ᠮᠠᠨ ᠤ ᠬᠤᠰᠢᠭᠤ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ ᠲᠤᠰᠬᠤᠨ ᠢ ᠳᠣᠰᠠᠯᠠᠬᠤ︾ ᠪᠠᠶᠢᠯᠳᠣᠬᠤ ᠪᠣᠳᠣᠯᠭ᠎ᠠ ᠪᠠᠷ ᠬᠦᠳᠡᠭᠡ ᠳᠣᠰᠬᠤᠨ ᠢᠶᠠᠨ ᠬᠦᠭᠵᠢᠬᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠯ᠎ᠡ
ᠨᠡᠶᠢᠲᠡᠯᠡᠭᠰᠡᠨ ᠴᠠᠭ᠄
2018-10-29
     ᠮᠠᠨ ᠤ ᠬᠤᠰᠢᠭᠤ ᠨᠢ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ ᠲᠤᠰᠬᠤᠨ ᠢ ᠳᠣᠰᠠᠯᠠᠬᠤ︾ ᠪᠠᠶᠢᠯᠳᠣᠬᠤ ᠪᠣᠳᠣᠯᠭ᠎ᠠ ᠶᠢ ᠭᠡᠷᠡᠭᠵᠢᠬᠦᠯᠣᠭ᠍ᠰᠡᠨ ᠠᠴᠠ ᠨᠠᠰᠢ ᠡᠯ᠎ᠡ ᠠᠵᠣ ᠠᠬᠤᠶᠢᠯᠡᠯ ᠨᠢ ᠳᠠᠭᠠᠭᠠᠴᠢᠯᠡᠨ ᠳᠣᠰᠠᠯᠠᠬᠤ ᠭᠠᠴᠠᠭ᠎ᠠ ᠳᠣᠰᠬᠤᠨ ᠲᠠᠢ ᠪᠠᠨ ᠬᠠᠮᠳᠣ ᠠᠵᠣ ᠠᠬᠤᠢ ᠶᠢ ᠬᠦᠭᠵᠢᠬᠦᠯᠬᠦ ᠪᠣᠳᠡᠳᠣ ᠠᠷᠭ᠎ᠠ ᠪᠣᠳᠣᠯᠭ᠎ᠠ ᠶᠢ ᠠᠪᠴᠣ ᠭᠠᠴᠠᠭ᠎ᠠ ᠳᠣᠰᠬᠤᠨ ᠢ ᠳᠠᠭᠠᠭᠠᠨ ᠳᠣᠰᠠᠯᠠᠵᠣ ᠶᠠᠳᠠᠭᠤ ᠠᠴᠠ ᠠᠩᠬᠢᠵᠢᠷᠠᠭᠤᠯᠬᠤ ᠱᠠᠳᠣᠨ ᠠᠴᠠ ᠬᠦᠭᠵᠢᠬᠦᠯᠦᠨ ᠮᠠᠨᠳᠤᠭᠤᠯᠬᠤ ᠠᠵᠢᠯ ᠢ ᠠᠬᠢᠭᠤᠯᠪᠠ᠃      ᠣᠶᠢᠷ᠎ᠠ ᠶᠢᠨ ᠡᠳᠣᠷ᠂ ᠦᠣᠰᠢᠨ ᠬᠤᠰᠢᠭᠤᠨ ᠤ ᠪᠣᠣ ᠱᠠᠩ ᠭᠠᠴᠠᠭ᠎ᠠ ᠳᠣᠰᠬᠤᠨ ᠤ ᠪᠠᠩᠬᠢ ᠨᠢ ᠳᠣᠰᠠᠯᠠᠨ ᠳᠡᠮᠵᠢᠬᠦ ᠪᠠᠷ ᠳᠠᠭᠠᠭᠠᠴᠢᠯᠡᠭ᠌ᠰᠡᠨ ᠰᠦᠯᠳᠡ ᠰᠣᠮᠣᠨ ᠤ ᠬᠦᠬᠡᠮᠠᠩᠬ᠎ᠠ ᠭᠠᠴᠠᠭᠠᠨ ᠳᠤ ᠬᠦᠷᠴᠣ 10 ᠭᠠᠷᠣᠢ ᠳᠦᠮᠡᠨ ᠳᠦᠬᠦᠷᠢᠭ ᠤᠨ ᠦᠷᠳᠡᠭ ᠲᠠᠢ 10 ᠰᠠᠶᠢᠨ ᠡᠬᠦᠯᠳᠡᠷ ᠤᠨ ᠣᠷᠳᠣᠰ ᠨᠠᠷᠢᠨ ᠨᠣᠣᠰᠣᠳᠣ ᠬᠤᠴᠠ ᠪᠣᠯᠣᠨ 80 ᠳᠦᠯᠵᠢᠬᠦ ᠮᠠᠯ ᠢ ᠭᠠᠴᠠᠭᠠᠨ ᠳᠤ ᠬᠠᠨᠳᠢᠪᠯᠡᠵᠣ ᠭᠠᠴᠠᠭᠠᠨ ᠤ ᠬᠠᠮᠳᠣ ᠶᠢᠨ ᠠᠵᠣ ᠠᠬᠤᠢ ᠶᠢ ᠬᠦᠭᠵᠢᠬᠦᠯᠬᠦ ᠳᠤ ᠰᠠᠭᠤᠷᠢ ᠲᠠᠯᠪᠢᠪᠠ᠃ ᠡᠨᠡᠬᠦ ᠬᠠᠨᠳᠢᠪᠯᠡᠠ ᠬᠦᠷᠭᠡᠭᠰᠡᠨ ᠬᠠᠮᠳᠣ ᠶᠢᠨ ᠰᠦᠷᠣᠭ᠌ ᠢ ᠭᠠᠴᠠᠭᠠᠨ ᠤ ᠨᠠᠮ ᠤᠨ ᠡᠭᠦᠷ ᠤᠨ ᠵᠦᠪᠯᠡᠯ ᠠᠴᠠ ᠨᠠᠢᠮᠡᠨ ᠮᠠᠯᠴᠢᠨ ᠡᠷᠦᠬᠡ ᠳᠤ ᠲᠤᠰ ᠲᠤᠰ ᠳᠠᠭᠠᠭᠠᠴᠢᠯᠠᠭᠤᠯᠣᠨ ᠮᠠᠯᠵᠢᠭᠤᠯᠵᠤ ᠲᠤᠰ ᠨᠠᠢᠮᠠᠨ ᠮᠠᠯᠴᠢᠨ ᠡᠷᠦᠬᠡ ᠪᠦᠷᠢ ᠵᠢᠯ ᠳᠤ ᠲᠦᠯᠵᠢᠬᠦᠯᠦᠭᠰᠡᠨ ᠬᠤᠷᠠᠭᠠᠨ ᠤ ᠲᠤᠲᠤᠷ᠎ᠠ ᠠᠴᠠ 7 ᠬᠤᠷᠠᠭ᠎ᠠ ᠶᠢ ᠭᠠᠴᠠᠭᠠᠨ ᠳᠤ ᠳᠣᠰᠢᠶᠠᠬᠤ ᠪᠠᠷ ᠭᠡᠷ᠎ᠡ ᠳᠣᠭᠳᠠᠭᠰᠠᠨ ᠪᠠᠶᠢᠨ᠎ᠠ᠃      ᠲᠤᠰ ᠣᠳᠠᠭ᠎ᠠ ᠪᠠᠰᠠ 4 ᠰᠠᠶᠢᠨ ᠡᠭᠦᠯᠳᠡᠷ ᠤᠨ ᠣᠷᠳᠣᠰ ᠨᠠᠷᠢᠨ ᠨᠣᠣᠰᠣᠳᠣ ᠬᠤᠴᠠ ᠶᠢ ᠶᠠᠳᠠᠭᠤ ᠬᠦᠴᠢᠷᠳᠡᠯᠳᠡᠢ ᠲᠦᠷᠪᠡᠨ ᠡᠷᠣᠭᠡ ᠳᠤ ᠬᠦᠷᠬᠡᠵᠣ ᠮᠠᠯ ᠠᠵᠣ ᠠᠬᠤᠢ ᠪᠠᠨ ᠬᠦᠭᠵᠢᠬᠦᠯᠬᠦ ᠳᠤᠨᠢ ᠳᠣᠰᠠ ᠦᠵᠡᠭᠦᠯᠣᠯ᠎ᠡ ᠃ ᠮᠠᠯᠴᠢᠨ ᠡᠷᠳᠡᠨᠢᠳᠡᠭᠦᠰ ᠬᠦᠨᠳᠣ ᠡᠪᠡᠳᠴᠢᠨ ᠠᠴᠠ ᠪᠣᠯᠵᠣ ᠣᠯᠣᠰ ᠤᠨ ᠳᠡᠰ ᠤᠨ ᠶᠠᠳᠠᠭᠤ ᠡᠷᠣᠭᠡ ᠪᠠᠶᠢᠭᠰᠠᠨ  ᠠᠴᠠ ᠨᠢᠳᠣᠨᠣᠨ ᠶᠠᠳᠠᠭᠤ ᠠᠴᠠ ᠠᠩᠬᠢᠵᠢᠷᠠᠨ ᠪᠠᠳᠤᠳᠬᠠᠨ ᠴᠢᠨᠡᠭᠡᠯᠢᠭᠵᠢᠬᠦᠯᠬᠦ ᠪᠠᠷ ᠳᠣᠭᠳᠠᠭᠠᠭᠳᠠᠭᠰᠠᠨ ᠪᠠᠶᠢᠨ᠎ᠠ᠃ ᠡᠨ᠋ᠨ ᠡᠳᠣᠷ᠂ ᠦᠣᠰᠢᠨ ᠬᠤᠰᠢᠭᠤᠨ ᠤ ᠪᠣᠣ ᠱᠠᠩ ᠭᠠᠴᠠᠭ᠎ᠠ ᠳᠣᠰᠬᠤᠨ ᠤ ᠪᠠᠩᠬᠢ ᠪᠣᠯᠣᠨ ᠭᠠᠴᠠᠭᠠᠨ ᠠᠴᠠ ᠡᠳᠡᠨ ᠤ ᠬᠢᠨ ᠳᠤ ᠨᠢᠬᠡ ᠰᠢᠨ᠎ᠡ ᠡᠭᠦᠯᠳᠡᠷ ᠤᠨ ᠣᠷᠳᠣᠰ ᠨᠠᠷᠢᠨ ᠨᠣᠣᠰᠣᠳᠣ ᠬᠤᠴᠠ ᠬᠦᠷᠭᠡᠵᠣ ᠢᠷᠡᠭᠰᠡᠨ ᠠᠴᠠ ᠳᠡᠭᠦᠨ ᠤ ᠨᠠᠷᠢᠨ ᠨᠣᠣᠰᠣᠳᠣ ᠬᠤᠨᠢᠨ ᠤ ᠪᠠᠨ ᠡᠭᠦᠯᠳᠡᠷ ᠢ ᠨᠡᠩ ᠰᠠᠶᠢᠵᠢᠷᠠᠭᠤᠯᠵᠤ ᠠᠰᠢᠭ ᠤᠷᠤᠯᠭ᠎ᠠ ᠪᠠᠨ ᠨᠡᠮᠡᠭᠳᠡᠭᠦᠯᠬᠦ ᠳᠤ ᠨᠢ ᠳᠣᠰᠠ ᠪᠤᠯᠵᠠᠢ᠃      ᠦᠣᠰᠢᠨ ᠬᠤᠰᠢᠭᠤᠨ ᠤ ᠪᠣᠣ ᠱᠠᠩ ᠭᠠᠴᠠᠭ᠎ᠠ ᠳᠣᠰᠬᠤᠨ ᠤ ᠪᠠᠩᠬᠢ ᠨᠢ ᠡᠨ᠋ᠨ ᠵᠢᠯ ᠤᠨ 4 ᠰᠠᠷ᠎ᠠ ᠠᠴᠠ ᠡᠬᠢᠯᠡᠨ ᠬᠦᠬᠡᠮᠠᠩᠬ᠎ᠠ ᠭᠠᠴᠠᠭ᠎ᠠ ᠶᠢ ᠳᠠᠭᠠᠭᠠᠴᠢᠯᠡᠨ ᠳᠣᠰᠠᠯᠠᠭᠰᠠᠨ ᠠᠴᠠ ᠨᠠᠰᠢ ᠣᠷᠢᠳ ᠬᠤᠵᠢᠳ ᠭᠠᠴᠠᠭᠠᠨ ᠤ ᠣᠶᠣᠳᠡᠳ ᠳᠤ ᠠᠵᠢᠯ ᠣᠯᠭᠤᠬᠤ᠂ ᠭᠠᠴᠠᠭᠠᠨ ᠤ ᠬᠠᠮᠳᠣ ᠶᠢᠨ ᠠᠵᠣ ᠠᠬᠤᠢ ᠶᠢ ᠳᠣᠰᠠᠯᠠᠬᠤ ᠵᠡᠷᠭᠡ ᠪᠣᠳᠡᠳᠡᠢ ᠠᠵᠢᠯ ᠬᠢᠵᠣ ᠳᠠᠷᠠᠭᠠᠴᠢ ᠪᠠᠷ ᠶᠠᠳᠠᠭᠤ ᠬᠦᠴᠢᠷᠳᠡᠯᠳᠡᠢ ᠡᠷᠣᠬᠡ ᠳᠤ ᠳᠣᠣᠷ᠎ᠠ ᠬᠦᠣ ᠮᠦᠩᠭᠦ ᠲᠠᠢ ᠵᠢᠬᠡᠯᠡᠯᠬᠡ ᠵᠢᠭᠡᠯᠡᠬᠦᠯᠵᠤ ᠠᠵᠣ ᠣᠶᠢᠯᠡᠰ ᠢ ᠨᠢ ᠬᠦᠭᠵᠢᠬᠦᠯᠬᠦ ᠪᠠᠷ ᠲᠦᠰᠦᠪᠯᠡᠵᠤ ᠪᠡᠶᠢᠨ᠎ᠠ᠃      ᠡᠨ᠋ᠨ ᠵᠢᠯ ᠠᠴᠠ ᠨᠠᠰᠢ᠂ ᠮᠠᠨ ᠤ ᠬᠤᠰᠢᠭᠤ ᠨᠢ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ ᠲᠤᠰᠬᠤᠨ  ᠢ ᠳᠣᠰᠠᠯᠠᠬᠤ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠨᠠᠶᠢᠳᠠᠪᠣᠷᠢᠵᠢᠭᠤᠯᠵᠣ ᠭᠠᠴᠠᠭ᠎ᠠ ᠳᠣᠰᠬᠤᠨ ᠤ ᠠᠵᠣ ᠣᠶᠢᠯᠡᠰ᠂ ᠴᠢᠳᠡᠪᠣᠷᠢᠳᠡᠨ᠂ ᠠᠮᠢ ᠠᠬᠤᠢ᠂ ᠣᠳᠬ᠎ᠠ ᠰᠣᠶᠣᠯ ᠵᠡᠷᠭᠡ ᠡᠯ᠎ᠡ ᠲᠠᠯ᠎ᠠ ᠶᠢᠨ ᠣᠶᠢᠯᠡᠰ ᠢ ᠬᠦᠭᠵᠢᠬᠦᠯᠣᠨ ᠮᠠᠨᠳᠣᠭᠤᠯᠵᠣ ᠣᠳᠣᠬᠠᠨ ᠪᠣᠯᠳᠠᠯ᠎ᠠ ᠪᠦᠬᠦ ᠬᠤᠰᠢᠭᠤᠨ ᠤ 83 ᠠᠵᠣ ᠠᠬᠤᠶᠢᠯᠡᠯ ᠨᠢ 61 ᠭᠠᠴᠠᠭ᠎ᠠ ᠳᠣᠰᠬᠤᠨ  ᠲᠠᠢ ᠭᠡᠷ᠎ᠡ ᠳᠣᠭᠳᠠᠨ ᠳᠣᠰᠡᠯᠠᠨ ᠳᠡᠮᠵᠢᠬᠦ ᠠᠵᠢᠯᠯᠠᠭ᠎ᠠ ᠪᠠᠨ ᠢᠳᠡᠪᠬᠢᠳᠡᠢ ᠶᠠᠪᠤᠭᠳᠠᠭᠤᠯᠤᠨ ᠭᠠᠴᠠᠭ᠎ᠠ ᠳᠣᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠳᠤ ᠬᠦᠴᠣᠨ ᠨᠡᠮᠡᠭᠦᠷᠢ ᠪᠠᠨ ᠬᠠᠨᠳᠢᠪᠯᠡᠵᠣ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号