10 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠷᠢ | ᠦᠭᠴᠡᠭᠡ ᠶᠢ ᠢᠯᠭᠠᠷᠠᠭᠤᠯᠬᠤ ᠲᠦᠪ᠂ ᠶᠠᠳᠠᠭᠤ ᠶᠢ ᠳᠡᠳᠬᠦᠨ ᠨᠡᠬᠡᠬᠡᠯᠳᠡ ᠬᠢᠬᠦ ᠲᠦᠪ ᠲᠤ ᠬᠦᠷᠴᠦ ᠦᠷᠢ | ᠥᠭᠴᠡᠭᠡ ᠶᠢ ᠢᠯᠭᠠᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠲᠠᠩᠰᠠ ᠡᠪᠬᠡᠮᠡᠯ ᠢ | ᠡᠮᠬᠢᠳᠭᠡᠬᠦ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠬᠢᠵᠤ ᠵᠠᠰᠠᠭ ᠤᠨ ᠤᠷᠳᠤᠨ ᠤ ᠦᠷᠢ | ᠦᠭᠴᠡᠭᠡ ᠶᠢ ᠢᠯᠭᠠᠷᠠᠭᠤᠯᠬᠤ ᠬᠢᠬᠡᠳ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠲᠠᠩᠰᠠ ᠡᠪᠬᠡᠮᠡᠯ ᠢ ᠬᠤᠷᠢᠶᠠᠨ ᠴᠤᠭᠯᠠᠭᠤᠯᠬᠤ᠂ ᠡᠮᠬᠢᠯᠡᠬᠦ᠂ ᠲᠠᠩᠰᠠᠯᠠᠵᠤ ᠬᠠᠮᠢᠶᠠᠷᠬᠤ ᠵᠡᠷᠭᠡ ᠪᠠᠶᠢᠳᠠᠯ ᠢ ᠪᠠᠶᠢᠴᠠᠭᠠᠨ | ᠦᠵᠡᠬᠦ ᠶᠢᠨ ᠬᠠᠮᠲᠤ ᠨᠠᠷᠢᠨ ᠬᠢᠨᠠᠮᠠᠭᠠᠢ ᠰᠤᠳᠤᠯᠤᠯᠳᠠ ᠭᠢᠪᠠ᠃ ᠬᠤᠰᠢᠭᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠵᠢᠴᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠨ ᠰᠤᠳᠤᠯᠤᠯᠳᠠ ᠬᠢᠪᠡ᠃ | | | | | ᠦᠷᠢ ᠦᠭᠴᠡᠭᠡ ᠶᠢ ᠢᠯᠭᠠᠷᠠᠭᠤᠯᠬᠤ ᠲᠦᠪ ᠲᠤ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠵᠠᠰᠠᠭ ᠤᠨ | ᠤᠷᠳᠤᠨ ᠤ ᠦᠷᠢ ᠦᠭᠴᠡᠭᠡ ᠶᠢ ᠢᠯᠭᠠᠷᠠᠭᠤᠯᠬᠤ ᠠᠵᠢᠯ ᠪᠤᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠠᠯᠠᠭᠦᠯᠭᠦ | ᠰᠢᠢᠳᠪᠦᠷᠢᠲᠤ ᠢᠯᠠᠯᠲᠠ ᠶᠢ ᠲᠡᠮᠡᠴᠡᠨ ᠤᠯᠵᠤ ︽ᠭᠤᠷᠪᠠᠨ ᠶᠡᠭᠡ ᠪᠤᠭᠤᠮᠲᠠ ᠰᠢᠪᠳᠤᠯᠬᠤ ᠲᠠᠶᠢᠯᠠᠯᠳᠤᠭᠠᠨ︾ ᠤ | ᠲᠡᠷᠢᠬᠦᠨ ᠴᠢᠬᠤᠯᠠ ᠠᠵᠢᠯ ᠪᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ | ᠵᠤᠭᠰᠤᠴᠠ ᠪᠠᠨ ᠳᠡᠭᠡᠭᠰᠢᠯᠡᠬᠦᠯᠵᠦ᠂ ᠬᠠᠷᠢᠭᠤᠴᠠᠯᠭᠠᠲᠤ ᠰᠡᠳᠬᠢᠯᠬᠡ᠂ ᠪᠠᠴᠢᠮ ᠲᠤᠯᠭᠠᠮ᠎ᠠ ᠰᠡᠳᠬᠢᠯᠬᠡ ᠪᠠᠨ | ᠨᠡᠮᠡᠭᠳᠡᠬᠦᠯᠦᠨ ᠵᠠᠰᠠᠭ ᠤᠨ ᠤᠷᠳᠤᠨ ᠤ ᠦᠷᠢ ᠦᠭᠴᠡᠭᠡᠨ ᠤ ᠠᠶᠤᠯ ᠲᠦᠭᠰᠢᠬᠦᠷᠢ ᠶᠢ ᠠᠷᠢᠯᠭᠠᠬᠤ ᠬᠡᠷᠡᠭᠲᠠᠢ ᠬᠡᠵᠡᠢ᠃ | | | | | | ᠡᠷᠳᠡᠨᠢᠪᠢᠯᠢᠭ ᠶᠠᠳᠠᠭᠤ ᠶᠢ ᠳᠡᠳᠬᠦᠨ ᠨᠡᠬᠡᠬᠡᠯᠳᠡ ᠬᠢᠬᠦ ᠲᠦᠪ ᠲᠤ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠲᠠᠩᠰᠠ ᠡᠪᠬᠡᠮᠡᠯ ᠢ ᠨᠠᠷᠢᠨ ᠪᠠᠶᠢᠴᠠᠭᠠᠵᠤ ᠵᠢᠭᠠᠬᠤ ᠳᠤ ᠪᠠᠨ᠂ ᠰᠠᠭᠤᠷᠢ ᠠᠵᠢᠯ ᠢ | ᠪᠤᠳᠠᠳᠠᠢ ᠬᠦᠨᠵᠡᠬᠡᠢ ᠨᠠᠷᠢᠯᠢᠭ ᠬᠢᠵᠦ ᠲᠠᠩᠰᠠ ᠡᠪᠬᠡᠮᠡᠯ ᠳᠤ ᠬᠡᠬᠡᠭᠳᠡᠵᠦ ᠤᠷᠬᠢᠭᠳᠠᠭᠰᠠᠨ ᠵᠦᠷᠢᠴᠡᠯ ᠲᠠᠢ ᠠᠰᠠᠭᠤᠳᠠᠯ | ᠢ ᠳᠡᠬᠦᠯᠳᠡᠷᠵᠢᠬᠦᠯᠬᠦ ᠬᠡᠷᠡᠭᠲᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠤᠯ ᠪᠦᠬᠦ | ᠬᠤᠰᠢᠭᠤᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠮᠦᠷᠳᠡᠭᠡᠨ ᠬᠠᠮᠤᠭ ᠲᠤᠮᠤ ᠠᠷᠠᠳ ᠤᠨ ᠠᠮᠢᠳᠤᠷᠠᠯ | ᠤᠨ ᠢᠨᠵᠧᠨᠧᠷᠢᠩ ᠪᠤᠯᠤᠨ᠎ᠠ᠃ ᠬᠤᠰᠢᠭᠤ ᠶᠠᠳᠠᠭᠤ ᠶᠢ ᠳᠡᠳᠬᠦᠨ ᠨᠡᠬᠡᠬᠡᠯᠳᠡ ᠬᠢᠬᠦ ᠲᠦᠪ ᠨᠢ ᠪᠦᠬᠦ ᠬᠤᠰᠢᠭᠤᠨ ᠤ | ᠶᠠᠳᠠᠭᠤ ᠶᠢ ᠳᠡᠳᠬᠦᠨ ᠨᠡᠬᠡᠬᠡᠯᠳᠡ ᠬᠢᠬᠦ ᠭᠤᠤᠯ ᠪᠠᠶᠢᠭᠤᠯᠭ᠎ᠠ ᠪᠤᠯᠤᠭᠰᠠᠨ ᠤ ᠬᠤᠪᠢ ᠳᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠭᠠᠭᠤᠯᠤᠭᠴᠢ ᠪᠤᠯᠵᠤ ᠲᠦᠪ᠂ ᠦᠪᠡᠷᠳᠡᠭᠡᠨ ᠵᠠᠰᠠᠬᠤ ᠤᠷᠤᠨ᠂ | ᠬᠤᠲᠠ ᠶᠢᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢ ᠬᠢᠳᠡᠳ ᠮᠤᠩᠭᠤᠯ ᠬᠤᠤᠰ ᠬᠡᠯᠡ ᠪᠠᠷ ᠵᠦᠪ ᠤᠨᠤᠪᠴᠢᠳᠠᠢ ᠪᠠᠷ ᠶᠠᠳᠠᠭᠤ ᠡᠷᠦᠬᠡ | ᠪᠤᠯᠭᠠᠨ ᠳᠤ ᠤᠯᠠᠮᠵᠯᠠᠨ ᠤᠴᠢᠷ ᠰᠢᠯᠳᠠᠭᠠᠨ ᠢ ᠲᠤᠳᠤᠷᠬᠠᠢ ᠡᠷᠢᠨ ᠭᠠᠷᠭᠠᠵᠤ ᠤᠷᠤᠰᠢᠵᠤ ᠪᠠᠶᠢᠭ᠎ᠠ ᠪᠤᠳᠠᠳᠤ | ᠠᠰᠠᠭᠤᠳᠠᠯ ᠵᠢᠴᠢ ᠬᠦᠴᠢᠷᠳᠡᠯ ᠢ ᠰᠢᠢᠳᠪᠦᠷᠢᠯᠡᠬᠦ ᠬᠡᠷᠡᠭᠲᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ | ᠶᠠᠳᠠᠭᠤ ᠶᠢ ᠳᠡᠳᠬᠦᠨ ᠨᠡᠬᠡᠬᠡᠯᠳᠡ ᠬᠢᠬᠦ ᠠᠵᠢᠯ ᠢ ᠴᠢᠬᠤᠯᠠᠴᠢᠯᠠᠨ ᠦᠵᠡᠵᠦ ᠤᠳᠤᠷᠢᠳᠤᠯᠭ᠎ᠠ ᠪᠠᠨ ᠴᠢᠩᠭᠠᠳᠬᠠᠨ | ᠲᠦᠪ ᠴᠢᠩᠭ᠎ᠠ ᠬᠠᠷᠢᠭᠤᠴᠠᠯᠭᠠᠲᠤ ᠰᠡᠳᠬᠢᠯᠬᠡ᠂ ᠡᠬᠦᠷᠭᠡ ᠲᠤᠰᠢᠶᠠᠯᠲᠤ ᠰᠡᠳᠬᠢᠯᠬᠡ ᠪᠠᠷ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠲᠦᠷᠦᠯ ᠤᠨ ᠠᠵᠢᠯ ᠢ ᠪᠤᠳᠠᠳᠠᠢ᠂ ᠨᠠᠷᠢᠯᠢᠭ᠂ ᠰᠠᠶᠢᠨ ᠬᠢᠬᠦ | ᠬᠡᠷᠡᠭᠲᠠᠢ᠃ ᠡᠷᠬᠡᠪᠰᠢ ᠦᠪᠡᠷ ᠤᠨ ᠢᠶᠠᠨ ᠤᠷᠤᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠢ ᠪᠠᠶᠢᠴᠠᠭᠠᠵᠤ᠂ ᠠᠰᠠᠭᠤᠳᠠᠯ | ᠢᠯᠡᠷᠡᠬᠦᠯᠪᠡᠯ ᠴᠠᠭ ᠲᠠᠷᠤᠢ ᠳᠤᠨᠢ ᠴᠡᠭᠴᠡᠯᠡᠨ᠂ ᠲᠠᠩᠰᠠ ᠡᠪᠬᠡᠮᠡᠯ ᠤᠨ ᠠᠵᠢᠯ ᠢ ᠲᠠᠰᠤᠷᠠᠯᠳᠠ ᠦᠬᠡᠢ | ᠳᠡᠬᠦᠯᠳᠡᠷᠵᠢᠬᠦᠯᠵᠦ᠂ ᠰᠢᠨᠵᠢᠯᠡᠬᠦ ᠤᠬᠠᠭᠠᠨᠴᠢ ᠪᠠᠷ ᠢᠯᠭᠠᠨ ᠲᠠᠨᠢᠵᠤ᠂ ᠮᠡᠳᠡᠭᠡ ᠵᠠᠩᠬᠢ ᠶᠢ ᠤᠨᠤᠪᠴᠢᠲᠠᠢ ᠪᠠᠶᠢᠯᠭᠠᠨ | ᠂ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠤᠳᠠᠲᠢ ᠳᠤ | ᠨᠠᠶᠢᠳᠠᠪᠤᠷᠢᠵᠢᠭᠤᠯᠬᠤ ᠬᠡᠷᠡᠭᠲᠠᠢ᠃ ᠪᠦᠬᠦ ᠬᠤᠰᠢᠭᠤ ᠪᠠᠷ ᠪᠠᠨ ︽ᠲᠦᠷᠪᠡᠨ ᠤᠬᠠᠮᠰᠠᠷ︾ ᠢᠶᠠᠨ ᠨᠡᠮᠡᠭᠳᠡᠭᠦᠯᠤᠨ᠂ | ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠬᠦᠴᠢᠷ ᠢ ᠢᠯᠠᠬᠤ ᠢᠳᠡᠭᠡᠯ ᠵᠤᠷᠢᠭ ᠢᠶᠠᠷ ᠡᠯ᠎ᠡ ᠲᠦᠷᠦᠯ | ᠤᠨ ᠠᠵᠢᠯ ᠢ ᠨᠠᠶᠢᠳᠠᠪᠤᠷᠢᠵᠢᠭᠤᠯᠵᠤ ᠦᠨᠳᠦᠷ ᠪᠠᠷᠢᠮᠵᠢᠶ᠎ᠠ᠂ ᠦᠨᠳᠦᠷ ᠴᠢᠨᠰᠠᠭ᠎ᠠ ᠪᠠᠷ ︽ᠭᠤᠷᠪᠠᠨ ᠶᠡᠭᠡ ᠪᠤᠭᠤᠮᠳᠠ | ᠰᠢᠪᠳᠤᠯᠬᠤ ᠲᠠᠶᠢᠯᠠᠯᠳᠤᠭᠠᠨ︾ ᠢ ᠢᠯᠠᠬᠤ ᠬᠡᠷᠡᠭᠲᠠᠢ ᠬᠡᠪᠡ᠃ | | | ]  | |