10 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ | ᠲᠠᠷᠤᠭ᠎ᠠ ᠵᠤᠤ ᠹᠸᠢ ᠯᠤ᠋ ᠲᠤᠭ ᠪᠠᠯᠭᠠᠰᠤ ᠪᠠ ᠥᠥᠰᠢᠨᠵᠤᠤ ᠪᠠᠯᠭᠠᠰᠤᠨ ᠳᠤ ᠬᠦᠷᠴᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠭᠢᠨᠠᠨ ᠵᠢᠯᠤᠭᠤᠳᠤᠯᠭ᠎ᠠ ᠪᠠᠶᠢᠴᠠᠭᠠᠯᠳᠠ ᠭᠢᠭᠦ ᠶᠢᠨ ᠬᠠᠮᠳᠤ | ᠵᠢᠭᠠᠨ ᠵᠢᠯᠤᠭᠤᠳᠤᠯᠭ᠎ᠠ ᠠᠭᠢᠭᠤᠯᠤᠯᠳᠠ ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠲᠡᠳ᠋ ᠱᠥᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ | ᠵᠠᠰᠠᠭ ᠤᠨ ᠤᠷᠳᠤᠨ ᠤ ᠬᠤᠰᠢᠭᠤ ᠲᠡᠳ᠋ ᠳᠠᠷᠤᠭ᠎ᠠ ᠪᠠᠶᠠᠨᠴᠡᠩᠭᠡᠯ ᠪᠤᠯᠤᠨ ᠵᠠᠰᠠᠭ ᠤᠨ ᠤᠷᠳᠤᠨ ᠤ ᠠᠯᠪᠠᠨ ᠭᠡᠷ᠂ | ᠶᠠᠳᠠᠭᠤ ᠶᠢ ᠲᠠᠳᠭᠦᠨ ᠨᠠᠭᠡᠭᠡᠯᠳᠠ ᠭᠢᠭᠦ ᠲᠥᠪ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠵᠤ ᠡᠯ᠎ᠠ ᠰᠤᠮᠤ | ᠪᠠᠯᠭᠠᠰᠤᠨ ᠤ ᠤᠳᠤᠷᠢᠳᠬᠤ ᠪᠠᠭ ᠤᠨ ᠪᠥᠷᠢᠯᠳᠤᠭᠦᠨ᠂ ᠬᠤᠯᠪᠤᠭᠳᠠᠯ ᠪᠥᠭᠦᠢ ᠳᠠᠭᠠᠭᠠᠴᠢᠯᠠᠨ ᠬᠠᠷᠢᠯᠴᠠᠵᠤ ᠲᠠᠳᠭᠦᠨ | ᠲᠠᠮᠵᠢᠭᠦ ᠰᠠᠯᠠᠭ᠎ᠠ ᠮᠥᠴᠢᠷ ᠪᠠ ᠭᠠᠴᠠᠭ᠎ᠠ ᠲᠤᠰᠬᠤᠨ ᠤ ︽ᠬᠤᠶᠠᠷ ᠵᠥᠪᠯᠠᠯ︾ ᠤᠨ ᠬᠠᠷᠢᠭᠤᠴᠠᠯᠭᠠᠳᠠᠳ᠂ | ᠲᠤᠰᠬᠤᠨ ᠳᠤ ᠰᠠᠭᠤᠭ᠎ᠠ ᠨᠢᠭᠡᠳᠤᠭᠡᠷ ᠱᠥᠵᠢ ᠨᠠᠷ ᠠᠭᠢᠭᠤᠯᠤᠯᠳᠠ ᠶᠢᠨ ᠬᠤᠷᠠᠯ ᠳᠤ ᠤᠷᠤᠯᠴᠠᠪᠠ᠃ | | | | | ᠵᠤᠤ ᠹᠸᠢ ᠯᠤ᠋ ᠨᠠᠷ ᠤᠷᠢᠳ ᠬᠤᠵᠢᠳ ᠲᠤᠭ ᠪᠠᠯᠭᠠᠰᠤᠨ ᠤ ᠲᠤᠭᠤᠯᠳᠠᠢ ᠭᠠᠴᠠᠭ᠎ᠠ ᠪᠤᠯᠤᠨ ᠦᠦᠰᠢᠨᠵᠤᠤ | ᠪᠠᠯᠭᠠᠰᠤᠨ ᠤ ᠦᠦᠰᠢᠨᠵᠤᠤ ᠭᠠᠴᠠᠭᠠᠨ ᠤ ᠭᠡᠰᠡᠭ ᠶᠠᠳᠠᠭᠤ ᠬᠦᠴᠢᠷᠳᠡᠯᠲᠡᠢ ᠡᠷᠦᠬᠡ ᠳᠤ ᠬᠦᠷᠴᠤ ᠳᠡᠲᠡᠨ ᠤ ᠶᠠᠳᠠᠭᠤ | ᠬᠦᠴᠢᠷᠳᠡᠯᠲᠡᠢ ᠪᠤᠯᠤᠭᠰᠠᠨ ᠰᠢᠯᠳᠠᠭᠠᠨ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠲᠤᠭᠤᠰᠢᠯᠠᠭᠤᠯᠤᠯᠲᠠ | ᠂ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠦᠷ᠎ᠡ ᠪᠦᠲᠦᠮᠵᠢ | ᠵᠢᠴᠢ ᠳᠡᠳᠬᠦᠨ ᠳᠡᠮᠵᠢᠬᠦ ᠶᠢ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ᠂ ᠲᠤᠰᠬᠤᠨ ᠳᠤ ᠰᠠᠭᠤᠭ᠎ᠠ ᠺᠠᠳ᠋ᠷᠴᠤᠳ | ᠤᠨ ᠠᠵᠢᠯ ᠤᠨ ᠦᠷᠨᠢᠯᠲᠡ ᠶᠢᠨ ᠪᠠᠶᠢᠳᠠᠯ ᠢ ᠨᠠᠷᠢᠨ ᠤᠶᠢᠯᠠᠭᠠᠵᠤ ᠳᠡᠲᠡᠨ ᠢ ᠢᠲᠡᠭᠡᠯ ᠵᠤᠷᠢᠭ ᠢᠶᠠᠨ ᠬᠦᠪᠴᠢᠯᠡᠨ | ᠰᠢᠷᠭᠠᠭᠤ ᠬᠦᠳᠡᠯᠮᠦᠷᠢ ᠰᠢᠨᠲᠠᠷᠠᠰᠢ ᠦᠭᠡᠢ ᠵᠤᠷᠢᠭ ᠢᠶᠠᠷ ᠢᠶᠠᠨ ᠤᠷᠤᠯᠭ᠎ᠠ ᠪᠠᠨ ᠳᠤᠭᠳᠠᠭᠤᠨ ᠢᠶᠠᠷ ᠨᠡᠮᠡᠭᠳᠡᠭᠦᠯᠵᠤ | ᠶᠠᠳᠠᠭᠤ ᠠᠴᠠ ᠠᠩᠬᠢᠵᠢᠷᠠᠬᠤ ᠪᠠᠷ ᠴᠢᠷᠮᠠᠶᠢᠬᠤ ᠬᠡᠷᠡᠭᠲᠡᠢ ᠬᠡᠪᠡ᠃ | ᠵᠤᠤ ᠹᠸᠢ ᠯᠤ᠋ ᠲᠤᠭ ᠪᠠᠯᠭᠠᠰᠤ ᠪᠤᠯᠤᠨ ᠦᠦᠰᠢᠨᠵᠤᠤ ᠪᠠᠯᠭᠠᠰᠤᠨ ᠳᠤ ᠲᠤᠰ ᠲᠤᠰ ᠶᠠᠳᠠᠭᠤ ᠠᠴᠠ | ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠵᠢᠭᠠᠨ ᠵᠢᠯᠤᠭᠤᠳᠤᠯᠭ᠎ᠠ ᠠᠬᠢᠭᠤᠯᠤᠯᠲᠠ ᠶᠢᠨ ᠬᠤᠷᠠᠯ | ᠬᠤᠷᠠᠯᠳᠤᠭᠤᠯᠵᠤ ᠬᠤᠶᠠᠷ ᠪᠠᠯᠭᠠᠰᠤᠨ ᠤ ᠭᠤᠤᠯ ᠬᠠᠷᠢᠭᠤᠴᠠᠯᠭᠠᠲᠠᠨ ᠤ ᠠᠵᠢᠯ ᠤᠨ ᠮᠡᠳᠡᠭᠦᠯᠦᠯᠲᠡ ᠶᠢ ᠰᠤᠨᠤᠰᠬᠤ | ᠶᠢᠨ ᠬᠠᠮᠲᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠳᠤᠮᠲᠠ ᠤᠷᠤᠰᠢᠵᠤ ᠪᠠᠶᠢᠭ᠎ᠠ | ᠠᠰᠠᠭᠤᠳᠠᠯ ᠤᠨ ᠲᠤᠬᠠᠢ ᠰᠤᠮᠤ ᠪᠠᠯᠭᠠᠰᠤᠨ ᠤ ᠳᠠᠭᠠᠭᠠᠴᠢᠯᠠᠨ ᠬᠠᠷᠢᠯᠴᠠᠵᠤ ᠪᠠᠶᠢᠭ᠎ᠠ ᠺᠠᠳ᠋ᠷᠴᠤᠳ᠂ ᠭᠠᠴᠠᠭ᠎ᠠ | ᠲᠤᠰᠬᠤᠨ ᠤ《 ᠬᠤᠶᠠᠷ ᠵᠦᠪᠯᠡᠯ 》 ᠤᠨ ᠬᠠᠷᠢᠭᠤᠴᠠᠯᠭᠠᠳᠠᠳ᠂ ᠭᠠᠴᠠᠭ᠎ᠠ ᠲᠤᠰᠬᠤᠨ ᠳᠤ ᠰᠠᠭᠤᠭ᠎ᠠ ᠨᠢᠭᠡᠳᠦᠭᠡᠷ | ᠱᠦᠵᠢ ᠨᠠᠷ ᠲᠠᠢ ᠬᠦᠨᠵᠡᠭᠡᠢ ᠶᠠᠷᠢᠯᠴᠠᠵᠤ ᠵᠢᠭᠠᠨ ᠵᠢᠯᠤᠭᠤᠳᠤᠯᠭ᠎ᠠ ᠬᠢᠵᠠᠢ᠃ | | | | | ᠵᠤᠤ ᠹᠸᠢ ᠯᠤ᠋ ᠵᠢᠭᠠᠬᠤ ᠳᠤ ᠪᠠᠨ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠯ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠬᠦᠯᠬᠦ ᠳᠤ ᠡᠷᠬᠡᠪᠰᠢ ᠰᠠᠶᠢᠲᠤᠷ ᠬᠢᠬᠦ ᠠᠵᠢᠯ ᠪᠤᠯᠬᠤ ᠶᠤᠮ᠃ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠪᠤᠯᠤᠨ ᠦᠷᠭᠡᠨ ᠤᠯᠠᠨ ᠺᠠᠳ᠋ᠷᠴᠤᠳ ᠰᠢ ᠶᠢᠨ ᠫᠢᠩ ᠤᠨ ᠰᠢᠨ᠎ᠡ | ᠴᠠᠭ ᠦᠶ᠎ᠡ ᠳᠠᠬᠢ ᠶᠠᠳᠠᠭᠤ ᠶᠢ ᠳᠡᠳᠬᠦᠬᠦ ᠦᠵᠡᠯ ᠰᠠᠨᠠᠭ᠎ᠠ ᠪᠤᠯᠤᠨ ᠶᠠᠳᠠᠭᠤ ᠶᠢ ᠳᠡᠳᠬᠦᠬᠦ ᠠᠵᠢᠯ ᠤᠨ ᠲᠤᠬᠠᠢ | ᠴᠢᠬᠤᠯᠠ ᠵᠢᠭᠠᠪᠤᠷᠢ ᠴᠤᠬᠤᠯᠠᠪᠤᠷᠢ ᠶᠢ ᠬᠦᠨᠵᠡᠭᠡᠢ ᠰᠤᠷᠤᠯᠴᠠᠨ ᠤᠶᠢᠯᠠᠭᠠᠵᠤ᠂ ︽ᠵᠢᠷᠭᠤᠭᠠᠨ ᠨᠠᠷᠢᠯᠢᠭ ᠤᠨᠤᠪᠴᠢᠲᠠᠢ | ︾ ᠱᠠᠭᠠᠷᠳᠠᠯᠭ᠎ᠠ ᠶᠢ ᠰᠠᠶᠢᠲᠤᠷ ᠠᠳᠬᠤᠨ ᠠᠵᠤ ᠦᠢᠯᠡᠰ᠂ ᠡᠮ ᠡᠮᠨᠡᠯᠭᠡ᠂ ᠰᠤᠷᠭᠠᠨ ᠬᠦᠮᠦᠵᠢᠯ ᠵᠡᠷᠭᠡ ᠡᠯ᠎ᠡ | ᠲᠦᠷᠦᠯ ᠤᠨ ᠶᠠᠳᠠᠭᠤ ᠶᠢ ᠳᠡᠳᠬᠦᠬᠦ ᠠᠷᠭ᠎ᠠ ᠪᠠᠷᠢᠯ ᠢ ᠨᠠᠷᠢᠯᠢᠭ ᠤᠨᠤᠪᠴᠢᠲᠠᠢ ᠪᠠᠷ ᠲᠤᠭᠤᠰᠢᠯᠠᠭᠤᠯᠵᠤ ᠶᠠᠳᠠᠭᠤ ᠶᠢ | ᠳᠡᠳᠬᠦᠬᠦ ᠠᠵᠢᠯ ᠤᠨ ᠦᠷ᠎ᠡ ᠪᠦᠲᠦᠮᠵᠢ ᠶᠢᠨ ᠨᠠᠷᠢᠯᠢᠭ ᠤᠨᠤᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠬᠡᠪᠡ᠃ | ᠵᠤᠤ ᠹᠸᠢ ᠯᠤ᠋ ᠡᠯ᠎ᠡ ᠰᠤᠮᠤ ᠪᠠᠯᠭᠠᠰᠤ ᠪᠤᠯᠤᠨ ᠳᠠᠭᠠᠭᠠᠴᠢᠯᠠᠨ ᠬᠠᠷᠢᠯᠴᠠᠵᠤ ᠪᠠᠶᠢᠭ᠎ᠠ ᠬᠤᠰᠢᠭᠤ ᠰᠢᠭᠤᠳ | ᠬᠠᠷᠢᠶ᠎ᠠ ᠪᠠᠶᠢᠭᠤᠯᠭ᠎ᠠ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠪᠦᠷᠢᠯᠳᠦᠭᠦᠨ ᠭᠡᠰᠢᠭᠦᠨ᠂ ᠭᠠᠴᠠᠭ᠎ᠠ | ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠢ ᠱᠠᠭᠠᠷᠳᠠᠬᠤ ᠳᠤ ᠪᠠᠨ᠂ ᠦᠵᠡᠯᠲᠡ ᠲᠠᠨᠢᠯᠲᠠ ᠪᠤᠯᠤᠨ ᠤᠯᠤᠰ | ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ ᠬᠢᠨᠠᠮᠠᠭᠠᠢ ᠰᠤᠷᠤᠯᠴᠠᠨ ᠨᠠᠷᠢᠯᠢᠭ | ᠤᠨᠤᠪᠴᠢᠲᠠᠢ ᠪᠠᠷ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ᠂ ᠮᠡᠳᠡᠯᠭᠡ ᠶᠢ ᠰᠢᠰᠲ᠋ᠧᠮ ᠲᠠᠢ ᠪᠠᠷ ᠡᠵᠡᠮᠰᠢᠨ | ᠦᠪᠡᠷ ᠪᠡᠶ᠎ᠡ ᠶᠢᠨ ᠤᠨᠤᠯ ᠤᠨ ᠬᠢᠷᠢ ᠳᠦᠪᠰᠢᠨ ᠪᠤᠯᠤᠨ ᠠᠵᠢᠯ ᠤᠨ ᠴᠢᠳᠠᠪᠬᠢ ᠪᠠᠨ ᠳᠠᠰᠤᠷᠠᠯᠲᠠ ᠦᠭᠡᠢ | ᠲᠡᠭᠡᠭᠰᠢᠯᠡᠬᠦᠯᠬᠦ ᠬᠡᠷᠡᠭᠲᠡᠢ᠃ ᠦᠨᠳᠦᠰᠦᠨ ᠱᠠᠲᠤᠨ ᠤ ᠠᠷᠠᠳ ᠲᠦᠮᠡᠨ ᠪᠤᠯᠤᠨ ᠲᠠᠷᠢᠵᠤ ᠲᠡᠵᠢᠬᠡᠬᠦ ᠦᠢᠯᠡᠰ ᠤᠨ | ᠲᠠᠯ᠎ᠠ ᠪᠠᠷ ᠬᠢ ᠮᠡᠷᠭᠡᠵᠢᠯᠲᠠᠨ ᠠᠴᠠ ᠢᠯᠡᠭᠦᠬᠡᠨ ᠰᠤᠷᠤᠯᠴᠠᠵᠤ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ | ᠲᠡᠭᠡᠭᠰᠢᠯᠡᠬᠦᠯᠬᠦ ᠬᠡᠷᠡᠭᠲᠡᠢ᠃ ᠦᠨᠳᠦᠰᠦᠨ ᠱᠠᠲᠤᠨ ᠳᠤ ᠬᠦᠨᠵᠡᠭᠡᠶᠢᠷᠡᠵᠤ ᠠᠷᠠᠳ ᠲᠦᠮᠡᠨ ᠤ ᠳᠤᠮᠳᠠ ᠬᠦᠨᠵᠡᠭᠡᠶᠢᠷᠡᠨ | ᠤᠬᠠᠭᠤᠯᠤᠨ ᠳᠠᠶᠢᠴᠢᠯᠠᠬᠤ᠂ ᠲᠦᠷᠦ ᠶᠢᠨ ᠪᠤᠳᠤᠯᠭ᠎ᠠ ᠶᠢᠨ ᠲᠠᠶᠢᠯᠦᠮᠵᠢ ᠬᠢᠬᠦ᠂ ᠰᠡᠳᠬᠢᠵᠤ ᠡᠷᠢᠯᠬᠢᠯᠡᠬᠦ ᠵᠡᠷᠭᠡ ᠡᠯ᠎ᠡ | ᠲᠠᠯ᠎ᠠ ᠶᠢᠨ ᠠᠵᠢᠯ ᠢ ᠰᠠᠶᠢᠲᠤᠷ ᠬᠢᠵᠤ ᠶᠠᠳᠠᠭᠤ ᠬᠦᠴᠢᠷᠳᠡᠯᠲᠡᠢ ᠡᠷᠦᠬᠡ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠬᠦ | ᠬᠡᠷᠡᠭᠲᠡᠢ᠃ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠯᠤᠭ᠎ᠠ ᠬᠠᠷᠭᠤᠭᠤᠯᠵᠤ ᠴᠡᠭᠴᠡᠯᠡᠨ ᠵᠠᠰᠠᠬᠤ | ᠠᠵᠢᠯ ᠢ ᠬᠢᠨᠠᠮᠠᠭᠠᠢ ᠬᠢᠬᠦ ᠬᠡᠷᠡᠭᠲᠡᠢ ᠬᠡᠵᠡᠢ᠃ | ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠪᠠᠷᠢᠮᠵᠢᠶ᠎ᠠ ᠶᠤᠰᠤᠭᠠᠷ ᠶᠠᠳᠠᠭᠤ ᠬᠦᠴᠢᠷᠳᠡᠯᠲᠡᠢ ᠡᠷᠦᠬᠡ ᠶᠢ | ᠢᠯᠭᠠᠨ ᠲᠠᠨᠢᠬᠤ ᠪᠤᠯᠤᠨ ᠬᠠᠰᠤᠵᠤ ᠭᠠᠷᠭᠠᠬᠤ ᠠᠵᠢᠯ ᠢ ᠲᠦᠪ ᠴᠢᠩᠭ᠎ᠠ᠂ ᠨᠠᠷᠢᠨ ᠬᠢᠨᠠᠭᠠᠮᠠᠢ ᠬᠢᠬᠦ ᠬᠡᠷᠡᠭᠲᠡᠢ᠃ | ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷᠴᠤᠳ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ ᠭᠠᠴᠠᠭ᠎ᠠ ᠲᠤᠰᠬᠤᠨ | ᠳᠤᠨᠢ ᠵᠤᠬᠢᠴᠠᠭᠤᠯᠤᠨ ᠨᠠᠷᠢᠯᠢᠭ ᠤᠨᠤᠪᠴᠢᠲᠠᠢ ᠪᠠᠷ ᠬᠦᠮᠦᠨ ᠲᠤᠮᠢᠯᠠᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠰ | ᠢᠶᠠᠷ ᠶᠠᠳᠠᠭᠤ ᠶᠢ ᠳᠡᠳᠬᠦᠬᠦ ᠲᠠᠯ᠎ᠠ ᠪᠠᠷ ᠡᠷᠬᠡᠪᠰᠢ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠲᠤᠯᠭ᠎ᠠ ᠬᠡᠷᠡᠭᠵᠢᠭᠦᠯᠵᠤ | ᠳᠡᠳᠬᠦᠨ ᠳᠡᠮᠵᠢᠬᠦ ᠠᠷᠭ᠎ᠠ ᠪᠤᠲᠤᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠦᠢᠯᠡᠳᠪᠦᠷᠢᠯᠡᠯ ᠤᠨ ᠶᠠᠪᠤᠴᠠ ᠳᠠᠬᠢ | ᠵᠢᠭᠠᠨ ᠵᠢᠯᠤᠭᠤᠳᠤᠯᠭ᠎ᠠ ᠪᠤᠯᠤᠨ ᠬᠠᠮᠢᠶᠠᠷᠤᠯᠲᠠ ᠶᠢ ᠴᠢᠩᠭᠠᠳᠬᠠᠵᠤ ᠶᠠᠳᠠᠭᠤ ᠶᠢ ᠳᠡᠳᠬᠦᠬᠦ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠬᠡᠷᠡᠭᠲᠡᠢ᠃ ︽ᠭᠤᠷᠪᠠᠨ ᠨᠢᠭᠡ ᠪᠦᠯᠦᠭ︾ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ | ᠡᠪᠡᠳᠴᠢᠯᠡᠭᠰᠡᠨ ᠠᠴᠠ ᠪᠤᠯᠵᠤ ᠶᠠᠳᠠᠭᠤᠷᠠᠵᠤ᠂ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠬᠡᠪᠡ᠃ | ᠵᠤᠤ ᠹᠸᠢ ᠯᠤ᠋ ᠠᠴᠠ ᠰᠤᠮᠤ ᠪᠠᠯᠭᠠᠰᠤᠨ ᠤ ᠡᠨᠡ ᠡᠪᠦᠯ ᠳᠠᠷᠠᠭ᠎ᠠ ᠬᠠᠪᠤᠷ ᠤᠨ ᠭᠤᠤᠯᠳᠠᠯᠭ᠎ᠠ ᠲᠠᠢ ᠠᠵᠢᠯ ᠳᠤ | ᠪᠠᠶᠢᠷᠢᠯᠠᠭᠤᠯᠤᠯᠲᠠ ᠬᠢᠪᠡ᠃ ᠡᠯ᠎ᠡ ᠰᠤᠮᠤ ᠪᠠᠯᠭᠠᠰᠤ ᠶᠢᠨ ᠬᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ | ᠠᠵᠢᠯ ᠢ ᠢᠳᠡᠪᠬᠢᠲᠠᠢ ᠪᠠᠷ ᠲᠦᠯᠦᠪᠵᠢᠭᠦᠯᠵᠤ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ᠂ | ᠪᠤᠵᠠᠷ ᠤᠰᠤ ᠶᠢ ᠰᠢᠢᠳᠪᠦᠷᠢᠯᠡᠬᠦ ᠤᠷᠳᠤ ᠬᠤᠭᠤᠴᠠᠭᠠᠨ ᠤ ᠲᠤᠭᠲᠠᠯᠴᠠᠭ᠎ᠠ ᠶᠢ ᠰᠤᠳᠤᠯᠤᠨ ᠪᠠᠶᠢᠭᠤᠯᠵᠤ ᠵᠤᠷᠯᠤᠩ | ᠤᠨ ᠦᠭᠡᠷᠡᠴᠢᠯᠡᠯᠲᠡ ᠶᠢᠨ ᠠᠵᠢᠯ ᠵᠡᠷᠭᠡ ᠶᠢ ᠲᠤᠭᠲᠠᠭᠤᠨ ᠢᠶᠠᠷ ᠠᠬᠢᠭᠤᠯᠬᠤ ᠬᠡᠷᠡᠭᠲᠡᠢ᠃ ᠡᠪᠦᠯ ᠤᠨ ᠤᠯᠠᠷᠢᠯ ᠳᠠᠬᠢ | ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠠᠶᠢᠯ ᠡᠷᠦᠬᠡ ᠳᠤ ᠬᠦᠨᠵᠡᠭᠡᠶᠢᠷᠡᠵᠤ ᠲᠦᠷᠦ ᠶᠢᠨ ᠪᠤᠳᠤᠯᠭ᠎ᠠ᠂ ᠬᠠᠤᠯᠢ | ᠴᠠᠭᠠᠵᠠ᠂ ᠠᠮᠤᠷ ᠳᠦᠪᠰᠢᠨ ᠪᠤᠯᠤᠨ ᠮᠠᠯ ᠲᠠᠷᠢᠶᠠᠯᠠᠩ ᠤᠨ ᠦᠢᠯᠡᠰ ᠤᠨ ᠲᠤᠬᠠᠢ ᠮᠡᠳᠡᠯᠭᠡ ᠶᠢᠨ ᠤᠬᠠᠭᠤᠯᠭ᠎ᠠ | ᠲᠠᠶᠢᠯᠦᠮᠵᠢ ᠶᠢ ᠰᠠᠶᠢᠲᠤᠷ ᠬᠢᠵᠤ ᠰᠢᠯᠢᠳᠡᠭ ᠰᠠᠶᠢᠨ ᠬᠦᠳᠡᠭᠡ ᠨᠤᠲᠤᠭ ᠤᠨ ᠪᠤᠯᠪᠠᠰᠤᠨ ᠰᠤᠷᠲᠠᠯ ᠢ ᠬᠦᠮᠦᠵᠢᠬᠦᠯᠬᠦ | ᠬᠡᠷᠡᠭᠲᠡᠢ᠃ ᠶᠠᠳᠠᠭᠤ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ ᠡᠷᠦᠬᠡ ᠶᠢᠨ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠠᠩᠬᠠᠷᠤᠨ ᠬᠠᠯᠠᠮᠵᠢᠯᠠᠵᠤ ᠬᠦᠴᠢᠷᠳᠡᠯ ᠢ ᠴᠠᠭ ᠲᠤᠬᠠᠢ ᠳᠤᠨᠢ ᠤᠶᠢᠯᠠᠭᠠᠬᠤ ᠬᠡᠷᠡᠭᠲᠡᠢ᠃ | ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠵᠢᠵᠢᠭ ᠠᠵᠤ | ᠠᠬᠤᠶᠢᠯᠠᠯ᠂ ᠪᠠᠷᠢᠯᠭ᠎ᠠ ᠶᠢᠨ ᠭᠠᠵᠠᠷ᠂ ᠪᠠᠭ᠎ᠠ ᠲᠠᠯᠠᠪᠤᠷ ᠤᠨ ᠠᠶᠦᠯᠭᠦᠢ ᠦᠢᠯᠡᠳᠪᠦᠷᠢᠯᠡᠯ ᠢ ᠠᠩᠬᠠᠷᠴᠦ | ᠪᠠᠶᠢᠴᠠᠭᠠᠯᠲᠠ ᠵᠢᠭᠠᠨ ᠵᠢᠯᠤᠭᠤᠳᠤᠯᠭ᠎ᠠ ᠬᠢᠵᠤ ᠴᠡᠭᠴᠡᠯᠡᠨ ᠵᠠᠰᠠᠬᠤ ᠶᠢ ᠱᠠᠭᠠᠷᠳᠠᠬᠤ ᠬᠡᠷᠡᠭᠲᠡᠢ ᠭᠡᠵᠡᠢ᠃ | | | | | ᠵᠤᠤ ᠹᠸᠢ ᠯᠤ᠋ ᠨᠠᠷ ᠪᠠᠰᠠ ᠶᠠᠳᠠᠭᠤ ᠶᠢ ᠳᠡᠳᠬᠦᠨ ᠨᠡᠭᠡᠭᠡᠯᠲᠡ ᠬᠢᠬᠦ ᠲᠦᠪ ᠤᠨ ᠲᠠᠩᠰᠠ ᠡᠪᠬᠡᠮᠡᠯ ᠤᠨ | ᠲᠦᠷᠦᠯ ᠬᠤᠪᠢᠶᠠᠵᠤ ᠡᠮᠬᠢᠳᠭᠡᠭᠰᠡᠨ ᠪᠠᠶᠢᠳᠠᠯ᠂ ᠦᠦᠰᠢᠨᠵᠤᠤ ᠪᠠᠯᠭᠠᠰᠤᠨ ᠤ ᠬᠠᠭᠤᠴᠢᠨ ᠲᠤᠭᠤᠷᠢᠭ᠂ ᠪᠤᠷᠦ ᠬᠡᠷᠲᠦ | ᠲᠤᠭᠤᠷᠢᠭ ᠤᠨ ᠦᠭᠡᠷᠡᠴᠢᠯᠡᠯᠲᠡ᠂ ᠦᠦᠰᠢᠨᠵᠤᠤ ᠰᠦᠮ᠎ᠡ ᠶᠢᠨ ᠲᠡᠦᠬᠡᠨ ᠲᠤᠷᠠᠰᠬᠠᠯᠲᠦ ᠵᠦᠢᠯᠡᠰ ᠢ ᠵᠠᠰᠠᠨ | ᠰᠡᠯᠪᠢᠵᠤ ᠪᠠᠶᠢᠭ᠎ᠠ ᠪᠠᠶᠢᠳᠠᠯ ᠢ ᠲᠤᠬᠠᠢ ᠶᠢᠨ ᠲᠠᠯᠠᠪᠤᠷ ᠲᠤ ᠤᠴᠢᠨ ᠪᠠᠶᠢᠴᠠᠭᠠᠨ ᠦᠵᠡᠵᠤ ᠠᠶᠦᠯᠭᠦᠢ | ᠦᠢᠯᠡᠳᠪᠦᠷᠢᠯᠡᠯ᠂ ᠲᠡᠦᠬᠡᠨ ᠲᠤᠷᠠᠰᠬᠠᠯᠲᠦ ᠵᠦᠢᠯ ᠤᠨ ᠬᠠᠮᠠᠭᠠᠯᠠᠯᠲᠠ ᠵᠡᠷᠭᠡ ᠲᠠᠯ᠎ᠠ ᠪᠠᠷ ᠠᠩᠬᠠᠷᠣᠭᠤᠯᠣᠨ | ᠴᠢᠬᠤᠯᠠᠴᠢᠯᠠᠪᠠ᠃ |