10 ᠰᠠᠷ᠎ᠠ ᠶᠢᠨ 22 ᠤᠨ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠤᠷᠤᠯᠠᠭᠴᠢ ᠲᠠᠷᠤᠭ᠎ᠠ ᠵᠤᠤ ᠹᠧᠢ ᠯᠤ᠋ ᠲᠠᠭᠠᠭᠠᠴᠢᠯᠠᠨ ᠬᠠᠷᠢᠯᠴᠠᠵᠤ ᠪᠠᠶᠢᠭ᠎ᠠ ᠴᠡᠭ ᠰᠢᠷᠬᠤᠰᠤᠨ ᠪᠠᠯᠭᠠᠰᠤᠨ ᠳᠤ | ᠬᠦᠷᠴᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠬᠢᠭᠰᠡᠨ | ᠪᠠᠶᠢᠨ᠎ᠠ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠭᠠᠩ᠂ ᠬᠤᠰᠢᠭᠤ ᠤᠯᠤᠰ | ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠤᠳᠬ᠎ᠠ ᠤᠷᠠᠯᠢᠭ ᠶᠢᠨ ᠬᠢᠨ ᠤ ᠬᠤᠯᠪᠤᠭᠠᠨ ᠤ ᠲᠡᠷᠢᠭᠦᠯᠡᠭᠴᠢ | ᠤᠶᠤᠨᠪᠢᠯᠢᠭ᠌ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠶᠠᠳᠠᠭᠤ ᠶᠢ ᠳᠡᠳᠬᠦᠨ ᠨᠡᠬᠡᠬᠡᠯᠳᠡ ᠬᠢᠬᠦ | ᠲᠦᠪ᠂ ᠵᠠᠮ ᠬᠠᠷᠢᠯᠴᠠᠭᠠᠨ ᠤ ᠲᠤᠪᠴᠢᠶᠠᠨ ᠤ ᠭᠤᠤᠯ ᠬᠠᠷᠢᠭᠤᠴᠠᠯᠭᠠᠳᠠᠨ ᠪᠠᠷᠠᠳᠠᠨ ᠪᠠᠶᠢᠴᠠᠭᠠᠨ ᠰᠤᠳᠤᠯᠤᠯᠳᠠ | ᠬᠢᠪᠠ᠃ | | | | | | | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠬᠦ | ᠲᠤᠮᠳᠠ ᠵᠤᠤ ᠹᠧᠢ ᠯᠤ᠋ ᠨᠠᠷ ᠤᠷᠢᠳ ᠬᠤᠵᠢᠳ ᠲᠤᠭᠠᠷ ᠤᠨ ᠲᠤᠬᠤᠢ ᠲᠤᠰᠬᠤᠨ ᠤ ᠬᠦᠴᠢᠷᠳᠡᠯᠳᠡᠢ ᠡᠷᠦᠬᠡ ᠭᠤᠣ | ᠵᠢᠶᠦ᠋ᠨ ᠰᠢᠶᠣᠣ᠂ ᠫᠠᠢ ᠽᠢ ᠸᠠᠨ ᠲᠤᠰᠬᠤᠨ ᠤ ᠬᠦᠴᠢᠷᠳᠡᠯᠳᠡᠢ ᠡᠷᠦᠬᠡ ᠪᠢᠶᠠᠨ ᠵᠣᠣ ᠲᠢᠩ᠂ ᠪᠠᠭ᠎ᠠ ᠰᠢᠪᠡᠷ | ᠲᠤᠰᠬᠤᠨ ᠤ ᠬᠦᠴᠢᠷᠳᠡᠯᠳᠡᠢ ᠡᠷᠦᠬᠡ ᠯᠢ ᠰᠢᠶᠤᠤ ᠷᠦᠩ ᠤᠨ ᠬᠢᠨ ᠤ ᠳᠤ ᠬᠦᠷᠴᠦ ᠪᠠᠶᠢᠳᠠᠯ ᠢ ᠤᠶᠢᠯᠠᠭᠠᠭᠰᠠᠨ | ᠪᠠᠶᠢᠨ᠎ᠠ᠃ ᠵᠤᠤ ᠹᠧᠢ ᠯᠤ᠋ ᠳᠡᠳᠡᠨ ᠤ ᠪᠡᠶ᠎ᠡ ᠶᠢᠨ ᠡᠷᠡᠬᠦᠯ ᠴᠢᠬᠢᠷᠠᠭ ᠤᠨ ᠪᠠᠶᠢᠳᠠᠯ᠂ ᠠᠮᠢᠳᠤᠷᠠᠯ ᠤᠨ ᠪᠠᠶᠢᠳᠠᠯ᠂ | ᠶᠠᠳᠠᠭᠤᠷᠠᠭᠰᠠᠨ ᠰᠢᠯᠳᠠᠭᠠᠨ᠂ ᠦᠢᠯᠡᠳᠪᠦᠷᠢᠯᠡᠯ ᠤᠨ ᠰᠠᠭᠤᠷᠢ᠂ ᠦᠷ᠎ᠡ ᠬᠡᠤᠭᠡᠳ ᠤᠨ ᠰᠤᠶᠤᠯ ᠰᠤᠷᠭᠠᠨ ᠬᠦᠮᠦᠵᠢᠯ | ᠬᠦᠷᠳᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠨ ᠤᠶᠢᠯᠠᠭᠠᠬᠤ ᠶᠢᠨ ᠬᠠᠮᠲᠤ ᠶᠠᠳᠠᠭᠤ ᠠᠴᠠ ᠠᠩᠬᠢᠵᠢᠷᠠᠭᠤᠯᠬᠤ | ᠲᠤᠮᠳᠠ ᠤᠷᠤᠰᠢᠵᠤ ᠪᠠᠶᠢᠭ᠎ᠠ ᠠᠰᠠᠭᠤᠳᠠᠯ ᠢ ᠵᠠᠳᠠᠯᠵᠤ ᠬᠠᠮᠲᠤ ᠪᠠᠷ ᠪᠠᠨ ᠬᠦᠴᠢᠷᠳᠡᠯᠳᠡᠢ ᠡᠷᠦᠬᠡ ᠶᠢ ᠶᠠᠳᠠᠭᠤ ᠠᠴᠠ | ᠠᠩᠬᠢᠵᠢᠷᠠᠭᠤᠯᠬᠤ ᠠᠷᠭ᠎ᠠ ᠵᠠᠮ ᠰᠦᠪᠡᠭᠴᠢᠯᠡᠭᠰᠡᠨ ᠪᠠᠶᠢᠨ᠎ᠠ᠃ ᠵᠤᠤ ᠹᠧᠢ ᠯᠤ᠋ ᠳᠡᠳᠡᠨ ᠢ ᠨᠠᠮ ᠵᠠᠰᠠᠭ ᠤᠨ | ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠪᠰᠤᠷᠤᠯᠭ᠎ᠠ ᠲᠤᠤᠷ᠎ᠠ ᠢᠳᠡᠭᠡᠯ ᠵᠤᠷᠢᠭ ᠢᠶᠠᠨ ᠬᠦᠪᠴᠢᠯᠡᠵᠦ ᠪᠤᠯᠪᠠᠰᠤᠨ᠂ | ᠴᠢᠭᠡᠴᠢ ᠬᠦᠮᠦᠨ ᠪᠤᠯᠵᠤ᠂ ᠲᠠᠷᠢᠮᠠᠯ ᠲᠡᠵᠢᠬᠡᠪᠦᠷᠢ ᠤᠨ ᠦᠢᠯᠡᠰ ᠡᠷᠬᠢᠯᠡᠵᠦ᠂ ᠬᠦᠳᠡᠯᠮᠦᠷᠢ ᠪᠠᠷ ᠡᠳ᠋ ᠪᠠᠶᠠᠯᠢᠭ ᠢ | ᠪᠦᠲᠦᠬᠡᠨ ᠡᠷᠳᠡᠭᠡᠨ ᠶᠠᠳᠠᠭᠤ ᠠᠴᠠ ᠠᠩᠬᠢᠵᠢᠷᠠᠬᠤ ᠶᠢ ᠵᠤᠷᠢᠭᠵᠢᠭᠤᠯᠵᠠᠢ᠃ | | | | | | | ᠬᠦᠷᠦᠭᠰᠡᠨ ᠭᠠᠵᠠᠷ ᠪᠤᠯᠭᠠᠨ ᠳᠤ ᠵᠤᠤ ᠹᠧᠢ ᠯᠤ᠋ ᠲᠤᠰᠬᠤᠨ ᠳᠤ ᠰᠠᠭᠤᠭ᠎ᠠ ᠺᠠᠳ᠋ᠷ ᠲᠠᠢ ᠶᠠᠷᠢᠯᠴᠠᠨ ᠲᠤᠰᠬᠤᠨ | ᠤ ᠦᠨᠳᠦᠰᠦᠨ ᠪᠠᠶᠢᠳᠠᠯ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠪᠠᠶᠢᠭᠤᠯᠤᠯᠳᠠ᠂ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠵᠠᠰᠠᠯᠲᠠ ᠶᠢ | ᠦᠷᠨᠢᠬᠦᠯᠵᠦ ᠪᠠᠶᠢᠭ᠎ᠠ ᠪᠠᠶᠢᠳᠠᠯ ᠢ ᠨᠠᠷᠢᠨ ᠤᠶᠢᠯᠠᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠭᠡ | ᠪᠠᠨ ᠵᠦᠪᠳᠡᠭᠰᠡᠨ ᠪᠠᠶᠢᠨ᠎ᠠ᠃ ᠵᠤᠤ ᠹᠧᠢ ᠯᠤ᠋ ᠱᠠᠭᠠᠷᠳᠠᠬᠤ ᠳᠤ ᠪᠠᠨ ᠦᠷᠭᠡᠨ ᠤᠯᠠᠨ ᠲᠤᠰᠬᠤᠨ ᠳᠤ ᠰᠠᠭᠤᠭ᠎ᠠ | ᠺᠠᠳ᠋ᠷ ᠰᠡᠳᠬᠢᠯ ᠢᠶᠠᠨ ᠲᠦᠪᠯᠡᠷᠡᠭᠦᠯᠦᠨ ᠲᠤᠰᠬᠤᠨ ᠤ ᠠᠵᠢᠯ ᠳᠤ ᠭᠠᠪᠰᠢᠭᠠᠶᠢᠯᠠᠵᠤ᠂ ︽ᠠᠷᠪᠠᠨ ᠲᠦᠷᠦᠯ︾ ᠤᠨ | ᠠᠵᠢᠯ ᠤᠨ ᠠᠭᠤᠯᠭ᠎ᠠ ᠪᠠᠷ ᠲᠦᠷᠦ ᠶᠢᠨ ᠪᠤᠳᠤᠯᠭ᠎ᠠ ᠪᠠᠨ ᠪᠤᠯᠭᠠᠵᠤ᠂ ᠠᠵᠢᠯ ᠮᠡᠷᠬᠡᠵᠢᠯ ᠤᠨ ᠰᠤᠷᠤᠯᠴᠠᠯᠭ᠎ᠠ ᠪᠠᠨ | ᠴᠢᠩᠭᠠᠳᠬᠠᠵᠤ᠂ ᠡᠪᠤᠯ ᠤᠨ ᠰᠡᠯᠡᠬᠦᠦ ᠴᠠᠭ ᠢᠶᠠᠨ ᠠᠰᠢᠭᠯᠠᠨ ᠦᠨᠡᠨ ᠰᠡᠳᠬᠢᠯ ᠠᠴᠠ ᠪᠠᠨ ᠠᠷᠠᠳ ᠤᠨ ᠲᠤᠮᠳᠠ | ᠬᠦᠨᠵᠡᠬᠡᠶᠢᠷᠡᠨ ᠡᠯ᠎ᠡ ᠲᠦᠷᠦᠯ ᠤᠨ ᠴᠢᠬᠤᠯᠠ ᠠᠵᠢᠯ ᠤᠨ ᠤᠬᠠᠭᠤᠯᠭ᠎ᠠ ᠪᠠᠨ ᠰᠠᠶᠢᠨ ᠬᠢᠵᠦ ᠤᠯᠠᠨ ᠲᠦᠮᠡᠨ ᠢ | ᠬᠠᠪᠰᠤᠷᠤᠨ ᠪᠤᠳᠠᠲᠤ ᠬᠦᠴᠢᠷᠳᠡᠯ ᠢ ᠨᠢ ᠰᠢᠢᠳᠪᠦᠷᠢᠯᠡᠵᠦ ᠦᠭᠬᠦ ᠬᠡᠷᠡᠭᠲᠠᠢ ᠬᠡᠵᠡᠢ᠃ | | | | | | | ᠰᠢᠷᠬᠤᠰᠤᠨ ᠪᠠᠯᠭᠠᠰᠤᠨ ᠤ ᠵᠠᠰᠠᠭ ᠤᠨ ᠤᠷᠳᠤᠨ ᠳᠤ ᠵᠤᠤ ᠹᠧᠢ ᠯᠤ᠋ ᠶᠠᠳᠠᠭᠤ ᠶᠢ ᠳᠡᠳᠬᠦᠬᠦ ᠴᠠᠷᠠᠭᠠᠨ ᠤ | ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠰᠢᠷᠬᠤᠰᠤᠨ ᠪᠠᠯᠭᠠᠰᠤ ᠶᠢ ︽ᠵᠢᠷᠭᠤᠭᠠᠨ ᠨᠠᠷᠢᠯᠢᠭ ᠤᠨᠤᠪᠴᠢᠳᠠᠢ︾ | ᠱᠠᠭᠠᠷᠳᠠᠯᠭ᠎ᠠ ᠪᠠᠷ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠪᠤᠳᠠᠲᠠᠢ ᠠᠵᠢᠯ ᠤᠨ ᠪᠦᠲᠦᠮᠵᠢ ᠪᠠᠷ ᠠᠷᠠᠳ ᠲᠦᠮᠡᠨ ᠳᠤ ᠬᠠᠨᠤᠮᠵᠢᠳᠠᠢ | ᠬᠠᠷᠢᠭᠤᠯᠳᠠ ᠦᠭᠬᠦ ᠬᠡᠷᠡᠭᠲᠠᠢ ᠬᠡᠵᠡᠢ᠃ ᠵᠤᠤ ᠹᠧᠢ ᠯᠤ᠋ ᠪᠠᠰᠠ ᠰᠢᠷᠬᠤᠰᠤᠨ ᠪᠠᠯᠭᠠᠰᠤᠨ ᠤ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠠᠵᠢᠯ ᠳᠤ ᠨᠤᠳᠠᠯᠠᠯᠳᠠ ᠦᠭᠬᠦ ᠶᠢᠨ | ᠬᠠᠮᠲᠤ ᠴᠢᠬᠤᠯᠠᠴᠢᠯᠠᠬᠤ ᠳᠤ ᠪᠠᠨ ᠮᠠᠯ ᠲᠠᠷᠢᠶᠠᠯᠠᠩ ᠤᠨ ᠦᠢᠯᠡᠰ ᠪᠤᠯ ᠮᠠᠯᠴᠢᠨ ᠲᠠᠷᠢᠶᠠᠴᠢᠳ ᠢ ᠪᠠᠶᠠᠵᠢᠭᠤᠯᠬᠤ | ᠭᠤᠤᠯ ᠠᠷᠭ᠎ᠠ ᠵᠠᠮ ᠪᠤᠯᠤᠨ᠎ᠠ᠂ ᠰᠢᠷᠬᠤᠰᠤᠨ ᠪᠠᠯᠭᠠᠰᠤ ᠤᠬᠢ ᠰᠠᠶᠢᠨ ᠮᠠᠯ ᠲᠠᠷᠢᠶᠠᠯᠠᠩ ᠤᠨ ᠦᠢᠯᠡᠰ ᠤᠨ ᠰᠠᠭᠤᠷᠢ | ᠬᠢᠬᠡᠳ ᠤᠷᠤᠨ ᠪᠠᠶᠢᠷᠢ ᠶᠢᠨ ᠲᠠᠪᠠᠭᠤᠯᠢᠭ ᠪᠤᠯᠤᠨ ᠭᠠᠵᠠᠷ ᠤᠷᠤᠨ ᠤ ᠳᠠᠪᠠᠭᠤᠯᠢᠭ ᠲᠠᠯ᠎ᠠ ᠳᠤ ᠪᠠᠨ ᠲᠦᠰᠢᠭᠯᠡᠨ | ᠲᠤᠯᠤᠭᠠᠶᠢᠯᠠᠭᠴᠢ ᠠᠵᠤ ᠠᠬᠤᠶᠢᠯᠠᠯ᠂ ᠬᠤᠷᠰᠢᠶᠠᠵᠢᠯ᠂ ᠲᠡᠵᠢᠭᠡᠨ ᠦᠷᠡᠵᠢᠭᠦᠯᠬᠦ ᠲᠤᠮᠤ ᠡᠷᠦᠬᠡ ᠶᠢᠨ ᠳᠠᠭᠠᠭᠤᠯᠤᠭᠴᠢ | ᠦᠢᠯᠡᠳᠦᠯ ᠢ ᠪᠠᠳᠠᠷᠠᠭᠤᠯᠵᠤ᠂ ᠬᠠᠮᠲᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠵᠤ᠂ | ᠤᠳᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠳᠪᠦᠷᠢᠯᠡᠯ᠂ ᠡᠵᠡᠩᠨᠡᠯᠳᠡ ᠶᠢᠨ ᠲᠤᠭᠳᠠᠯᠴᠠᠭ᠎ᠠ ᠶᠢ ᠪᠠᠶᠢᠭᠤᠯᠵᠤ᠂ | ᠤᠳᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠭᠦᠭᠵᠢᠯᠲᠡ ᠶᠢᠨ ᠶᠠᠰᠤ ᠴᠢᠨᠡᠷ ᠢ ᠳᠡᠭᠡᠭᠰᠢᠯᠡᠭᠦᠯᠦᠨ | ᠦᠷ᠎ᠡ ᠪᠦᠲᠦᠮᠵᠢ ᠶᠢ ᠨᠡᠮᠡᠭᠳᠡᠭᠦᠯᠵᠤ ᠮᠠᠯᠴᠢᠨ ᠲᠠᠷᠢᠶᠠᠴᠢᠳ ᠤᠨ ᠤᠷᠤᠯᠭ᠎ᠠ ᠶᠢ ᠯᠠᠪᠳᠠᠭᠤᠨ ᠪᠠᠲᠤᠲᠠᠢ ᠨᠡᠮᠡᠭᠳᠡᠬᠦᠯᠬᠦ | ᠬᠡᠷᠡᠭᠲᠠᠢ ᠬᠡᠪᠡ᠃ | ᠵᠤᠤ ᠹᠧᠢ ᠯᠤ᠋ ᠨᠠᠷ ᠪᠠᠰᠠ ᠶᠠᠭ ᠰᠠᠶᠢᠬᠠᠨ ᠪᠦᠲᠦᠬᠡᠨ ᠪᠠᠶᠢᠭᠤᠯᠵᠤ ᠪᠠᠶᠢᠭ᠎ᠠ ᠤᠯᠤᠰ ᠢᠶᠠᠨ ᠬᠠᠶᠢᠷᠠᠯᠠᠬᠤ | ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠲᠤ ᠬᠦᠷᠴᠦ ᠬᠤᠯᠪᠤᠭᠳᠠᠯ ᠪᠦᠬᠦᠢ ᠪᠠᠶᠢᠭᠤᠯᠭ᠎ᠠ ᠶᠢ ᠵᠠᠰᠠᠨ | ᠴᠢᠮᠡᠬᠦ ᠠᠵᠢᠯ ᠢᠶᠠᠨ ᠰᠠᠶᠢᠳᠤᠷ ᠠᠳᠬᠤᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠡᠵᠡᠩᠨᠡᠯᠳᠡ ᠬᠠᠮᠢᠶᠠᠷᠤᠯᠳᠠ | ᠶᠢᠨ ᠠᠵᠢᠯ ᠢᠶᠠᠨ ᠲᠦᠯᠦᠪᠯᠡᠵᠦ᠂ ᠰᠠᠭᠤᠷᠢᠨ ᠭᠠᠵᠠᠷ ᠤᠨ ᠺᠠᠳ᠋ᠷ ᠤᠨ ᠰᠤᠷᠭᠠᠨ ᠬᠦᠮᠦᠵᠢᠯ ᠤᠨ ᠲᠠᠯ᠎ᠠ ᠳᠤ | ᠦᠵᠡᠬᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠠᠢ ᠬᠡᠪᠡ᠃ |