10 ᠰᠠᠷ᠎ᠠ ᠶᠢᠨ 22 ᠤᠨ ᠡᠳᠤᠷ᠂ ᠬᠤᠳᠠ ᠶᠢᠨ ᠨᠠᠶᠢᠳᠠ ᠶᠢᠨ ᠥᠮᠴᠢᠯᠠᠯ ᠤᠨ ᠪᠤᠰᠤ ᠠᠵᠤ ᠠᠬᠤᠢ | ᠪᠤᠯᠤᠨ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠨᠠᠮ ᠤᠨ ᠠᠵᠢᠯᠯᠠᠬᠤ ᠬᠤᠷᠢᠶᠠᠨ ᠤ ᠲᠡᠳ᠋ ᠱᠥᠵᠢ ᠸᠠᠩ ᠵᠢᠶᠠᠨ | ᠬᠤᠸᠠ ᠮᠠᠨ ᠤ ᠬᠤᠰᠢᠭᠤᠨ ᠳᠤ ᠢᠷᠡᠵᠤ ᠨᠠᠮ ᠤᠨ ᠪᠠᠶᠢᠭᠤᠯᠤᠯᠳᠠ ᠶᠢ ᠠᠳᠬᠤᠨ ᠶᠠᠳᠠᠭᠤ ᠠᠴᠠ ᠠᠩᠭᠢᠵᠢᠷᠠᠭᠤᠯᠤᠨ | ᠪᠤᠭᠤᠮᠳᠠ ᠰᠢᠪᠳᠤᠯᠬᠤ ᠶᠢ ᠠᠭᠢᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ | ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ | ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠪᠤᠯᠤᠨ ᠰᠤᠮᠤ ᠪᠠᠯᠭᠠᠰᠤᠨ ᠤ | ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠲᠤᠭ ᠪᠠᠯᠭᠠᠰᠤᠨ ᠤ ᠤᠯᠠᠭᠠᠠᠰᠢᠪᠠᠷᠳᠠᠢ ᠲᠤᠰᠬᠤᠨ᠂ | ᠳᠠᠷᠬᠠᠨᠯᠠᠮ᠎ᠠ ᠭᠠᠴᠠᠭ᠎ᠠ᠂ ᠶᠠᠳᠠᠭᠤ ᠭᠥᠴᠢᠷᠳᠠᠯᠳᠠᠢ ᠡᠷᠤᠭᠡ ᠨᠠᠷᠠᠠᠮᠠᠠᠳᠤᠯᠠ ᠶᠢᠨ ᠬᠢᠨ ᠳᠤ ᠬᠦᠷᠴᠤ ᠨᠠᠮ ᠤᠨ | ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠶᠢ ᠠᠭᠢᠭᠤᠯᠤᠭᠰᠠᠨ | ᠪᠠᠶᠢᠳᠠᠯ ᠢ ᠨᠠᠷᠢᠨ ᠤᠶᠢᠯᠠᠭᠠᠵᠤ ᠭᠠᠴᠠᠭ᠎ᠠ ᠲᠤᠰᠬᠤᠨ ᠤ ᠶᠠᠳᠠᠭᠤ ᠭᠥᠴᠢᠷᠳᠠᠯᠳᠠᠢ ᠡᠷᠤᠭᠡ ᠶᠢᠨ ᠶᠠᠳᠠᠭᠤ ᠠᠴᠠ | ᠠᠩᠭᠢᠵᠢᠷᠠᠭᠤᠯᠬᠤ ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠳᠠ ᠶᠢ ᠪᠠᠶᠢᠴᠠᠭᠠᠨ ᠥᠵᠠᠭᠦ ᠶᠢᠨ ᠬᠠᠮᠳᠤ ᠭᠠᠴᠠᠭ᠎ᠠ | ᠲᠤᠰᠬᠤᠨ ᠤ ᠺᠠᠳ᠋ᠷ᠂ ᠲᠤᠰᠬᠤᠨ ᠳᠤ ᠰᠠᠭᠤᠭ᠎ᠠ ᠺᠠᠳ᠋ᠷ ᠪᠠ ᠶᠠᠳᠠᠭᠤ ᠭᠥᠴᠢᠷᠳᠠᠯᠳᠠᠢ ᠡᠷᠤᠭᠡ ᠲᠠᠢ ᠰᠠᠶᠢᠳᠣᠷ | ᠶᠠᠷᠢᠯᠴᠠᠭᠰᠠᠨ ᠪᠠᠶᠢᠨ᠎ᠠ᠃ | ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠵᠢᠭᠠᠵᠤ ᠭᠠᠷᠭᠠᠬᠤ ᠳᠤ ᠪᠠᠨ ᠭᠠᠴᠠᠭ᠎ᠠ ᠲᠤᠰᠬᠤᠨ | ᠤ ᠨᠠᠮ ᠤᠨ ᠡᠭᠦᠷ᠂ ᠲᠣᠰ ᠪᠠᠶ᠎ᠠ ᠶᠢᠨ ᠪᠠᠷᠢᠮᠵᠢᠶᠠᠵᠢᠭᠤᠯᠤᠯᠳᠠ ᠶᠢᠨ ᠪᠠᠶᠢᠭᠤᠯᠤᠯᠳᠠ ᠪᠠᠨ ᠴᠢᠩᠭ᠎ᠠ ᠠᠳᠬᠤᠵᠤ᠂ | ᠤᠯᠠᠨ ᠲᠥᠮᠡᠨ ᠳᠤ ᠥᠢᠯᠡᠴᠢᠯᠡᠭᠦ ᠴᠢᠳᠠᠪᠤᠷᠢ ᠭᠢᠷᠢ ᠲᠥᠪᠰᠢᠨ ᠢᠶᠠᠨ ᠲᠡᠭᠡᠭᠰᠢᠯᠡᠭᠦᠯᠵᠤ ᠭᠠᠴᠠᠭ᠎ᠠ ᠲᠤᠰᠬᠤᠨ ᠤ | ᠺᠠᠳ᠋ᠷᠴᠤᠳ ᠪᠤᠯᠤᠨ ᠲᠤᠰᠬᠤᠨ ᠳᠤ ᠰᠠᠭᠤᠭ᠎ᠠ ᠺᠠᠳ᠋ᠷᠴᠤᠳ ᠢᠯᠡᠭᠦᠭᠡᠨ ᠭᠥᠴᠤ ᠵᠠᠷᠤᠴᠠᠭᠤᠯᠤᠨ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠰᠠᠶᠢᠨ ᠭᠢᠵᠤ᠂ ᠶᠠᠳᠠᠭᠤ ᠭᠥᠴᠢᠷᠳᠠᠯᠳᠠᠢ ᠡᠷᠤᠭᠡ ᠪᠠᠷ ᠬᠦᠷᠴᠤ | ᠨᠠᠮ ᠤᠨ ᠲᠥᠷᠥ ᠶᠢᠨ ᠪᠤᠳᠤᠯᠭ᠎ᠠ ᠴᠢᠭᠯᠡᠯᠲᠡ ᠶᠢ ᠤᠬᠠᠭᠤᠯᠤᠨ ᠠᠵᠤ ᠥᠢᠯᠡᠰ ᠠᠵᠤ ᠠᠮᠢᠳᠤᠷᠠᠯ ᠤᠨ ᠬᠢᠨᠢ | ᠤᠷᠤᠯᠭ᠎ᠠ ᠵᠠᠷᠤᠯᠭ᠎ᠠ ᠶᠢᠨ ᠲᠠᠩᠰᠠ ᠶᠢ ᠨᠠᠷᠢᠨ ᠪᠤᠳᠤᠵᠤ᠂ ᠤᠯᠠᠨ ᠲᠥᠮᠡᠨ ᠤ ᠲᠥᠷᠥ ᠶᠢᠨ ᠪᠤᠳᠤᠯᠭ᠎ᠠ ᠪᠠ ᠶᠠᠳᠠᠭᠤ | ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠲᠤᠬᠠᠢ ᠤᠶᠢᠯᠠᠭᠠᠯᠳᠠ ᠲᠠᠨᠢᠯᠳᠠ ᠶᠢ ᠲᠡᠭᠡᠭᠰᠢᠯᠡᠭᠦᠯᠵᠤ᠂ | ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠯᠠᠭᠤᠨ ᠲᠤᠯᠠᠭᠠᠨ ᠢ ᠤᠯᠠᠨ ᠲᠥᠮᠡᠨ ᠳᠤ ᠭᠥᠷᠭᠡᠭᠦ ᠬᠡᠷᠡᠭᠲᠠᠢ᠃ | ᠨᠠᠮ ᠤᠨ ᠭᠡᠰᠢᠭᠦᠳ ᠤᠨ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠵᠤ ᠤᠯᠠᠨ ᠲᠥᠮᠡᠨ ᠤ | ᠥᠢᠯᠡᠳᠪᠤᠷᠢᠯᠠᠯ ᠠᠮᠢᠳᠤᠷᠠᠯ ᠲᠤᠮᠳᠠᠭᠢ ᠪᠤᠳᠠᠳᠤ ᠭᠥᠴᠢᠷᠳᠠᠯ ᠢ ᠰᠢᠢᠳᠪᠤᠷᠢᠯᠠᠨ᠂ ᠮᠠᠯᠴᠢᠨ ᠲᠠᠷᠢᠶᠠᠴᠢᠳ ᠤᠨ | ᠤᠷᠤᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠲᠠᠶᠢᠴᠢᠯᠠᠬᠤ ᠭᠡᠷᠡᠭᠳᠠᠢ᠃ ᠭᠠᠴᠠᠭ᠎ᠠ ᠲᠤᠰᠬᠤᠨ ᠤ | ᠬᠠᠮᠳᠤ ᠶᠢᠨ ᠠᠵᠤ ᠠᠬᠤᠢ ᠶᠢᠨ ᠲᠥᠷᠥᠯ ᠵᠥᠢᠯ ᠤᠨ ᠬᠡᠷᠭᠵᠢᠭᠦᠯᠵᠤ ᠪᠤᠯᠬᠤᠶᠢᠴᠠ ᠴᠢᠨᠠᠷ ᠢ ᠵᠤᠭᠢᠰᠳᠠᠢ ᠰᠤᠳᠤᠯᠤᠨ | ᠮᠠᠭᠠᠳᠯᠠᠵᠤ ᠲᠥᠷᠥᠯ ᠵᠥᠢᠯ ᠤᠨ ᠪᠠᠶᠢᠭᠤᠯᠤᠯᠳᠠ ᠳᠤ ᠭᠥᠭᠵᠢᠯᠳᠠ ᠶᠢ ᠡᠷᠢᠯᠬᠢᠯᠡᠭᠦ ᠭᠡᠷᠡᠭᠳᠠᠢ ᠭᠡᠵᠡᠢ᠃ ᠦᠤᠰᠢᠨᠵᠤᠤ | ᠪᠠᠯᠭᠠᠰᠤᠨ ᠤ ᠪᠠᠶᠠᠨᠲᠤᠯᠤᠭᠠᠢ ᠭᠠᠴᠠᠭᠠᠨ ᠳᠤ᠂ ᠸᠠᠩ ᠵᠢᠶᠠᠨ ᠬᠤᠸᠠ ︽ᠲᠦᠷᠪᠡ ᠶᠢ ᠨᠠᠶᠢᠲᠠᠪᠤᠷᠢᠵᠢᠭᠤᠯᠬᠤ︾ ᠪᠠ | ︽ᠨᠠᠢᠮᠠᠠ ᠦᠨᠳᠤᠰᠤᠨ ᠵᠤᠶᠢᠯ︾ ᠤᠨ ᠲᠤᠭᠤᠷᠢᠨ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠲᠦᠯᠬᠢᠨ | ᠠᠬᠢᠭᠤᠯᠵᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠴᠢᠩᠭ᠎ᠠ ᠠᠳᠬᠤᠬᠤ ᠲᠤᠬᠠᠢ | ᠲᠤᠰᠬᠠᠢ ᠰᠡᠲᠤᠪᠲᠤ ᠲᠠᠶᠢᠯᠤᠮᠵᠢ ᠬᠢᠭᠰᠡᠨ ᠪᠠᠶᠢᠨ᠎ᠠ᠃ | ᠲᠠᠶᠠᠭᠠᠷ ᠤᠨ ᠤᠷᠴᠢᠮ ᠤᠨ ᠬᠤᠭᠤᠴᠠᠭᠠᠨ ᠤ ᠠᠵᠢᠯ ᠪᠤᠯᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠳᠤᠯᠬᠤ ᠠᠵᠢᠯ ᠳᠤ ᠡᠷᠳᠡᠨᠢᠪᠢᠯᠢᠭ ᠨᠤᠳᠠᠯᠠᠯᠳᠠ ᠥᠭᠴᠤ᠂ ᠲᠠᠳᠠᠨ ᠢ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ | ᠡᠯ᠎ᠠ ᠲᠥᠷᠥᠯ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠡᠭᠦᠷᠭᠡ ᠶᠢ ᠪᠤᠳᠠᠳᠠᠢ | ᠨᠠᠶᠢᠳᠠᠪᠤᠷᠢᠵᠢᠭᠤᠯᠬᠤ ᠶᠢ ᠭᠥᠰᠡᠵᠠᠢ᠃ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ ᠪᠠᠶᠢᠴᠠᠭᠠᠨ ᠰᠤᠳᠤᠯᠤᠯᠳᠠ ᠶᠢᠨ | ᠲᠤᠭᠤᠶᠢᠯᠠᠩ ᠤᠨ ᠬᠢᠨ ᠤ ᠵᠢᠭᠠᠨ ᠵᠢᠯᠤᠭᠤᠳᠤᠯᠭ᠎ᠠ ᠶᠢ ᠭᠥᠨᠳᠤᠳᠭᠡᠨ ᠥᠵᠠᠵᠤ᠂ ᠨᠠᠮ ᠤᠨ ᠪᠠᠶᠢᠭᠤᠯᠤᠯᠳᠠ ᠶᠢ | ᠠᠳᠬᠤᠵᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠶᠢ ᠠᠭᠢᠭᠤᠯᠬᠤ ᠴᠢᠬᠤᠯᠠ ᠴᠢᠨᠠᠷ ᠢ | ᠤᠨᠤᠪᠴᠢᠳᠠᠢ ᠡᠵᠡᠮᠳᠠᠨ ᠲᠥᠪ ᠤᠨ ᠰᠢᠢᠳᠪᠤᠷᠢᠳᠤ ᠪᠠᠶᠢᠷᠢᠯᠠᠭᠤᠯᠤᠯᠳᠠ ᠶᠢᠨ ᠨᠠᠶᠢᠳᠠᠪᠤᠷᠢᠵᠢᠭᠤᠯᠤᠯᠳᠠ᠂ ᠲᠥᠷᠥ | ᠶᠢᠨ ᠪᠤᠳᠤᠯᠭ᠎ᠠ ᠠᠷᠭ᠎ᠠ ᠭᠡᠮᠵᠢᠶ᠎ᠠ᠂ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠤᠯᠳᠠ᠂ ᠠᠵᠤ ᠠᠬᠤᠶᠢᠯᠠᠯ ᠲᠠᠳᠭᠦᠨ | ᠲᠠᠮᠵᠢᠯᠲᠡ᠂ ᠺᠠᠳ᠋ᠷ ᠤᠨ ᠬᠠᠮᠢᠶᠠᠷᠤᠯᠳᠠ᠂ ᠶᠠᠳᠠᠭᠤ ᠶᠢ ᠲᠠᠳᠭᠦᠭᠦ ᠪᠡᠯᠡ ᠮᠥᠩᠭᠦᠨ ᠤ ᠬᠠᠮᠢᠶᠠᠷᠤᠯᠳᠠ ᠵᠡᠷᠭᠡ ᠶᠢᠨ | ᠪᠤᠳᠠᠳᠠᠢ ᠳᠤ ᠤᠷᠤᠨᠵᠢᠬᠤ ᠶᠢ ᠠᠭᠢᠭᠤᠯᠵᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠡᠭᠦᠷᠭᠡ ᠶᠢ | ᠠᠮᠵᠢᠯᠳᠠ ᠲᠠᠢ ᠪᠠᠶᠠᠯᠠᠭᠦᠯᠭᠦ ᠶᠢ ᠪᠠᠳᠤᠯᠠᠬᠤ ᠭᠡᠷᠡᠭᠳᠠᠢ ᠭᠡᠵᠡᠢ᠃ |