ᠪᠦᠬᠦ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-10-30
     
     10 ᠰᠠᠷ᠎ᠠ ᠶᠢᠨ 27 ᠤ ᠡᠳᠦᠷ᠂ ᠪᠦᠬᠦ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠤᠨ ᠠᠬᠢᠭᠤᠯᠬᠤ ᠬᠤᠷᠠᠯ ᠬᠦᠬᠡᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠳᠤ ᠤᠷᠤᠯᠴᠠᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠬᠠᠢ ᠴᠢᠬᠤᠯᠠ ᠦᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠤᠯᠤᠳᠤᠭᠠᠷ ᠪᠦᠭᠦᠳᠡ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠷᠤᠨ ᠨᠤᠲᠤᠬ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠵᠦᠪ ᠴᠢᠭᠯᠡᠯ ᠢ ᠡᠷᠡᠰ ᠪᠠᠷᠢᠮᠲᠠᠯᠠᠵᠤ᠂ ᠦᠵᠡᠯ ᠰᠠᠨᠠᠭᠠᠨ ᠤ ᠳᠠᠶᠢᠴᠢᠯᠠᠯᠲᠠ᠂ ᠲᠦᠷᠦ ᠶᠢᠨ ᠪᠤᠳᠤᠯᠭ᠎ᠠ ᠶᠢᠨ ᠡᠵᠡᠮᠳᠡᠯ᠂ ᠠᠵᠢᠯ ᠤᠨ ᠨᠢᠭᠡᠳᠦᠯᠲᠡᠢ ᠲᠦᠯᠦᠪᠵᠢᠭᠦᠯᠭᠡ᠂ ᠠᠶᠢᠵᠠᠮ ᠤᠨ ᠡᠵᠡᠮᠳᠡᠯ ᠢ ᠴᠢᠩᠭᠠᠳᠬᠠᠬᠤ ᠳᠤ ᠬᠦᠴᠦ ᠪᠠᠨ ᠲᠠᠯᠪᠢᠵᠤ᠂ ᠪᠦᠬᠦ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠳᠤᠳᠠᠢ ᠡᠮᠬᠢ ᠲᠢᠭᠯᠢᠮ ᠲᠠᠢ ᠠᠬᠢᠭᠤᠯᠬᠤ ᠬᠡᠷᠡᠭᠲᠠᠢ᠃ ᠤᠷᠤᠨ ᠨᠤᠲᠤᠬ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠨᠤᠪᠴᠢᠲᠠᠢ ᠡᠵᠡᠮᠳᠡᠵᠦ᠂ ᠢᠯᠭᠤᠮ ᠤᠷᠤᠬᠰᠢᠲᠠᠢ ᠠᠵᠢᠯᠯᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠵᠠᠷᠯᠢᠬ ᠴᠠᠭᠠᠵᠠ ᠶᠢ ᠳᠠᠭᠠᠬᠤ ᠠᠵᠢᠯ ᠤᠨ ᠰᠢᠰᠲ᠋ᠧᠮ ᠢ ᠬᠦᠴᠦᠯᠡᠨ ᠡᠭᠦᠳᠦᠨ ᠪᠠᠶᠢᠭᠤᠯᠬᠤ ᠬᠡᠷᠡᠭᠲᠡᠢ᠃ ᠦᠭᠡᠷᠡᠴᠢᠯᠡᠯᠳᠠ ᠶᠢᠨ ᠶᠡᠭᠡ ᠪᠠᠶᠢᠳᠠᠯ ᠳᠤ ᠦᠢᠯᠡᠴᠢᠯᠡᠬᠦ ᠶᠢ ᠡᠷᠡᠰ ᠲᠠᠭᠠᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠳᠠᠢ ᠲᠦᠯᠦᠪᠵᠢᠬᠦᠯᠤᠨ ᠵᠤᠬᠢᠴᠠᠭᠤᠯᠬᠤ ᠶᠢ ᠴᠢᠩᠭᠠᠳᠬᠠᠵᠤ᠂ ᠰᠠᠬᠢᠯᠭ᠎ᠠ ᠪᠠᠳᠤ ᠪᠠᠷ ᠬᠢᠵᠠᠭᠠᠷᠯᠠᠬᠤ ᠶᠢ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠤᠳᠠᠳᠠᠶᠢᠵᠢᠭᠤᠯᠵᠤ᠂ ᠴᠢᠩᠭ᠎ᠠ ᠬᠦᠴᠦᠳᠠᠢ ᠤᠳᠤᠷᠢᠳᠤᠯᠭ᠎ᠠ ᠪᠠᠷ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠡᠬᠦᠷᠭᠡ ᠶᠢ ᠪᠤᠳᠠᠳᠠᠶᠢᠵᠢᠭᠤᠯᠤᠨ ᠦᠷ᠎ᠡ ᠪᠦᠳᠦᠮᠵᠢ ᠭᠠᠷᠭᠠᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠤᠷᠭᠠᠨᠢᠭ ᠵᠤᠯᠭᠠᠯᠴᠠᠬᠤ᠂ ᠡᠮᠬᠢ ᠵᠢᠷᠤᠮ ᠲᠠᠢ ᠠᠬᠢᠭᠤᠯᠬᠤ᠂ ᠴᠢᠩᠭ᠎ᠠ ᠡᠷᠴᠢᠮ ᠲᠠᠢ ᠪᠠᠶᠢᠬᠤ ᠶᠢ ᠦᠨᠡᠨ ᠬᠦ ᠪᠠᠶᠠᠯᠡᠬᠦᠯᠬᠦ ᠭᠡᠷᠡᠭᠲᠠᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠤᠨ ᠬᠢᠨ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠶᠠᠯᠡᠬᠦᠯᠵᠤ᠂ ᠨᠠᠮ ᠤᠨ ᠲᠦᠪ ᠬᠤᠷᠢᠶᠠᠨ ᠤ ᠤᠷᠤᠨ ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ ᠲᠤᠬᠠᠢ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠡᠳᠤᠭᠠᠷ ᠬᠤᠭᠤᠴᠠᠭᠠᠨ ᠤ ᠬᠤᠷᠢᠶ᠎ᠡ ᠶᠢᠨ ᠲᠤᠯᠤᠳᠤᠭᠠᠷ ᠪᠦᠬᠦᠳᠠ ᠬᠤᠷᠠᠯ ᠤᠨ ᠱᠠᠭᠠᠷᠳᠠᠯᠭ᠎ᠠ ᠶᠢ ᠬᠦᠨᠵᠠᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠡᠯ᠎ᠡ ᠵᠦᠢᠯ ᠤᠨ ᠠᠵᠢᠯ ᠤᠨ ᠡᠬᠦᠷᠭᠡ ᠶᠢ ᠲᠡᠷᠨ ᠶᠤᠰᠤᠭᠠᠷ ᠨᠢ᠂ ᠴᠠᠭ ᠲᠠᠭᠠᠨ ᠲᠤᠭ᠎ᠠ ᠴᠢᠨᠠᠷ ᠢ ᠪᠠᠳᠤᠯᠠᠨ ᠪᠠᠶᠠᠯᠡᠬᠦᠯᠬᠦ ᠭᠡᠷᠡᠭᠲᠠᠢ᠃ ᠦᠭᠡᠷᠡᠴᠢᠯᠡᠯᠳᠠ ᠶᠢᠨ ᠪᠤᠳᠠᠳᠠᠢ ᠡᠬᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠡᠯ᠎ᠡ ᠵᠦᠢᠯ ᠤᠨ ᠠᠵᠢᠯ ᠢ ᠬᠠᠷᠠᠬᠤ ᠬᠦᠮᠦᠨ ᠲᠠᠢ᠂ ᠬᠠᠮᠢᠶᠠᠷᠬᠤ ᠬᠦᠮᠦᠨ ᠲᠠᠢ᠂ ᠱᠠᠯᠠᠪᠳᠠᠭᠤᠯᠬᠤ ᠬᠦᠮᠦᠨ ᠲᠠᠢ ᠪᠠᠶᠢᠬᠤ ᠶᠢ ᠪᠠᠳᠤᠯᠠᠬᠤ ᠭᠡᠷᠡᠭᠲᠠᠢ᠃ ᠪᠦᠬᠦ ᠲᠠᠯ᠎ᠡ ᠶᠢᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠰᠠᠶᠢᠳᠤᠷ ᠬᠢᠵᠤ᠂ ᠵᠠᠷᠯᠢᠭ ᠴᠠᠭᠠᠵᠠ ᠶᠢ ᠲᠠᠭᠠᠬᠤ᠂ ᠤᠳᠠᠭᠠᠰᠢᠷᠠᠭᠤᠯᠬᠤ ᠦᠭᠡᠢ ᠂ ᠬᠤᠪᠢᠷᠠᠭᠤᠯᠬᠤ ᠦᠭᠡᠢ ᠪᠠᠶᠢᠬᠤ ᠶᠢ ᠡᠷᠡᠰ ᠪᠠᠶᠠᠯᠡᠬᠦᠯᠵᠤ᠂ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠶᠠᠪᠤᠴᠠ ᠲᠤᠮᠳᠡᠬᠢ ᠰᠠᠬᠢᠯᠭ᠎ᠠ ᠪᠠᠳᠤ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠵᠤ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤ ᠪᠠᠷ ᠲᠡᠷᠭᠡᠯᠰᠢᠬᠦᠯᠬᠦ ᠳᠤ ᠬᠦᠴᠦᠳᠠᠢ ᠪᠠᠶᠢᠭᠤᠯᠤᠮᠵᠢ ᠲᠤᠬᠳᠠᠴᠠ ᠶᠢᠨ ᠪᠠᠳᠤᠯᠠᠭ᠎ᠠ ᠬᠠᠨᠭ᠍ᠭᠠᠬᠤ ᠭᠡᠷᠡᠭᠲᠠᠢ ᠭᠡᠵᠤ ᠴᠢᠬᠤᠯᠠᠴᠢᠯᠠᠪᠠ᠃      ᠮᠠᠨ ᠤ ᠬᠤᠰᠢᠭᠤ ᠸᠢᠳᠢᠣ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ  ᠶᠢᠨ ᠵᠦᠪᠯᠡᠯ ᠤᠨ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠪᠤᠯᠤᠨ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ᠂ ᠲᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠡᠯ᠎ᠠ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号