10 ᠰᠠᠷ᠎ᠠ ᠶᠢᠨ 26 ᠤ ᠡᠳᠦᠷ᠂ ᠠᠽᠢᠶ᠎ᠠ ᠡᠸᠦ᠋ᠷᠦᠫᠡ ᠠᠹᠧᠷᠢᠺᠠ ᠶᠢᠨ ᠠᠨᠠᠭᠠᠬᠤ ᠣᠬᠠᠭᠠᠨ ᠤ ᠳᠡᠭᠡᠲᠦ | ᠳᠠᠪᠬᠤᠷᠭ᠎ᠠ ᠶᠢᠨ ᠬᠦᠮᠦᠰ ᠤᠨ ᠶᠠᠷᠢᠶᠠᠨ ᠤ ᠳᠠᠪᠴᠠᠩ ᠵᠢᠴᠢ ᠣᠯᠠᠨ ᠣᠯᠣᠰ ᠤᠨ ᠨᠡᠷᠡᠲᠦ ᠡᠮᠴᠢ ᠨᠠᠷ ᠤᠨ ᠠᠯᠪᠠᠨ | ᠵᠢᠷᠣᠮ ᠤᠨ ᠡᠮᠴᠢᠯᠡᠭᠡᠨ ᠤ ᠠᠵᠢᠯᠯᠠᠭ᠎ᠠ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠳᠤ ᠶᠠᠪᠣᠭᠳᠠᠭᠰᠠᠨ | ᠪᠠᠶᠢᠨ᠎ᠠ᠃ ᠬᠤᠰᠢᠭᠤ ᠡᠷᠡᠬᠦᠯ ᠬᠠᠮᠠᠭᠠᠯᠠᠯ ᠪᠠ ᠳᠦᠯᠦᠪᠯᠡᠬᠡᠲᠦ ᠬᠦᠩᠬᠡᠵᠢᠯ ᠤᠨ ᠳᠣᠪᠴᠢᠶ᠎ᠠ᠂ ᠠᠷᠠᠳ ᠤᠨ ᠡᠮᠨᠡᠯᠬᠡ | ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ᠂ ᠭᠷᠧᠭ᠂ ᠽᠢᠮᠪᠠᠪᠦ᠋ᠸᠧᠢ᠂ ᠭᠠᠨᠠ᠂ ᠫᠠᠺᠢᠰᠲ᠋ᠠᠨ ᠵᠡᠷᠭᠡ | ᠣᠯᠣᠰ ᠤᠨ ᠠᠨᠠᠭᠠᠬᠤ ᠣᠬᠠᠭᠠᠨ ᠤ ᠳᠣᠰᠬᠠᠢ ᠮᠡᠷᠭᠡᠵᠢᠯᠳᠡᠨ ᠪᠠ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ | ᠡᠮᠴᠢ ᠰᠣᠪᠢᠯᠠᠭᠴᠢ ᠣᠷᠣᠯᠴᠠᠭᠰᠠᠨ ᠪᠠᠶᠢᠨ᠎ᠠ᠃ | | | | | | | | | | ᠳᠣᠰ ᠣᠳᠠᠭᠠᠨ ᠤ ᠠᠯᠪᠠᠨ ᠵᠢᠷᠣᠮ ᠤᠨ ᠡᠮᠴᠢᠯᠡᠭᠡ ᠳᠤ ᠭᠷᠧᠭ᠂ ᠽᠢᠮᠪᠠᠪᠦ᠋ᠸᠧᠢ᠂ ᠭᠠᠨᠠ᠂ ᠮᠤᠩᠭᠤᠯ᠂ | ᠫᠠᠺᠢᠰᠲ᠋ᠠᠨ ᠵᠢᠴᠢ ᠮᠠᠨ ᠤ ᠣᠯᠣᠰ ᠤᠨ ᠰᠢ ᠠᠨ᠂ ᠨᠠᠨᠵᠢᠩ ᠵᠡᠷᠭᠡ ᠭᠠᠵᠠᠷ ᠤᠨ ᠳᠣᠰᠬᠠᠢ ᠮᠡᠷᠭᠡᠵᠢᠯᠳᠡᠨ ᠢ ᠣᠷᠢᠵᠣ | ᠮᠠᠨ ᠤ ᠬᠤᠰᠢᠭᠤᠨ ᠤ ᠬᠤᠷᠢ ᠭᠠᠷᠣᠢ ᠶᠠᠳᠠᠭᠤ ᠬᠦᠴᠢᠷᠳᠡᠯᠳᠡᠢ ᠡᠪᠡᠳᠴᠢᠳᠡᠨ ᠳᠤ ᠡᠮᠴᠢᠯᠡᠭᠡ ᠬᠢᠭᠰᠡᠨ ᠪᠠᠶᠢᠨ᠎ᠠ᠃ | ᠠᠵᠢᠯᠯᠠᠭ᠎ᠠ ᠳᠡᠭᠡᠷ᠎ᠡ ᠠᠽᠢᠶ᠎ᠠ ᠡᠸᠦ᠋ᠷᠦᠫᠡ ᠠᠹᠧᠷᠢᠺᠠ ᠶᠢᠨ ᠠᠨᠠᠭᠠᠬᠤ ᠣᠬᠠᠭᠠᠨ ᠤ ᠳᠡᠭᠡᠲᠦ ᠳᠠᠪᠬᠤᠷᠭ᠎ᠠ ᠶᠢᠨ | ᠬᠦᠮᠦᠰ ᠤᠨ ᠶᠠᠷᠢᠶᠠᠨ ᠤ ᠳᠠᠪᠴᠠᠩ ᠤᠨ ᠡᠷᠳᠡᠮ ᠰᠢᠨᠵᠢᠯᠡᠭᠡᠨ ᠤ ᠲᠤᠷᠰᠢᠯᠭ᠎ᠠ ᠰᠤᠯᠢᠯᠴᠠᠬᠤ ᠲᠠᠶᠢᠯᠤᠮᠵᠢ ᠶᠢ ᠬᠢᠵᠦ | ᠭᠷᠧᠭ᠂ ᠽᠢᠮᠪᠠᠪᠤᠸᠧᠢ᠂ ᠭᠠᠨᠠ᠂ ᠫᠠᠺᠢᠰᠲ᠋ᠠᠨ ᠤ ᠳᠣᠰᠬᠠᠢ ᠮᠡᠷᠭᠡᠵᠢᠯᠳᠡᠨ ᠠᠴᠠ ︽ᠣᠨᠠᠳᠠᠭ ᠡᠪᠡᠳᠴᠢᠨ ᠤ ᠳᠣᠬᠠᠢ | ᠬᠠᠮᠤᠭ ᠰᠢᠨ᠎ᠡ ᠰᠣᠳᠣᠯᠣᠯ︾᠂ ︽ᠠᠮᠢᠰᠬᠤᠯ ᠤᠨ ᠰᠢᠰᠲ᠋ᠧᠮ ᠤᠨ ᠡᠪᠡᠳᠴᠢᠨ ᠢ ᠣᠨᠣᠰᠢᠯᠠᠨ ᠡᠮᠴᠢᠯᠡᠬᠦ ᠳᠣᠬᠠᠢ︾ | ᠵᠡᠷᠭᠡ ᠳᠣᠰᠬᠠᠢ ᠰᠡᠳᠣᠪᠲᠣ ᠢᠯᠡᠳᠭᠡᠯ ᠬᠢᠬᠦ ᠶᠢᠨ ᠬᠠᠮᠲᠤ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠨᠢ ᠭᠠᠨᠠ | ᠪᠣᠯᠣᠨ ᠽᠢᠮᠪᠠᠪᠦ᠋ᠸᠧᠢ ᠤᠯᠤᠰ ᠲᠠᠢ ᠠᠨᠠᠭᠠᠬᠤ ᠣᠬᠠᠭᠠᠨ ᠤ ᠰᠣᠯᠢᠯᠴᠠᠭ᠎ᠠ ᠬᠢᠬᠦ ᠬᠡᠯᠡᠯᠴᠡᠭᠡᠷ ᠲᠤᠭᠲᠠᠪᠠ᠃ | | | | | | | | | | | | | | | | ᠳᠣᠰ ᠣᠳᠠᠭᠠᠨ ᠤ ᠠᠵᠢᠯᠯᠠᠭ᠎ᠠ ᠪᠠᠷ ᠳᠠᠮᠵᠢᠨ ︽ᠨᠢᠬᠡ ᠪᠦᠰᠡ ᠨᠢᠬᠡ ᠵᠠᠮ︾ ᠤᠨ ᠳᠠᠭᠠᠣ ᠳᠠᠬᠢ ᠣᠯᠣᠰ | ᠣᠷᠣᠨ ᠤ ᠡᠮ ᠡᠮᠨᠡᠯᠬᠡ ᠶᠢᠨ ᠬᠠᠮᠵᠢᠯᠴᠠᠭ᠎ᠠ ᠶᠢᠨ ᠣᠷᠳᠣ ᠬᠤᠭᠤᠴᠠᠭᠠᠨ ᠤ ᠳᠣᠭᠳᠠᠯᠴᠠᠭ᠎ᠠ ᠶᠢ ᠪᠠᠶᠢᠭᠤᠯᠵᠣ ᠨᠡᠩ | ᠦᠷᠭᠡᠨ ᠬᠡᠪᠴᠢᠶ᠎ᠡ᠂ ᠨᠡᠩ ᠦᠨᠳᠦᠷ ᠳᠦᠪᠰᠢᠨ᠂ ᠨᠡᠩ ᠬᠦᠨ ᠳᠠᠪᠬᠤᠷᠭ᠎ᠠ ᠶᠢᠨ ᠣᠯᠠᠨ ᠣᠯᠣᠰ ᠤᠨ ᠰᠣᠯᠢᠯᠴᠠᠭᠠᠨ | ᠤ ᠬᠦᠭᠵᠢᠯᠲᠡ ᠶᠢ ᠰᠢᠨ᠎ᠡ ᠬᠡᠯᠪᠡᠷᠢ ᠪᠠᠷ ᠠᠬᠢᠭᠤᠯᠵᠣ ᠳᠠᠪᠰᠢᠩᠭᠤᠢ ᠡᠮᠴᠢᠯᠡᠭᠡᠨ ᠤ ᠮᠡᠷᠭᠡᠵᠢᠯ᠂ ᠬᠠᠮᠢᠶᠠᠷᠣᠯᠳᠠ ᠶᠢᠨ | ᠣᠶᠢᠯᠠᠭᠠᠭᠳᠠᠬᠤᠨ ᠢ ᠡᠮᠨᠡᠯᠬᠡ ᠳᠤ ᠳᠦᠬᠡᠮᠡᠯᠵᠢᠬᠦᠯᠵᠦ ᠡᠮᠴᠢᠯᠡᠭᠡᠨ ᠤ ᠮᠡᠷᠭᠡᠵᠢᠯ ᠪᠠ ᠡᠷᠳᠡᠮ ᠰᠢᠨᠵᠢᠯᠡᠬᠡᠨ ᠤ | ᠰᠤᠳᠤᠯᠭᠠᠨ ᠤ ᠬᠦᠭᠵᠢᠯᠲᠡ ᠶᠢ ᠠᠬᠢᠭᠤᠯᠣᠭᠰᠠᠨ ᠪᠠᠶᠢᠨ᠎ᠠ᠃ | | | | | | | | |