠭᠠᠴᠠᠭᠤᠯᠤᠨ᠂ ᠬᠦᠮᠦᠰ ᠢ ᠵᠤᠷᠢᠬᠵᠢᠭᠤᠯᠵᠤ᠂ ᠬᠦᠮᠦᠰ ᠢ ᠰᠡᠩᠬᠡᠷᠡᠭᠦᠯᠦᠨᠠ᠃ ᠦᠪᠦᠷ ᠮᠤᠩᠭᠤᠯ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠲᠠᠶᠢᠯᠠᠯᠳᠤᠭᠠᠨ ᠤ ᠢᠯᠠᠯᠳᠠ ᠶᠢ ᠤᠯᠬᠤ ᠱᠠᠳᠤᠨ ᠳᠤ | ᠤᠷᠤᠬᠰᠠᠨ ᠵᠠᠩᠬᠢᠯᠠᠭ᠎ᠠ ᠶᠢᠨ ᠮᠦᠴᠡ ᠳᠤ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠳᠡ ᠶᠢᠨ ᠪᠦᠯᠬᠦᠮ ᠮᠠᠨ ᠤ ᠤᠷᠤᠨ ᠳᠤ ᠢᠷᠡᠵᠤ | ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠵᠤ ᠪᠠᠶᠢᠭ᠎ᠠ ᠨᠢ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠲᠤᠬᠠᠢ ᠬᠦᠴᠦᠨ ᠪᠦᠬᠦᠢ ᠲᠡᠮᠵᠢᠯᠭᠡ ᠪᠠ ᠮᠠᠰᠢ ᠶᠡᠭᠡ ᠵᠤᠷᠢᠬᠵᠢᠭᠤᠯᠤᠯ ᠪᠤᠯᠬᠤ | ᠶᠤᠮ᠃ | ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠬᠠᠮᠰᠠᠷ ᠠᠴᠠ ᠪᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠲᠡᠷᠢᠭᠦᠨ ᠤ ᠬᠢ ᠠᠴᠠ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠭᠦᠭᠦ | ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠯᠠᠪᠳᠠᠢ ᠢᠯᠠᠬᠤ ᠢᠳᠡᠭᠡᠯ ᠪᠢᠰᠢᠷᠡᠯ ᠢᠶᠠᠨ ᠪᠠᠳᠤᠳᠬᠠᠨ᠂ | ᠬᠠᠷᠠᠯᠳᠠ ᠪᠠᠨ ᠴᠢᠩᠭ᠎ᠠ ᠡᠵᠡᠮᠳᠡᠨ ᠴᠢᠷᠮᠠᠶᠢᠨ ᠠᠵᠢᠯᠯᠠᠵᠤ᠂ ᠲᠠᠭᠤᠷᠢᠶᠠᠯ ᠤᠨ ᠬᠦᠴᠦᠨ ᠢ ᠦᠨᠡᠨ ᠬᠦ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠲᠠᠶᠢᠯᠠᠯᠳᠤᠭᠠᠨ ᠪᠠ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠭᠦ ᠰᠢᠢᠳᠪᠦᠷᠢᠳᠤ ᠢᠯᠠᠯᠳᠠ ᠶᠢ ᠤᠯᠬᠤ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ | ᠬᠡᠷᠡᠭᠳᠡᠢ ᠬᠡᠵᠡᠢ᠃ | ᠬᠦᠬᠡᠬᠤᠳᠠ ᠳᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ | ᠵᠦᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ | ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠭᠦ ᠵᠦᠪᠯᠡᠯ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠭᠦᠭᠦ ᠠᠯᠪᠠᠨ ᠬᠡᠷ ᠤᠨ ᠬᠠᠮᠢᠶ᠎ᠠ ᠪᠦᠬᠦᠢ ᠨᠦᠬᠦᠳ᠂ ᠦᠪᠡᠷᠳᠡᠭᠡᠨ | ᠵᠠᠰᠠᠬᠤ ᠤᠷᠤᠨ ᠳᠤ ᠰᠠᠭᠤᠭ᠎ᠠ ᠲᠦᠪ ᠤᠨ ᠬᠠᠮᠢᠶ᠎ᠠ ᠪᠦᠬᠦᠢ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠬᠦᠳ᠂ | ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠤᠳᠤᠷᠢᠳᠬᠤ ᠲᠤᠭᠤᠢᠢᠯᠠᠩ ᠤᠨ | ᠪᠦᠷᠢᠯᠳᠦᠭᠦᠨ ᠨᠢᠭᠡᠴᠢ ᠪᠠ ᠦᠪᠡᠷᠳᠡᠭᠡᠨ ᠵᠠᠰᠠᠬᠤ ᠤᠷᠤᠨ ᠤ 16 ᠲᠤᠰᠬᠠᠢ ᠠᠬᠢᠭᠤᠯᠬᠤ ᠲᠤᠭᠤᠢᠢᠯᠠᠩ ᠤᠨ | ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠠᠮᠢᠶ᠎ᠠ ᠪᠦᠬᠦᠢ ᠨᠦᠬᠦᠳ᠂ ᠦᠪᠡᠷᠳᠡᠭᠡᠨ ᠵᠠᠰᠠᠬᠤ | ᠤᠷᠤᠨ ᠤ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠤᠨ ᠠᠩᠬᠢ ᠶᠢᠨ ᠬᠠᠮᠢᠶᠠᠷᠤᠯᠳᠠ ᠶᠢᠨ ᠠᠯᠪᠠᠨ ᠬᠡᠷ ᠤᠨ ᠡᠯ᠎ᠠ ᠠᠵᠢᠯ ᠤᠨ ᠲᠤᠭᠤᠢᠢᠯᠠᠩ ᠤᠨ | ᠪᠦᠷᠢᠯᠳᠦᠭᠦᠨ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠭᠦ ᠠᠯᠪᠠᠨ ᠬᠡᠷ ᠤᠨ ᠪᠦᠬᠦ ᠺᠠᠳ᠋ᠷ ᠭᠤᠤᠯ | ᠬᠤᠷᠠᠯ ᠤᠨ ᠲᠠᠯᠠᠪᠠᠢ ᠳᠤ ᠮᠡᠳᠡᠭᠦᠯᠦᠯᠳᠡ ᠶᠢ ᠰᠤᠨᠤᠰᠴᠤ᠂ ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠠᠢ᠃ | ᠮᠡᠳᠡᠭᠦᠯᠦᠯᠳᠡ ᠶᠢᠨ ᠬᠤᠷᠠᠯ ᠠᠴᠠ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠢ | ᠾᠧᠩ᠂ ᠯᠢ ᠵᠢᠶᠠ᠂ ᠮᠠ ᠰᠢᠤᠸᠠᠢ ᠵᠢᠶᠦ᠋ᠨ᠂ ᠽᠧᠩ ᠢ ᠴᠦᠨ᠂ ᠯᠦᠸᠧ ᠶᠦᠩ ᠭᠠᠩ᠂ ᠯᠢ ᠪᠢᠩ ᠷᠦᠩ | ᠮᠡᠳᠡᠭᠦᠯᠦᠯᠳᠡ ᠶᠢᠨ ᠪᠦᠯᠬᠦᠮ ᠤᠨ ᠪᠦᠷᠢᠯᠳᠦᠭᠦᠨ ᠲᠠᠢ ᠠᠭᠤᠯᠵᠠᠪᠠ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ | ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ ᠵᠡᠷᠭᠡ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ | ᠪᠠᠶᠢᠭ᠎ᠠ ᠤᠳᠤᠷᠢᠳᠤᠯᠭ᠎ᠠ᠂ ᠬᠤᠳᠠ ᠶᠢᠨ ᠰᠢᠭᠤᠳ ᠬᠠᠷᠢᠶ᠎ᠠ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠶᠢᠨ ᠭᠠᠴᠠᠭ᠎ᠠ | ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠨ ᠲᠠᠷᠤᠭ᠎ᠠ᠂ ᠨᠢᠭᠡᠳᠤᠭᠡᠷ ᠱᠥᠵᠢ᠂ ᠡᠯ᠎ᠠ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ᠂ ᠬᠤᠰᠢᠭᠤ ᠰᠢᠭᠤᠳ ᠬᠠᠷᠢᠶ᠎ᠠ | ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠶᠢᠨ ᠭᠠᠴᠠᠭ᠎ᠠ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠨ | ᠪᠥᠭᠦ ᠪᠥᠷᠢᠯᠳᠤᠭᠦᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠤ᠋ ᠬᠤᠷᠠᠯ ᠤᠨ ᠭᠡᠯᠪᠠᠷᠢ ᠪᠠᠷ | ᠬᠤᠷᠠᠯ ᠳᠤ ᠤᠷᠤᠯᠴᠠᠪᠠ᠃ |