ᠪᠦᠬᠦ ᠬᠤᠳᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠬᠢᠨᠠᠨ ᠪᠠᠶᠢᠴᠠᠭᠠᠯᠲᠠ ᠶᠢᠨ ᠲᠤᠭᠤᠶᠢᠯᠠᠩ ᠮᠠᠨ ᠤ ᠬᠤᠰᠢᠭᠤᠨ ᠳᠤ ᠢᠷᠡᠵᠦ ᠬᠢᠨᠠᠨ ᠪᠠᠶᠢᠴᠠᠭᠠᠯᠲᠠ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2018-10-29
     10 ᠰᠠᠷ᠎ᠠ ᠶᠢᠨ 25 ᠤ ᠡᠳᠦᠷ᠂ ᠪᠦᠬᠦ ᠬᠤᠳᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠬᠢᠨᠠᠨ ᠪᠠᠶᠢᠴᠠᠭᠠᠯᠲᠠ ᠶᠢᠨ ᠲᠤᠭᠤᠶᠢᠯᠠᠩ ᠮᠠᠨ ᠤ ᠬᠤᠰᠢᠭᠤᠨ ᠳᠤ ᠢᠷᠡᠵᠦ ᠠᠯᠪᠠᠨ ᠪᠢᠴᠢᠭ ᠤᠨ ᠣᠷᠴᠢᠭᠤᠯᠭ᠎ᠠ᠂ ᠠᠯᠪᠠᠨ ᠰᠦᠯᠵᠢᠶ᠎ᠡ᠂ ᠨᠡᠶᠢᠬᠡᠮ ᠵᠠᠬ᠎ᠠ ᠳᠡᠯᠬᠡᠬᠦᠷ ᠵᠡᠷᠭᠡ ᠶᠢᠨ ᠮᠣᠩᠭᠤᠯ ᠦᠰᠦᠭ ᠪᠢᠴᠢᠭ ᠢ ᠭᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠨ ᠪᠠᠶᠢᠴᠠᠭᠠᠯᠲᠠ ᠵᠢᠭᠠᠨ ᠵᠢᠯᠤᠭᠤᠳᠤᠯᠭ᠎ᠠ ᠬᠢᠬᠦ ᠶᠢᠨ ᠬᠠᠮᠲᠤ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠠᠷᠢᠭᠤ ᠮᠡᠳᠡᠬᠦᠯᠦᠯᠲᠡ ᠶᠢᠨ ᠬᠤᠷᠠᠯ ᠬᠤᠷᠠᠯᠳᠣᠪᠠ᠃ ᠬᠤᠳᠠ ᠶᠢᠨ ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠵᠦᠪᠯᠡᠯ ᠤᠨ ᠪᠠᠶᠢᠴᠠᠭᠠᠨ ᠰᠣᠳᠣᠯᠣᠭᠴᠢ ᠮᠦᠩᠭᠡᠴᠡᠴᠡᠭ᠂ ᠪᠦᠬᠦ ᠬᠤᠳᠠ ᠶᠢᠨ ᠮᠣᠩᠭᠤᠯ ᠬᠡᠯᠡ ᠪᠢᠴᠢᠭ ᠤᠨ ᠠᠵᠢᠯ ᠢ ᠬᠢᠨᠠᠨ ᠪᠠᠶᠢᠴᠠᠭᠠᠬᠤ ᠳᠣᠭᠤᠶᠢᠯᠠᠩ ᠤᠨ ᠪᠣᠰᠣᠳ ᠬᠡᠰᠢᠬᠦᠨ᠂ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠳᠣᠪᠴᠢᠶᠠᠨ ᠤ ᠳᠠᠷᠤᠭ᠎ᠠ ᠪᠠᠶᠠᠨᠴᠡᠩᠬᠡᠯ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠣᠶᠣᠨᠪᠢᠯᠢᠭ᠌ ᠵᠢᠴᠢ ᠮᠠᠨ ᠤ ᠬᠤᠰᠢᠭᠤᠨ ᠤ ᠮᠣᠩᠭᠤᠯ ᠬᠡᠯᠡ ᠪᠢᠴᠢᠭ ᠤᠨ ᠠᠵᠢᠯ  ᠤᠨ ᠣᠳᠣᠷᠢᠳᠬᠤ ᠳᠣᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠢᠨᠠᠨ ᠪᠠᠶᠢᠴᠠᠭᠠᠬᠤ ᠳᠣᠭᠤᠶᠢᠯᠠᠩ ᠤᠨ ᠬᠢᠨ ᠮᠠᠨ ᠤ ᠬᠤᠰᠢᠭᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠳᠣᠬᠠᠢ ᠬᠠᠷᠢᠭᠤ ᠮᠡᠳᠡᠬᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠣ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠦᠨᠳᠦᠰᠦᠳᠡᠨ ᠤ ᠰᠣᠷᠭᠠᠨ ᠬᠦᠮᠦᠵᠢᠯ᠂ ᠦᠨᠳᠦᠰᠦᠳᠡᠨ ᠤ ᠰᠣᠶᠣᠯ ᠢ ᠣᠯᠠᠮᠵᠢᠯᠠᠨ ᠵᠠᠯᠭᠠᠮᠵᠢᠯᠠᠬᠤ᠂ ᠮᠣᠩᠭᠤᠯ ᠬᠢᠳᠠᠳ ᠬᠡᠯᠡ ᠪᠠᠷ ᠣᠷᠴᠢᠭᠤᠯᠬᠤ ᠵᠡᠷᠬᠡ ᠳᠠᠯ᠎ᠠ ᠶᠢᠨ ᠬᠠᠪᠰᠣᠷᠣᠯᠴᠠᠭ᠎ᠠ ᠪᠠᠨ ᠴᠢᠩᠭᠠᠳᠬᠠᠵᠣ ᠮᠣᠩᠭᠤᠯ ᠬᠡᠯᠡ ᠪᠢᠴᠢᠭ ᠤᠨ ᠳᠣᠭᠤᠷᠢᠨ ᠳᠠᠬᠢ ᠣᠯᠠᠨ ᠲᠦᠮᠡᠨ  ᠤ ᠬᠡᠷᠡᠭᠴᠡᠭᠡ ᠶᠢ ᠬᠠᠩᠭᠠᠬᠤ ᠬᠡᠷᠡᠭᠲᠡᠢ ᠬᠡᠪᠡ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠳᠣᠰ ᠣᠳᠠᠭᠠᠨ ᠤ ᠬᠢᠨᠠᠨ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠣᠨ ᠣᠳᠣᠷᠢᠳᠬᠤ ᠪᠠ ᠡᠯ᠎ᠡ ᠳᠠᠯ᠎ᠠ ᠶᠢᠨ ᠬᠠᠪᠰᠣᠷᠣᠯᠴᠠᠭ᠎ᠠ ᠪᠠᠨ ᠴᠢᠩᠭᠠᠳᠬᠠᠵᠣ ᠮᠣᠩᠭᠤᠯ ᠬᠡᠯᠡᠨ ᠤ ᠳᠦᠷᠦ ᠶᠢᠨ ᠪᠣᠳᠣᠯᠭ᠎ᠠ ᠬᠠᠣᠯᠢ ᠳᠦᠷᠢᠮ  ᠤᠨ ᠣᠬᠠᠭᠤᠯᠭ᠎ᠠ᠂ ᠠᠯᠪᠠᠨ ᠪᠢᠴᠢᠭ᠂ ᠫᠠᠶᠢᠰᠠ ᠢᠯᠡᠷᠬᠡᠶᠢᠯᠡᠯ ᠢ ᠳᠦᠷᠢᠮᠵᠢᠬᠦᠯᠬᠦ ᠵᠡᠷᠭᠡ ᠳᠠᠯ᠎ᠠ ᠠᠴᠠ ᠭᠠᠷᠳᠠᠵᠣ ᠠᠵᠢᠯ ᠤᠨ ᠳᠣᠭᠳᠠᠯᠴᠠᠭ᠎ᠠ ᠪᠠᠨ ᠳᠡᠬᠦᠯᠳᠡᠷᠵᠢᠬᠦᠯᠣᠨ ᠮᠠᠨ ᠤ ᠬᠤᠳᠠ ᠶᠢᠨ ᠮᠣᠩᠭᠤᠯ ᠬᠢᠳᠡᠳ ᠬᠤᠣᠰ ᠬᠡᠯᠡᠨ ᠤ ᠦᠰᠦᠭ ᠪᠢᠴᠢᠭ ᠢ ᠬᠠᠮᠲᠣ ᠬᠡᠷᠡᠭᠯᠡᠬᠦ ᠠᠵᠢᠯ ᠢ ᠰᠢᠨ᠎ᠡ ᠳᠡᠭᠳᠡᠷ ᠲᠤ ᠭᠠᠷᠭᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号