10 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠪᠥᠭᠦ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠭᠢᠷᠠᠭᠤᠯᠤᠯᠳᠠ ᠶᠢᠨ | ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠦᠪᠯᠡᠯᠭᠡᠨ ᠤ | ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ | ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ | ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ | ᠤᠳᠤᠷᠢᠳᠤᠯᠭ᠎ᠠ ᠬᠤᠷᠠᠯ ᠳᠤ ᠰᠠᠭᠠᠲᠠᠵᠤ᠂ ᠡᠯ᠎ᠡ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠬᠤᠰᠢᠭᠤ ᠰᠢᠭᠤᠳ | ᠬᠠᠷᠢᠶ᠎ᠠ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠪᠠ ᠡᠯ᠎ᠠ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ | ᠬᠤᠷᠠᠯ ᠳᠤ ᠤᠷᠤᠯᠴᠠᠪᠠ᠃ | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ᠠᠵᠢᠯ ᠢᠶᠠᠨ | ᠥᠷᠭᠦᠯᠵᠢᠯᠠᠨ ᠠᠭᠢᠭᠤᠯᠬᠤ ᠬᠡᠷᠡᠭᠲᠠᠢ᠃ ᠭᠤᠤᠯᠳᠠᠯᠭ᠎ᠠ ᠶᠢ ᠤᠯᠠᠮ ᠨᠢᠭᠡ ᠠᠯᠬᠤᠮ ᠲᠤᠪᠤᠶᠢᠯᠭᠠᠨ ᠭᠥᠴᠢᠷ ᠢ ᠢᠯᠠᠨ | ᠠᠵᠢᠯ ᠲᠥᠷᠥᠯ ᠢᠶᠠᠷ ᠶᠠᠳᠠᠭᠤ ᠶᠢ ᠲᠠᠳᠭᠦᠭᠦ ᠡᠯ᠎ᠠ ᠲᠥᠷᠥᠯ ᠤᠨ ᠲᠥᠷᠥ ᠶᠢᠨ ᠪᠤᠳᠤᠯᠭ᠎ᠠ ᠶᠢ ᠪᠤᠳᠠᠳᠠᠢ ᠳᠤ | ᠨᠠᠶᠢᠳᠠᠪᠤᠷᠢᠵᠢᠭᠤᠯᠵᠤ ᠥᠷ᠎ᠠ ᠪᠥᠳᠥᠮᠵᠢ ᠭᠠᠷᠭᠠᠬᠤ ᠭᠡᠷᠡᠭᠳᠠᠢ᠃ ᠰᠤᠮᠤ ᠪᠠᠯᠭᠠᠰᠤ ᠭᠠᠴᠠᠭ᠎ᠠ ᠲᠤᠰᠬᠤᠨ ᠢ | ᠬᠠᠷᠢᠭᠤᠴᠠᠵᠤ ᠪᠠᠶᠢᠭ᠎ᠠ ᠨᠥᠭᠦᠳ ᠪᠤᠯᠤᠨ ᠭᠠᠴᠠᠭ᠎ᠠ ᠲᠤᠰᠬᠤᠨ ᠳᠤ ᠰᠠᠭᠤᠷᠢᠰᠢᠭ᠎ᠠ ᠠᠵᠢᠯ ᠤᠨ ᠲᠤᠭᠤᠶᠢᠯᠠᠩ᠂ | ᠳᠠᠭᠠᠭᠠᠴᠢᠯᠠᠨ ᠬᠠᠷᠢᠯᠴᠠᠬᠤ ᠺᠠᠳ᠋ᠷᠴᠤᠳ ᠲᠤᠬᠠᠢ ᠶᠢᠨ ᠭᠠᠵᠠᠷ ᠤᠨ ᠪᠠᠶᠢᠳᠠᠯ᠂ ᠭᠠᠴᠠᠭ᠎ᠠ ᠲᠤᠰᠬᠤᠨ ᠤ ᠪᠠᠶᠢᠳᠠᠯ ᠢ | ᠪᠥᠭᠦ ᠲᠠᠯ᠎ᠠ ᠪᠠᠷ ᠨᠠᠷᠢᠨ ᠤᠶᠢᠯᠠᠭᠠᠬᠤ ᠭᠡᠷᠡᠭᠳᠠᠢ᠃ ᠲᠥᠷᠥ ᠶᠢᠨ ᠪᠤᠳᠤᠯᠭ᠎ᠠ ᠶᠢᠨ ᠤᠬᠠᠭᠤᠯᠭ᠎ᠠ ᠶᠢ ᠤᠷᠤᠨᠵᠢᠭᠤᠯᠵᠤ | ᠤᠯᠠᠨ ᠲᠥᠮᠡᠨ ᠳᠤ ᠲᠥᠷᠥ ᠶᠢᠨ ᠪᠤᠳᠤᠯᠭ᠎ᠠ ᠶᠢ ᠰᠠᠶᠢᠲᠤᠷ ᠤᠶᠢᠯᠠᠭᠠᠭᠤᠯᠬᠤ ᠬᠡᠷᠡᠭᠲᠠᠢ᠃ ᠤᠷᠴᠢᠨ ᠲᠤᠭᠤᠷᠢᠨ ᠤ | ᠶᠡᠷᠦᠩᠭᠡᠶᠢᠯᠡᠭᠰᠡᠨ ᠴᠡᠭᠴᠡᠯᠡᠨ ᠵᠠᠰᠠᠯᠲᠠ ᠶᠢ ᠰᠠᠶᠢᠨ ᠭᠢᠵᠤ᠂ ᠭᠡᠷ ᠪᠠᠶᠢᠰᠢᠩ ᠬᠠᠰᠢᠶ᠎ᠠ ᠰᠠᠷᠠᠪᠴᠢ ᠶᠢ ᠴᠡᠪᠡᠷ ᠴᠡᠮᠴᠡᠭᠡᠷ | ᠪᠤᠯᠭᠠᠨ᠂ ᠭᠠᠴᠠᠭ᠎ᠠ ᠲᠤᠰᠬᠤᠨ ᠢᠶᠠᠨ ᠭᠤᠶᠤᠵᠢᠭᠤᠯᠬᠤ ᠬᠡᠷᠡᠭᠲᠠᠢ᠃ ᠭᠠᠴᠠᠭ᠎ᠠ ᠲᠤᠰᠬᠤᠨ ᠤ ᠬᠠᠮᠢᠶᠠᠷᠤᠯᠳᠠ ᠪᠤᠯᠤᠨ | ᠵᠠᠰᠠᠯᠳᠠ ᠶᠢ ᠴᠢᠩᠭᠠᠳᠬᠠᠨ ᠰᠠᠶᠢᠨ ᠰᠠᠶᠢᠬᠠᠨ ᠨᠡᠶᠢᠭᠡᠮ ᠤᠨ ᠤᠷᠴᠢᠨ ᠢ ᠪᠦᠷᠢᠯᠳᠦᠬᠦᠯᠵᠤ ᠨᠠᠰᠤᠳᠠᠶᠢᠴᠤᠳ ᠤᠨ | ᠡᠷᠤᠭᠡ᠂ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠤᠭᠡ᠂ ᠭᠥᠨᠳᠤ ᠡᠪᠡᠳᠴᠢᠳᠠᠨ ᠲᠠᠢ ᠡᠷᠤᠭᠡ | ᠂ ᠵᠠᠮᠳᠡᠭ ᠭᠥᠮᠤᠨ ᠲᠠᠢ ᠡᠷᠤᠭᠡ ᠵᠡᠷᠭᠡ ᠭᠥᠴᠢᠷᠳᠠᠯᠳᠠᠢ ᠤᠯᠠᠨ ᠲᠥᠮᠠᠨ ᠢ ᠢᠯᠠᠭᠦᠭᠡᠨ ᠬᠠᠯᠠᠮᠵᠢᠯᠠᠵᠤ ᠪᠥᠭᠦ ᠮᠠᠯᠴᠢᠨ | ᠲᠠᠷᠢᠶᠠᠴᠢᠨ ᠳᠤ ᠲᠦᠭᠡᠮᠡᠯᠵᠢᠭᠰᠡᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠤᠶᠤᠠᠯᠢᠭ ᠮᠠᠯᠵᠢᠬᠤ ᠲᠠᠷᠢᠶᠠᠯᠠᠬᠤ | ᠤᠷᠤᠨ ᠢ ᠪᠥᠳᠥᠭᠡᠨ ᠪᠠᠶᠢᠭᠤᠯᠬᠤ ᠭᠡᠷᠡᠭᠳᠠᠢ ᠭᠡᠵᠡᠢ᠃ | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠭᠢᠨᠠᠨ ᠪᠠᠶᠢᠴᠠᠭᠠᠯᠳᠠ ᠪᠠ ᠰᠢᠯᠭᠠᠨ ᠬᠢᠨᠠᠯᠲᠠ ᠶᠢ ᠴᠢᠩᠭᠠᠳᠬᠠᠨ᠂ | ᠺᠠᠳ᠋ᠷᠴᠤᠳ ᠤᠨ ᠠᠵᠢᠯ ᠤᠨ ᠰᠤᠷᠳᠠᠯ ᠢ ᠬᠤᠪᠢᠷᠠᠭᠤᠯᠵᠤ ᠠᠷᠠᠳ ᠢᠷᠭᠡᠳ ᠢ ᠬᠠᠨᠤᠮᠵᠢᠲᠠᠢ ᠪᠠᠶᠢᠯᠭᠠᠬᠤ ᠬᠡᠷᠡᠭᠲᠠᠢ᠃ | ᠭᠢᠨᠠᠨ ᠪᠠᠶᠢᠴᠠᠭᠠᠯᠳᠠ᠂ ᠲᠤᠭᠢᠷᠠᠭᠤᠯᠤᠯᠳᠠ ᠶᠢ ᠰᠠᠶᠢᠲᠤᠷ ᠬᠢᠵᠤ ᠬᠢᠨᠠᠯᠲᠠ ᠪᠠᠶᠢᠴᠠᠭᠠᠯᠳᠠ ᠪᠠᠨ ᠴᠢᠩᠭᠠᠳᠬᠠᠨ | ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠷᠢᠯᠴᠠᠨ ᠬᠠᠪᠰᠤᠷᠤᠯᠴᠠᠵᠤ ᠲᠠᠷᠢᠭᠦᠨ ᠤ ᠨᠠᠶᠢᠳᠡᠯᠢᠭ ᠵᠢᠱᠢᠶ᠎ᠡ ᠶᠢ ᠪᠤᠢ | ᠪᠤᠯᠭᠠᠨ ᠠᠵᠢᠯ ᠤᠨ ᠰᠤᠷᠳᠠᠯ ᠳᠤᠤᠷ᠎ᠠ ᠺᠠᠳ᠋ᠷᠴᠤᠳ ᠠᠴᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ︽ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠴᠢᠩᠭ᠎ᠠ ᠠᠳᠬᠤᠵᠤ ᠭᠥᠳᠡᠭᠡ ᠲᠤᠰᠬᠤᠨ ᠢ ᠭᠥᠭᠵᠢᠭᠦᠯᠤᠨ | ᠮᠠᠨᠳᠤᠭᠤᠯᠬᠤ᠂ ᠤᠷᠴᠢᠨ ᠲᠤᠭᠤᠷᠢᠨ ᠤ ᠴᠡᠭᠴᠡᠯᠡᠨ ᠵᠠᠰᠠᠯᠲᠠ᠂ ᠰᠠᠭᠤᠷᠢ ᠲᠥᠭᠦᠭᠡᠷᠤᠮᠵᠢ ᠶᠢᠨ ᠪᠥᠳᠥᠭᠡᠨ | ᠪᠠᠶᠢᠭᠤᠯᠤᠯᠳᠠ᠂ ᠠᠶᠤᠯᠭᠦᠢ ᠥᠢᠯᠡᠳᠪᠤᠷᠢᠯᠠᠯ᠂ ᠲᠤᠭᠳᠠᠭᠤᠨ ᠢ ᠬᠠᠮᠠᠭᠠᠯᠠᠬᠤ ᠵᠡᠷᠭᠡ ᠡᠯ᠎ᠠ ᠲᠥᠷᠥᠯ ᠤᠨ ᠠᠵᠢᠯ ᠢ | ᠨᠢᠭᠡᠳᠤᠯᠳᠠᠢ ᠲᠥᠯᠥᠪᠵᠢᠭᠦᠯᠤᠨ ᠰᠠᠶᠢᠨ ᠭᠢᠵᠤ ᠡᠷᠤᠭᠡ ᠳᠤ ᠬᠦᠷᠴᠤ ᠪᠠᠶᠢᠴᠠᠭᠠᠯᠳᠠ ᠬᠢᠬᠦ ᠶᠢ ᠪᠦᠬᠦ ᠲᠠᠯ᠎ᠠ ᠪᠠᠷ | ᠦᠷᠬᠦᠯᠵᠢᠯᠡᠬᠦᠯᠦᠨ ᠲᠠᠷᠠᠭ᠎ᠠ ᠵᠢᠯ ᠤᠨ ᠡᠯ᠎ᠠ ᠲᠥᠷᠥᠯ ᠤᠨ ᠠᠵᠢᠯ ᠢᠶᠠᠨ ᠡᠷᠳᠠ ᠠᠴᠠ ᠲᠦᠯᠦᠪᠵᠢᠬᠦᠯᠵᠤ ᠡᠪᠤᠯ ᠤᠨ | ᠰᠤᠯᠠ ᠰᠠᠯᠠᠭᠦᠤ ᠴᠠᠭ ᠢ ᠠᠰᠢᠭᠯᠠᠨ ᠲᠦᠯᠦᠪᠵᠢᠬᠦᠯᠦᠨ ᠨᠠᠶᠢᠷᠠᠭᠤᠯᠬᠤ᠂ ᠭᠠᠷ ᠭᠥᠢᠴᠡᠳᠭᠡᠯ ᠡᠷᠭᠢᠯᠠᠭᠦ ᠵᠡᠷᠭᠡ | ᠪᠠᠯᠠᠳᠭᠡᠯ ᠠᠵᠢᠯ ᠢ ᠰᠠᠶᠢᠨ ᠭᠢᠵᠤ ᠲᠠᠷᠠᠭ᠎ᠠ ᠵᠢᠯ ᠤᠨ ᠡᠯ᠎ᠠ ᠲᠥᠷᠥᠯ ᠤᠨ ᠠᠵᠢᠯ ᠢᠶᠠᠨ ᠰᠠᠶᠢᠨ ᠢᠶᠠᠷ ᠡᠭᠢᠯᠠᠭᠦᠯᠭᠦ ᠳᠤ | ᠰᠠᠭᠤᠷᠢ ᠲᠠᠯᠪᠢᠬᠤ ᠭᠡᠷᠡᠭᠳᠠᠢ ᠭᠡᠵᠡᠢ᠃ |