ᠸᠠᠩ ᠬᠤ᠋ ᠨᠢᠩ ᠤᠷᠤᠯᠴᠠᠪᠠ | ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 29 ᠤ ᠴᠠᠬᠢᠯᠭᠠᠨ ᠮᠡᠳᠡᠭᠡ ᠨᠠᠮ ᠤᠨ ᠳᠦᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠳᠡᠷᠢᠬᠦᠯᠡᠭᠴᠢ ᠰᠢ ᠶᠢᠨ ᠫᠢᠩ 29 ᠤ ᠦᠳᠡ ᠶᠢᠨ ᠡᠮᠤᠨ᠎ᠡ ᠵᠦᠩ ᠨᠠᠨ ᠬᠠᠢ ᠳᠤ ᠳᠤᠮᠳᠠᠳᠤ ᠶᠢᠨ ᠪᠦᠬᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠬᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠤᠭᠦᠨ ᠲᠠᠢ | ᠬᠠᠮᠲᠤ ᠶᠢᠨ ᠶᠠᠷᠢᠯᠴᠠᠭ᠎ᠠ ᠬᠢᠵᠥ ᠴᠢᠬᠤᠯᠠ ᠶᠠᠷᠢᠶ᠎ᠠ ᠳᠠᠯᠪᠢᠵᠠᠢ᠃ | ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠤ ᠬᠦᠳᠡᠯᠬᠡᠬᠡᠨ ᠤ ᠦᠢᠯᠡᠰ ᠪᠤᠯ ᠨᠠᠮ ᠤᠨ ᠦᠢᠯᠡᠰ ᠤᠨ | ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠠᠵᠢᠯᠴᠢᠨ ᠤ ᠡᠪᠯᠡᠯ ᠤᠨ ᠠᠵᠢᠯ ᠪᠤᠯ ᠳᠦᠷᠦ ᠶᠢ ᠵᠠᠰᠠᠵᠥ ᠵᠠᠰᠠᠬ ᠢ | ᠡᠷᠬᠢᠯᠡᠬᠦ ᠪᠠᠶᠢᠩᠭᠤ ᠶᠢᠨ ᠴᠢᠨᠠᠷᠳᠠᠢ᠂ ᠰᠠᠭᠤᠷᠢ ᠴᠢᠨᠠᠷᠳᠠᠢ ᠠᠵᠢᠯ ᠪᠤᠯᠤᠨ᠎ᠡ᠃ ᠨᠠᠮ ᠤᠨ ᠠᠵᠢᠯᠴᠢᠨ ᠤ ᠡᠪᠯᠡᠯ ᠤᠨ | ᠠᠵᠢᠯ ᠤᠨ ᠳᠤᠬᠠᠢ ᠤᠳᠤᠷᠢᠳᠤᠯᠭ᠎ᠠ ᠶᠢ ᠪᠠᠷᠢᠮᠳᠠᠯᠠᠵᠥ᠂ ᠳᠦᠭ ᠳᠦᠮᠡᠨ ᠠᠵᠢᠯᠳᠠᠨ ᠠᠵᠢᠯᠴᠢᠨ ᠢ ᠪᠦᠯᠬᠦᠮᠳᠡᠬᠦᠯᠦᠨ | ᠳᠠᠶᠢᠴᠢᠯᠠᠵᠥ ᠰᠢᠨ᠎ᠡ ᠴᠠᠬ ᠦᠶ᠎ᠡ ᠳᠤ ᠢᠳᠡᠪᠬᠢᠳᠠᠢ ᠪᠠᠷ ᠭᠠᠪᠢᠶ᠎ᠠ ᠪᠠᠶᠢᠭᠤᠯᠵᠥ᠂ ᠠᠵᠢᠯᠳᠠᠨ ᠠᠵᠢᠯᠴᠢᠨ ᠤ ᠦᠵᠡᠯ | ᠰᠠᠨᠠᠭ᠎ᠠ ᠤᠯᠤᠰ ᠳᠦᠷᠦ ᠶᠢᠨ ᠵᠢᠯᠤᠭᠤᠳᠤᠮᠵᠢ ᠶᠢ ᠴᠢᠩᠭᠠᠳᠬᠠᠵᠥ᠂ ᠠᠵᠢᠯᠳᠡᠨ ᠠᠵᠢᠯᠴᠢᠨ ᠤᠯᠠᠨ ᠳᠦᠮᠡᠨ ᠤ | ᠡᠷᠬᠡ ᠶᠢ ᠬᠠᠮᠠᠭᠠᠯᠠᠬᠤ ᠦᠢᠯᠡᠴᠢᠯᠡᠬᠡᠨ ᠤ ᠡᠷᠴᠢᠮ ᠢᠶᠠᠨ ᠴᠢᠩᠭᠠᠷᠠᠭᠤᠯᠵᠥ᠂ ᠠᠵᠢᠯᠴᠢᠨ ᠤ ᠡᠪᠯᠡᠯ ᠤᠨ | ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠠᠵᠢᠯ ᠢ ᠬᠦᠨᠵᠡᠬᠡᠢ ᠠᠬᠢᠭᠤᠯᠵᠥ᠂ ᠵᠤᠷᠢᠬᠳᠠᠢ ᠪᠠᠷ ᠬᠠᠷᠢᠭᠤᠴᠠᠯᠭ᠎ᠠ | ᠡᠬᠦᠷᠬᠡᠯᠡᠨ᠂ ᠵᠤᠷᠢᠬᠳᠠᠢ ᠪᠠᠷ ᠤᠷᠤᠭᠰᠢᠯᠠᠵᠥ᠂ ᠢᠳᠡᠪᠬᠢᠳᠡᠢ ᠪᠠᠷ ᠠᠵᠢᠯᠯᠠᠨ᠂ ᠦᠨᠡᠨ ᠬᠦ ᠠᠳᠬᠤᠵᠥ ᠪᠤᠳᠠᠳᠠᠢ | ᠠᠵᠢᠯᠯᠠᠵᠥ᠂ ᠰᠢᠨ᠎ᠡ ᠴᠠᠬ ᠦᠶ᠎ᠡ ᠶᠢᠨ ᠮᠠᠨ ᠤ ᠤᠯᠤᠰ ᠤᠨ ᠠᠵᠢᠯᠴᠢᠨ ᠤ ᠬᠦᠳᠡᠯᠬᠡᠬᠡᠨ ᠤ ᠦᠢᠯᠡᠰ ᠪᠤᠯᠤᠨ | ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠡᠬᠦᠳᠬᠦ ᠬᠡᠷᠡᠭᠳᠡᠢ ᠬᠡᠵᠥ ᠴᠢᠬᠤᠯᠠᠴᠢᠯᠠᠪᠠ᠃ | ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ | ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠬᠠᠮᠲᠤ ᠶᠢᠨ ᠶᠠᠷᠢᠯᠴᠠᠭ᠎ᠠ ᠳᠤ ᠤᠷᠤᠯᠴᠠᠪᠠ᠃ | ᠰᠢ ᠶᠢᠨ ᠫᠢᠩ ᠡᠩ ᠳᠡᠷᠢᠬᠦᠨ ᠳᠤ᠂ ᠬᠡᠳᠦᠨ ᠡᠳᠤᠷ ᠤᠨ ᠡᠮᠤᠨ᠎ᠡ ᠳᠤᠮᠳᠠᠳᠤ ᠤᠯᠤᠰ ᠤᠨ ᠠᠵᠢᠯᠴᠢᠨ ᠤ | ᠡᠪᠯᠡᠯ ᠤᠨ ᠠᠷᠪᠠᠨ ᠳᠤᠯᠤᠳᠤᠭᠠᠷ ᠤᠳᠠᠭ᠎ᠠ ᠶᠢᠨ ᠪᠦᠬᠦ ᠤᠯᠤᠰ ᠤᠨ ᠳᠦᠯᠦᠭᠡᠯᠡᠭᠴᠢᠳ ᠤᠨ ᠶᠡᠭᠡ ᠬᠤᠷᠠᠯ | ᠠᠮᠵᠢᠯᠳᠠ ᠲᠠᠢ ᠳᠡᠬᠦᠰᠪᠡ᠃ ᠶᠡᠭᠡ ᠬᠤᠷᠠᠯ ᠠᠴᠠ ᠨᠠᠮ ᠤᠨ ᠳᠦᠪ ᠬᠤᠷᠢᠶᠠᠨ ᠤ ᠱᠠᠭᠠᠷᠳᠠᠯᠭ᠎ᠠ ᠶᠢ | ᠳᠤᠭᠤᠰᠢᠯᠠᠭᠤᠯᠵᠥ᠂ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠠᠵᠢᠯᠴᠢᠨ ᠤ ᠡᠪᠯᠡᠯ ᠤᠨ | ᠠᠵᠢᠯ ᠳᠤ ᠪᠠᠶᠢᠷᠢᠯᠠᠭᠤᠯᠤᠯᠳᠠ ᠬᠢᠵᠥ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠬᠡ | ᠬᠤᠭᠤᠴᠠᠭᠠᠨ ᠤ ᠤᠳᠤᠷᠢᠳᠬᠤ ᠪᠠᠭ ᠢ ᠰᠤᠩᠭᠤᠨ ᠭᠠᠷᠭᠠᠪᠠ᠃ ᠪᠢ ᠨᠠᠮ ᠤᠨ ᠳᠦᠪ ᠬᠤᠷᠢᠶᠠᠨ ᠤ ᠡᠮᠤᠨ᠎ᠡ ᠠᠴᠠ᠂ | ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠳᠤᠯᠤᠳᠤᠭᠠᠷ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠬᠰᠠᠨ ᠳᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠬᠡ ᠬᠤᠭᠤᠴᠠᠭᠠᠨ ᠤ | ᠤᠳᠤᠷᠢᠳᠬᠤ ᠪᠠᠭ ᠲᠤ ᠬᠠᠯᠠᠭᠤᠨ ᠪᠠᠶᠠᠷ ᠬᠦᠷᠬᠡᠶ᠎ᠡ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠵᠢᠯᠳᠡᠨ | ᠠᠵᠢᠯᠴᠢᠨ ᠤᠯᠠᠨ ᠳᠦᠮᠡᠨ᠂ ᠬᠦᠳᠡᠯᠮᠤᠷᠢ ᠶᠢᠨ ᠵᠢᠱᠢᠶᠡᠴᠢ ᠪᠤᠯᠤᠨ ᠠᠵᠢᠯᠴᠢᠨ ᠤ ᠡᠪᠯᠡᠯ ᠤᠨ ᠠᠵᠢᠯᠳᠡᠨ ᠳᠤ ᠴᠢᠩ | ᠰᠡᠳᠬᠢᠯ ᠤᠨ ᠮᠡᠨᠳᠦᠴᠢᠯᠡᠯ ᠬᠦᠷᠬᠡᠶ᠎ᠡ᠃ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠬᠡ | ᠬᠤᠭᠤᠴᠠᠭᠠᠨ ᠤ ᠤᠳᠤᠷᠢᠳᠬᠤ ᠪᠠᠭ ᠤᠨ ᠬᠢᠨ ᠨᠠᠮ ᠤᠨ ᠳᠦᠪ ᠬᠤᠷᠢᠶᠠᠨ ᠤ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠵᠢᠯᠴᠢᠨ ᠤ ᠡᠪᠯᠡᠯ ᠤᠨ ᠠᠵᠢᠯ ᠢ ᠰᠠᠶᠢᠳᠤᠷ | ᠬᠢᠬᠦ ᠳᠠᠯ᠎ᠠ ᠪᠠᠷ ᠤᠪᠤᠷ ᠡᠷᠡᠰ ᠰᠢᠭᠤᠷᠬᠠᠢ᠂ ᠢᠳᠡᠬᠡᠯ ᠪᠠᠳᠤ ᠴᠢᠩᠭ᠎ᠠ᠂ ᠤᠷᠮ᠎ᠠ ᠰᠡᠳᠭᠢᠯᠭᠡ ᠳᠦᠬᠦᠷᠡᠩ᠂ ᠴᠤᠭ | ᠵᠢᠪᠬᠤᠭ᠎ᠠ ᠪᠠᠳᠠᠷᠠᠩᠭᠤᠢ ᠪᠠᠶᠢᠨ᠎ᠠ᠃ ᠨᠠᠮ ᠤᠨ ᠳᠦᠪ ᠬᠤᠷᠢᠶ᠎ᠠ ᠠᠴᠠ ᠪᠦᠬᠦ ᠤᠯᠤᠰ ᠤᠨ ᠠᠵᠢᠯᠴᠢᠨ ᠤ ᠶᠡᠷᠦᠩᠬᠡᠢ | ᠡᠪᠯᠡᠯ ᠤᠨ ᠰᠢᠨ᠎ᠡ ᠨᠢᠬᠡ ᠬᠤᠭᠤᠴᠠᠭᠠᠨ ᠤ ᠤᠳᠤᠷᠢᠳᠬᠤ ᠪᠠᠭ ᠤᠨ ᠬᠢᠨ ᠳᠤ ᠨᠠᠨᠳᠢᠨ ᠬᠦᠰᠡᠯ ᠲᠠᠯᠪᠢᠵᠤ ᠪᠠᠶᠢᠨ᠎ᠠ | ᠬᠡᠵᠥ ᠢᠯᠡᠳᠬᠡᠪᠡ᠃ | ᠰᠢ ᠶᠢᠨ ᠫᠢᠩ᠂ ᠦᠩᠭᠡᠷᠡᠭᠰᠡᠨ 5 ᠵᠢᠯ ᠳᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠤᠯᠤᠨ | ᠡᠯ᠎ᠡ ᠱᠠᠲᠤᠨ ᠤ ᠠᠵᠢᠯᠴᠢᠨ ᠤ ᠡᠪᠯᠡᠯ ᠰᠢᠨ᠎ᠠ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ | ᠠᠵᠢᠯᠴᠢᠨ ᠤ ᠡᠪᠯᠡᠯ ᠤᠨ ᠠᠵᠢᠯ ᠤᠨ ᠲᠤᠬᠠᠢ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠬᠤ᠂ | ᠠᠵᠢᠯᠲᠠᠨ ᠠᠵᠢᠯᠴᠢᠨ ᠢ ᠵᠤᠬᠢᠶᠠᠨ ᠪᠠᠶᠢᠭᠤᠯᠵᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ᠂ ᠠᠵᠢᠯᠲᠠᠨ | ᠠᠵᠢᠯᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ᠂ ᠠᠵᠢᠯᠲᠠᠨ ᠠᠵᠢᠯᠴᠢᠨ ᠤ ᠡᠩᠨᠡᠭᠡ ᠶᠢᠨ | ᠲᠤᠬᠲᠠᠪᠤᠷᠢᠵᠢᠯ ᠢ ᠪᠠᠲᠤᠯᠠᠬᠤ᠂ ᠠᠵᠢᠯᠴᠢᠨ ᠤ ᠡᠪᠯᠡᠯ ᠤᠨ ᠦᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠬᠦ᠂ | ᠠᠵᠢᠯᠴᠢᠨ ᠤ ᠡᠪᠯᠡᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠦᠯᠡᠮᠵᠢᠬᠡᠨ | ᠦᠷ᠎ᠡ ᠪᠦᠲᠦᠮᠵᠢ ᠲᠠᠢ ᠠᠵᠢᠯ ᠬᠢᠵᠦ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠶᠡᠭᠡ ᠲᠠᠯ᠎ᠠ ᠳᠠᠬᠢ | ᠠᠵᠢᠯᠴᠢᠨ ᠤ ᠡᠪᠯᠡᠯ ᠤᠨ ᠦᠢᠯᠡᠳᠦᠯ ᠤᠯᠠᠮ ᠴᠢᠨᠠᠬᠰᠢᠲᠠ ᠢᠯᠡᠷᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠤ ᠡᠪᠯᠡᠯ ᠨᠠᠮ ᠤᠨ ᠦᠢᠯᠡᠰ ᠲᠤ ᠦᠨᠡᠨᠴᠢ ᠪᠠᠶᠢᠵᠤ᠂ ᠯᠠᠪᠳᠠᠭᠤᠨ ᠪᠦᠲᠦᠮᠵᠢᠲᠡᠢ | ᠠᠵᠢᠯ ᠢᠶᠠᠷ ᠳᠠᠮᠵᠢᠭᠤᠯᠤᠨ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ | ᠪᠠᠷᠢᠮᠳᠠᠯᠠᠬᠤ ᠶᠢ ᠦᠷᠭᠡᠨ ᠤᠯᠠᠨ ᠠᠵᠢᠯᠲᠠᠨ ᠠᠵᠢᠯᠴᠢᠨ ᠤᠯᠠᠨ ᠲᠦᠮᠡᠨ ᠤ ᠳᠤᠮᠳᠠ ᠨᠠᠶᠢᠳᠠᠪᠤᠷᠢᠵᠢᠭᠤᠯᠬᠤ ᠬᠡᠷᠡᠭᠲᠡᠢ | ᠃ ᠰᠢᠨ᠎ᠡ ᠴᠠᠬ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ | ᠪᠠᠲᠤᠳᠬᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠡᠷᠡᠰ ᠬᠠᠮᠠᠭᠠᠯᠠᠵᠤ᠂ ᠤᠯᠤᠰ ᠲᠦᠷᠦ ᠶᠢᠨ ᠵᠤᠬᠰᠤᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ | ᠵᠠᠷᠴᠢᠮ᠂ ᠤᠯᠤᠰ ᠲᠦᠷᠦ ᠶᠢᠨ ᠵᠠᠮ ᠳᠤ ᠢᠮᠠᠬᠲᠠ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠰᠢᠨ᠎ᠡ ᠴᠠᠬ | ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ | ᠪᠤᠯᠪᠠᠰᠤᠷᠠᠯ ᠢ ᠭᠦᠨᠵᠡᠭᠡᠢ ᠦᠷᠨᠢᠭᠦᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠤᠳᠤᠯᠭ᠎ᠠ ᠶᠢᠨ ᠲᠤᠬᠠᠢ ᠤᠯᠤᠰ ᠲᠦᠷᠦ ᠶᠢᠨ ᠬᠠᠮᠳᠤ ᠶᠢᠨ ᠲᠠᠨᠢᠯᠳᠠ᠂ ᠦᠵᠡᠯ ᠰᠠᠨᠠᠭᠠᠨ ᠤ ᠬᠠᠮᠳᠤ ᠶᠢᠨ | ᠲᠠᠨᠢᠯᠳᠠ᠂ ᠬᠠᠶᠢᠷ᠎ᠠ ᠰᠡᠳᠭᠢᠯᠭᠡ ᠶᠢᠨ ᠬᠠᠮᠳᠤ ᠶᠢᠨ ᠲᠠᠨᠢᠯᠳᠠ ᠶᠢ ᠴᠢᠩᠭᠠᠳᠬᠠᠵᠤ᠂ ᠮᠠᠷᠺᠰ ᠤᠨ ᠦᠵᠡᠯ ᠤᠨ | ᠵᠤᠬᠰᠤᠯᠲᠠ᠂ ᠦᠵᠡᠯᠲᠡ᠂ ᠠᠷᠭ᠎ᠠ ᠶᠢ ᠠᠰᠢᠬᠯᠠᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠤᠯᠤᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠦᠪ ᠬᠤᠷᠢᠶᠠᠨ ᠤ ᠠᠵᠢᠯᠴᠢᠨ ᠠᠩᠬᠢ | ᠪᠤᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠦᠭᠦᠯᠡᠯᠲᠡ ᠶᠢᠨ ᠵᠤᠷᠢᠬ ᠰᠠᠨᠠᠭᠠᠨ ᠤ ᠮᠦᠨ | ᠴᠢᠨᠠᠷ ᠢ ᠭᠦᠨᠵᠡᠭᠡᠢ ᠤᠶᠢᠯᠠᠭᠠᠵᠤ᠂ ᠪᠤᠲᠠᠲᠠᠢ ᠲᠠᠢ ᠤᠶᠠᠯᠳᠤᠭᠤᠯᠤᠨ ᠠᠵᠢᠯᠴᠢᠨ ᠤ ᠡᠪᠯᠡᠯ ᠤᠨ ᠠᠵᠢᠯ ᠤᠨ ᠪᠦᠬᠦ | ᠶᠠᠪᠤᠴᠠ ᠪᠤᠯᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠵᠤᠷᠢᠯᠳᠠ ᠶᠢ ᠬᠡᠷᠡᠭᠵᠢᠭᠦᠯᠬᠦ ᠡᠷᠡᠰ | ᠪᠠᠲᠤ ᠴᠢᠨᠠᠷ ᠪᠤᠯᠤᠨ ᠠᠵᠢᠯᠲᠠᠨ ᠠᠵᠢᠯᠴᠢᠨ ᠳᠤ ᠦᠢᠯᠡᠴᠢᠯᠡᠬᠦ ᠪᠤᠲᠠᠲᠤ ᠦᠷ᠎ᠡ ᠪᠦᠲᠦᠮᠵᠢᠲᠤ ᠴᠢᠨᠠᠷ ᠢ ᠨᠢᠭᠡᠳᠦᠯᠲᠡᠢ | ᠪᠠᠶᠢᠯᠭᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠤᠯᠤᠨ ᠰᠢᠢᠳᠪᠦᠷᠢᠲᠤ ᠪᠤᠳᠤᠯᠭ᠎ᠠ | ᠪᠠᠶᠢᠷᠢᠯᠠᠭᠤᠯᠤᠯᠲᠠ ᠶᠢ ᠠᠵᠢᠯᠴᠢᠨ ᠤ ᠡᠪᠯᠡᠯ ᠤᠨ ᠡᠯ᠎ᠡ ᠵᠦᠢᠯ ᠤᠨ ᠠᠵᠢᠯ ᠳᠠᠭᠠᠨ ᠨᠠᠶᠢᠳᠠᠪᠤᠷᠢᠵᠢᠭᠤᠯᠵᠤ᠂ ᠨᠠᠮ ᠤᠨ | ᠵᠤᠷᠢᠬ ᠰᠠᠨᠠᠭ᠎ᠠ ᠪᠠ ᠵᠤᠷᠢᠯᠲᠠ ᠶᠢ ᠦᠷᠭᠡᠨ ᠤᠯᠠᠨ ᠠᠵᠢᠯᠲᠠᠨ ᠠᠵᠢᠯᠴᠢᠨ ᠤ ᠳᠤᠮᠳᠠ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠲᠤᠷᠠᠳᠤᠬᠰᠠᠨ ᠬᠠᠷᠠᠯᠳᠠ ᠡᠬᠦᠷᠬᠡ ᠶᠢ | ᠪᠡᠶᠡᠯᠡᠬᠦᠯᠬᠦ ᠳᠤ᠂ ᠡᠷᠬᠡᠪᠰᠢ ᠠᠵᠢᠯᠴᠢᠨ ᠠᠩᠬᠢ ᠶᠢᠨ ᠭᠤᠤᠯ ᠬᠦᠴᠤᠨ ᠴᠡᠷᠢᠭ ᠤᠨ ᠦᠢᠯᠡᠳᠦᠯ ᠢ ᠬᠦᠢᠴᠡᠳ | ᠪᠠᠳᠠᠷᠠᠭᠤᠯᠬᠤ ᠭᠡᠷᠡᠭᠳᠠᠢ᠃ ᠮᠠᠨ ᠤ ᠤᠯᠤᠰ ᠤᠨ ᠦᠷᠬᠡᠨ ᠤᠯᠠᠨ ᠠᠵᠢᠯᠳᠠᠨ ᠠᠵᠢᠯᠴᠢᠨ ᠳᠤᠮᠳᠠᠳᠤ ᠶᠢᠨ ᠵᠡᠬᠦᠳᠤ ᠶᠢ | ᠲᠡᠷᠭᠡᠯᠰᠢᠬᠦᠯᠬᠦ ᠶᠢᠨ ᠲᠦᠯᠤᠬᠡ ᠲᠡᠮᠡᠴᠡᠵᠤ ᠪᠠᠶᠢᠭ᠎ᠠ ᠴᠠᠬ ᠦᠶ᠎ᠠ ᠶᠢᠨ ᠭᠤᠤᠯ ᠰᠡᠳᠤᠪ ᠢ ᠪᠠᠳᠤ ᠡᠵᠡᠮᠳᠡᠵᠤ᠂ ᠲᠤᠰ | ᠪᠠᠶ᠎ᠠ ᠶᠢᠨ ᠠᠯᠤᠰ ᠢᠷᠡᠬᠡᠳᠤᠢ ᠬᠤᠪᠢ ᠵᠠᠶᠠᠭ᠎ᠠ ᠪᠠᠨ ᠤᠯᠤᠰ ᠬᠦᠷᠤᠨ ᠪᠤᠯᠤᠨ ᠦᠨᠳᠤᠰᠤᠳᠠᠨ ᠤ ᠠᠯᠤᠰ ᠢᠷᠡᠬᠡᠳᠤᠢ | ᠬᠤᠪᠢ ᠵᠠᠶᠠᠭ᠎ᠠ ᠲᠠᠢ ᠨᠢᠬᠳᠠ ᠤᠶᠠᠯᠳᠤᠭᠤᠯᠵᠤ᠂ ᠬᠤᠪᠢ ᠬᠦᠮᠤᠨ ᠤ ᠬᠦᠰᠡᠯ ᠵᠡᠬᠦᠳᠤ ᠪᠠᠨ ᠳᠤᠮᠳᠠᠳᠤ ᠤᠯᠤᠰ ᠤᠨ | ᠬᠦᠰᠡᠯ ᠵᠡᠬᠦᠳᠤ ᠲᠠᠢ ᠨᠢᠬᠳᠠ ᠤᠶᠠᠯᠳᠤᠭᠤᠯᠵᠤ᠂ ᠨᠠᠮ ᠪᠤᠯᠤᠨ ᠤᠯᠤᠰ ᠠᠴᠠ ᠲᠤᠭᠳᠠᠭᠠᠬᠰᠠᠨ ᠬᠦᠭᠵᠢᠯᠳᠠ ᠶᠢᠨ | ᠬᠠᠷᠠᠯᠳᠠ ᠶᠢ ᠦᠪᠡᠷ ᠤᠨ ᠤᠬᠠᠮᠰᠠᠷᠳᠤ ᠠᠵᠢᠯᠯᠠᠭ᠎ᠠ ᠪᠤᠯᠭᠠᠨ ᠬᠤᠪᠢᠷᠠᠭᠤᠯᠵᠤ᠂ ᠠᠵᠢᠯ ᠢᠶᠠᠨ ᠬᠠᠶᠢᠷᠠᠯᠠᠵᠤ | ᠦᠢᠯᠡᠰ ᠢᠶᠠᠨ ᠲᠡᠭᠡᠳᠤᠯᠠᠵᠤ᠂ ᠲᠡᠷᠢᠬᠦᠨ ᠤ ᠬᠢ ᠶᠢ ᠡᠬᠦᠳᠬᠦ ᠪᠠᠷ ᠴᠢᠷᠮᠠᠶᠢᠵᠤ᠂ ᠴᠦᠬᠦᠷᠡᠰᠢ ᠦᠬᠡᠢ ᠲᠡᠮᠡᠴᠡᠨ ᠴᠠᠬ | ᠦᠶ᠎ᠠ ᠶᠢᠨ ᠢᠷᠠᠭᠤ ᠲᠤᠤᠯᠢᠰ ᠢ ᠪᠢᠴᠢᠭᠯᠡᠵᠦ᠂ ᠵᠤᠯ ᠵᠢᠷᠭᠠᠯᠳᠤ ᠠᠮᠢᠳᠤᠷᠠᠯ ᠪᠤᠯᠤᠨ ᠰᠠᠶᠢᠨ ᠰᠠᠶᠢᠬᠠᠨ | ᠢᠷᠡᠬᠡᠳᠤᠢ ᠪᠠᠨ ᠬᠠᠮᠳᠤ ᠪᠠᠷ ᠴᠤᠬᠴᠠᠯᠠᠬᠤ ᠭᠡᠷᠡᠭᠳᠠᠢ᠃ ᠰᠢᠨ᠎ᠠ ᠬᠦᠭᠵᠢᠯᠳᠠ ᠶᠢᠨ ᠤᠶᠢᠯᠠᠭᠠᠭᠳᠠᠬᠤᠨ ᠢ ᠪᠤᠢ | ᠪᠤᠯᠭᠠᠬᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ | ᠪᠦᠳᠤᠬᠡᠨ ᠪᠠᠶᠢᠭᠤᠯᠬᠤ ᠪᠠᠷ ᠭᠤᠤᠯᠯᠠᠭᠤᠯᠵᠤ᠂ ᠠᠵᠢᠯᠳᠠᠨ ᠠᠵᠢᠯᠴᠢᠨ ᠢ ᠬᠦᠳᠤᠯᠤᠨ ᠲᠠᠭᠠᠭᠤᠯᠵᠤ ︽ᠡᠵᠡᠨ | ᠬᠦᠮᠤᠨ ᠪᠤᠯᠵᠤ᠂ ᠰᠢᠨ᠎ᠡ ᠴᠠᠬ ᠦᠶ᠎ᠠ ᠳᠤ ᠵᠢᠳᠬᠦᠯ ᠴᠢᠷᠮᠠᠶᠢᠯᠭ᠎ᠠ ᠭᠠᠷᠭᠠᠬᠤ︾ ᠪᠠᠷ ᠭᠤᠤᠯ ᠰᠡᠳᠤᠪ ᠪᠤᠯᠭᠠᠵᠤ᠂ | ᠡᠯ᠎ᠠ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠭᠡᠷᠡᠭᠳᠠᠢ᠃ ᠠᠵᠤ ᠦᠢᠯᠡᠰ ᠤᠨ | ᠠᠵᠢᠯᠴᠢᠨ ᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠮᠡᠳᠡᠯᠬᠡᠵᠢᠭᠰᠡᠨ᠂ ᠮᠡᠷᠬᠡᠵᠢᠭᠰᠡᠨ᠂ ᠰᠢᠨ᠎ᠡ ᠶᠢ | ᠡᠭᠦᠳᠬᠦ ᠠᠵᠤ ᠦᠢᠯᠡᠰ ᠤᠨ ᠠᠵᠢᠯᠴᠢᠨ ᠤ ᠶᠡᠭᠡ ᠡᠩᠨᠡᠭᠡ ᠶᠢ ᠲᠦᠷᠬᠡᠨ ᠪᠠᠶᠢᠭᠤᠯᠬᠤ ᠭᠡᠷᠡᠭᠳᠠᠢ᠃ ᠬᠦᠳᠡᠯᠮᠤᠷᠢ ᠶᠢᠨ | ᠵᠢᠱᠢᠶᠡᠴᠢ ᠪᠤᠯ ᠦᠨᠳᠤᠰᠤᠳᠠᠨ ᠤ ᠰᠤᠳᠤᠨ᠂ ᠠᠷᠠᠳ ᠤᠨ ᠦᠯᠢᠬᠡᠷ ᠲᠠᠭᠤᠷᠢᠶᠠᠯ ᠪᠤᠯᠬᠤ ᠶᠤᠮ᠃ ᠶᠡᠭᠡ ᠤᠯᠤᠰ ᠤᠨ | ᠤᠷᠠᠨ ᠲᠠᠷᠬᠠᠨ ᠪᠤᠯ ᠠᠵᠢᠯᠳᠠᠨ ᠠᠵᠢᠯᠴᠢᠨ ᠤ ᠡᠩᠨᠡᠬᠡᠨ ᠤ ᠳᠤᠳᠤᠷᠠᠬᠢ ᠲᠡᠭᠡᠳᠤ ᠤᠷ᠎ᠠ ᠮᠡᠷᠬᠡᠵᠢᠯ ᠲᠠᠢ | ᠴᠢᠳᠠᠪᠤᠷᠢᠳᠠᠨ ᠪᠤᠯᠤᠨ᠎ᠠ᠃ ᠠᠵᠢᠯᠴᠢᠨ ᠤ ᠡᠪᠯᠡᠯ ᠨᠢ ᠡᠯ᠎ᠠ ᠲᠠᠯ᠎ᠠ ᠶᠢᠨ ᠬᠢᠨ ᠲᠠᠢ ᠬᠠᠮᠵᠢᠯᠴᠠᠨ ᠬᠦᠳᠡᠯᠮᠤᠷᠢ ᠶᠢᠨ | ᠵᠢᠱᠢᠶᠡᠴᠢ᠂ ᠶᠡᠭᠡ ᠤᠯᠤᠰ ᠤᠨ ᠤᠷᠠᠨ ᠲᠠᠷᠬᠠᠨ ᠤ ᠦᠢᠯᠡᠳᠦᠯ ᠢᠶᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ | ᠲᠠᠶᠢᠰᠨ ᠬᠠᠩᠭᠠᠵᠤ᠂ ᠨᠡᠩ ᠤᠯᠠᠨ ᠬᠦᠳᠡᠯᠮᠤᠷᠢ ᠶᠢᠨ ᠵᠢᠱᠢᠶᠡᠴᠢ᠂ ᠶᠡᠭᠡ ᠤᠯᠤᠰ ᠤᠨ ᠤᠷᠠᠨ ᠲᠠᠷᠬᠠᠨ ᠢ | ᠬᠦᠮᠤᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠳᠠᠨ ᠠᠵᠢᠯᠴᠢᠨ ᠲᠦᠮᠡᠨ ᠢ ᠬᠦᠳᠤᠯᠤᠨ ᠲᠠᠭᠠᠭᠤᠯᠵᠤ ᠨᠠᠮ ᠤᠨ ᠦᠬᠡ ᠶᠢ ᠰᠤᠨᠤᠰᠴᠤ | ᠂ ᠨᠠᠮ ᠢᠶᠠᠨ ᠲᠠᠭᠠᠵᠤ᠂ ᠨᠠᠮ ᠤᠨ ᠲᠦᠷᠤ ᠪᠠᠷᠢᠬᠤ ᠠᠩᠬᠢ ᠶᠢᠨ ᠰᠠᠭᠤᠷᠢ ᠪᠤᠯᠤᠨ ᠤᠯᠠᠨ ᠲᠦᠮᠡᠨ ᠤ ᠰᠠᠭᠤᠷᠢ ᠶᠢ | ᠪᠠᠳᠤᠳᠬᠠᠬᠤ ᠪᠤᠯ ᠠᠵᠢᠯᠴᠢᠨ ᠤ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠤ ᠶᠢᠨ ᠬᠠᠷᠢᠭᠤᠴᠠᠯᠭ᠎ᠠ ᠪᠤᠯᠤᠨ᠎ᠠ᠃ | ᠴᠠᠬ ᠦᠶ᠎ᠠ ᠬᠤᠪᠢᠷᠠᠬᠰᠠᠨ ᠴᠤ᠂ ᠤᠯᠠᠨ ᠲᠦᠮᠡᠨ ᠤ ᠲᠤᠮᠳᠠ ᠠᠴᠠ ᠠᠪᠴᠤ᠂ ᠤᠯᠠᠨ ᠲᠦᠮᠡᠨ ᠤ ᠲᠤᠮᠳᠠ ᠭᠡᠷᠡᠭᠯᠡᠬᠦ | ᠠᠵᠢᠯ ᠤᠨ ᠠᠷᠭ᠎ᠠ ᠶᠢ ᠬᠤᠪᠢᠷᠠᠭᠤᠯᠵᠤ ᠪᠤᠯᠬᠤ ᠦᠬᠡᠢ᠃ ᠠᠵᠢᠯᠴᠢᠨ ᠠᠩᠬᠢ ᠨᠢ ᠰᠢᠨ᠎ᠠ ᠪᠠᠶᠢᠳᠠᠯ ᠰᠢᠨ᠎ᠠ | ᠡᠬᠦᠷᠬᠡ ᠳᠤ ᠵᠤᠬᠢᠴᠠᠵᠤ᠂ ᠠᠵᠢᠯᠳᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠤ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠤᠯᠠᠨ ᠲᠦᠮᠡᠨ ᠢ ᠵᠤᠬᠢᠶᠠᠨ ᠪᠠᠶᠢᠭᠤᠯᠬᠤ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ | ᠬᠦᠮᠤᠵᠢᠬᠦᠯᠬᠦ᠂ ᠤᠯᠠᠨ ᠲᠦᠮᠡᠨ ᠢ ᠬᠦᠳᠦᠯᠤᠨ ᠲᠠᠭᠠᠭᠤᠯᠬᠤ ᠠᠵᠢᠯ ᠢ ᠢᠯᠡᠬᠦᠬᠡᠨ ᠬᠢᠵᠤ᠂ ᠦᠵᠡᠯ ᠰᠠᠨᠠᠭ᠎ᠠ ᠶᠢ | ᠨᠢᠬᠡᠳᠭᠡᠬᠦ᠂ ᠬᠦᠮᠤᠨ ᠤ ᠰᠡᠳᠬᠢᠯ ᠢ ᠨᠢᠬᠳᠠᠷᠠᠭᠤᠯᠬᠤ᠂ ᠵᠦᠷᠢᠴᠡᠯ ᠢ ᠰᠢᠢᠳᠪᠤᠷᠢᠯᠡᠬᠦ᠂ ᠬᠠᠶᠢᠷ᠎ᠠ ᠰᠡᠳᠬᠢᠯᠬᠡ ᠪᠠᠨ | ᠵᠤᠵᠠᠭᠠᠳᠬᠠᠬᠤ᠂ ᠬᠦᠳᠡᠯᠬᠡᠬᠦ ᠬᠦᠴᠤᠨ ᠢ ᠬᠦᠭᠵᠢᠬᠡᠬᠦ ᠠᠵᠢᠯ ᠢ ᠢᠯᠡᠬᠦᠬᠡᠨ ᠬᠢᠵᠤ᠂ ᠢᠳᠡᠬᠡᠯ ᠢ ᠪᠠᠳᠤᠳᠬᠠᠵᠤ᠂ | ᠠᠷᠠᠳ ᠤᠨ ᠰᠡᠳᠬᠢᠯ ᠢ ᠨᠢᠬᠳᠠᠷᠠᠭᠤᠯᠵᠤ᠂ ᠬᠦᠮᠤᠨ ᠤ ᠰᠡᠳᠬᠢᠯ ᠢ ᠲᠤᠯᠠᠭᠠᠴᠠᠭᠤᠯᠵᠤ᠂ ᠦᠷᠬᠡᠨ ᠤᠯᠠᠨ ᠠᠵᠢᠯᠳᠠᠨ | ᠠᠵᠢᠯᠴᠢᠨ ᠢ ᠬᠦᠰᠡᠯᠠᠩ ᠢᠳᠡᠬᠡᠯ ᠪᠢᠰᠢᠷᠡᠯ᠂ ᠦᠷᠳᠡᠭ ᠤᠨ ᠤᠶᠢᠯᠠᠭᠠᠭᠳᠠᠬᠤᠨ᠂ ᠶᠤᠰᠤ ᠰᠤᠷᠳᠠᠬᠤᠨ ᠤ | ᠦᠵᠡᠯᠳᠠ ᠶᠢᠨ ᠲᠠᠯ᠎ᠠ ᠪᠠᠷ ᠨᠢᠬᠳᠠ ᠪᠦᠯᠬᠦᠮᠳᠡᠬᠦᠯᠬᠦ ᠭᠡᠷᠡᠭᠳᠠᠢ᠃ ᠬᠦᠯᠤᠰᠤᠨ ᠲᠠᠷᠢᠶᠠᠴᠢᠨ ᠢ ᠬᠠᠮᠤᠬ ᠤᠨ ᠶᠡᠭᠡ | ᠬᠡᠪᠴᠢᠶ᠎ᠠ ᠪᠠᠷ ᠠᠵᠢᠯᠴᠢᠨ ᠤ ᠡᠪᠯᠠᠯ ᠳᠤ ᠲᠠᠳᠠᠨ ᠤᠷᠤᠭᠤᠯᠵᠤ᠂ ᠲᠡᠳᠡᠨ ᠢ ᠠᠵᠢᠯᠴᠢᠨ ᠠᠩᠬᠢ ᠶᠢᠨ ᠪᠠᠳᠤ | ᠨᠠᠶᠢᠳᠠᠪᠤᠷᠢᠳᠠᠢ ᠰᠢᠨ᠎ᠠ ᠠᠮᠢᠵᠢᠷᠠᠯ ᠤᠨ ᠬᠦᠴᠤᠨ ᠪᠤᠯᠭᠠᠬᠤ ᠭᠡᠷᠡᠭᠳᠠᠢ᠃ ᠨᠡᠶᠢᠬᠡᠮ ᠵᠢᠷᠤᠮ ᠤᠨ ᠭᠤᠤᠯᠯᠠᠬᠴᠢ | ᠦᠷᠳᠡᠭ ᠤᠨ ᠦᠵᠡᠯᠳᠠ ᠶᠢ ᠪᠠᠷᠢᠮᠳᠠᠯᠠᠬᠤ ᠪᠠᠷ ᠠᠵᠢᠯᠳᠠᠨ ᠠᠵᠢᠯᠴᠢᠨ ᠢ ᠬᠦᠳᠤᠯᠤᠨ ᠲᠠᠭᠠᠭᠤᠯᠵᠤ᠂ ︽ | ᠳᠤᠮᠳᠠᠳᠤ ᠶᠢᠨ ᠵᠡᠬᠦᠳᠤ · ᠬᠦᠳᠡᠯᠮᠤᠷᠢ ᠰᠠᠶᠢᠬᠠᠨ︾ ᠭᠤᠤᠯ ᠰᠡᠳᠤᠪᠳᠤ ᠬᠦᠮᠤᠵᠢᠯ ᠢ ᠬᠦᠨᠵᠡᠬᠡᠶᠢᠷᠡᠬᠦᠯᠵᠤ᠂ ᠡᠷᠡᠬᠦᠯ | ᠪᠤᠯᠪᠠᠰᠤᠨ᠂ ᠦᠬᠡᠳᠠᠯᠠᠨ ᠲᠠᠪᠰᠢᠬᠰᠠᠨ᠂ ᠪᠦᠬᠦ ᠬᠡᠰᠢᠬᠦᠨ ᠤᠷᠤᠯᠴᠬᠠᠰᠠᠨ ᠠᠵᠢᠯᠳᠠᠨ ᠠᠵᠢᠯᠴᠢᠨ ᠤ ᠰᠤᠶᠤᠯ ᠢ | ᠴᠤᠬᠴᠠᠯᠠᠨ ᠪᠠᠶᠢᠭᠤᠯᠬᠤ ᠭᠡᠷᠡᠭᠳᠠᠢ᠃ ᠰᠦᠯᠵᠢᠶᠠᠨ ᠲᠡᠭᠡᠷᠡᠬᠢ ᠠᠵᠢᠯ ᠢ ᠠᠵᠢᠯᠴᠢᠨ ᠤ ᠡᠪᠯᠠᠯ ᠤᠨ ᠠᠵᠢᠯᠳᠠᠨ | ᠠᠵᠢᠯᠴᠢᠨ ᠲᠠᠢ ᠬᠠᠷᠢᠯᠴᠠᠬᠤ᠂ ᠠᠵᠢᠯᠳᠠᠨ ᠠᠵᠢᠯᠴᠢᠨ ᠳᠤ ᠤᠶᠢᠯᠡᠴᠢᠯᠡᠬᠦ ᠴᠢᠬᠤᠯᠠ ᠲᠠᠪᠴᠠᠩ ᠪᠤᠯᠭᠠᠵᠤ᠂ | ᠲᠠᠮᠵᠢᠭᠤᠯᠬᠤ ᠬᠦᠴᠤᠨ᠂ ᠲᠠᠭᠠᠭᠤᠯᠬᠤ ᠬᠦᠴᠤᠨ᠂ ᠨᠦᠯᠤᠬᠡᠯᠡᠬᠦ ᠬᠦᠴᠤᠨ ᠢ ᠨᠡᠮᠡᠭᠳᠡᠬᠦᠯᠬᠦ ᠭᠡᠷᠡᠭᠳᠠᠢ ᠬᠡᠵᠤ | ᠴᠢᠬᠤᠯᠠᠴᠢᠯᠠᠪᠠ᠃ | ᠰᠢ ᠶᠢᠨ ᠫᠢᠩ᠂ ᠠᠵᠢᠯᠴᠢᠨ ᠤ ᠡᠪᠯᠡᠯ ᠠᠵᠢᠯᠳᠠᠨ ᠠᠵᠢᠯᠴᠢᠨ ᠢᠶᠠᠷ ᠭᠤᠤᠯ ᠪᠤᠯᠭᠠᠬᠤ ᠠᠵᠢᠯ ᠤᠨ | ᠤᠳᠤᠷᠢᠳᠤᠮᠵᠢ ᠶᠢ ᠪᠠᠷᠢᠮᠳᠠᠯᠠᠵᠤ᠂ ᠠᠵᠢᠯᠳᠠᠨ ᠠᠵᠢᠯᠴᠢᠨ ᠤᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ | ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠠᠵᠢᠯᠳᠠᠨ | ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ᠂ ᠠᠵᠢᠯᠳᠡᠨ ᠠᠵᠢᠯᠴᠢᠨ ᠤᠯᠠᠨ ᠲᠦᠮᠡᠨ ᠳᠤ ᠴᠢᠩ | ᠰᠡᠳᠬᠢᠯ ᠠᠴᠠ ᠪᠠᠨ ᠦᠢᠯᠡᠴᠢᠯᠡᠬᠦ ᠦᠨᠳᠦᠰᠦᠨ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ | ᠤᠯᠠᠨ ᠲᠦᠮᠡᠨᠴᠢ ᠤᠶᠢᠯᠠᠭᠠᠬᠳᠠᠬᠤᠨ ᠢ ᠰᠡᠳᠬᠢᠯ ᠳᠡᠭᠡᠨ ᠪᠠᠳᠤ ᠦᠨᠳᠦᠰᠦᠯᠡᠬᠦᠯᠵᠤ᠂ ᠬᠠᠮᠢᠭᠠᠬᠢ ᠠᠵᠢᠯᠳᠠᠨ | ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠬᠤᠬᠢᠷᠠᠯ ᠳᠤ ᠤᠴᠠᠷᠠᠪᠡᠯ ᠲᠡᠨᠳᠡᠬᠢ ᠠᠵᠢᠯᠴᠢᠨ ᠤ ᠡᠪᠯᠡᠯ ᠲᠡᠳᠡᠨ ᠤ | ᠲᠦᠯᠦᠭᠡ ᠦᠭᠡ ᠬᠡᠯᠡᠬᠦ ᠭᠡᠷᠡᠭᠲᠠᠢ᠃ ᠬᠤᠳᠠ ᠶᠢᠨ ᠬᠦᠴᠢᠷᠳᠡᠯᠳᠠᠢ ᠠᠵᠢᠯᠳᠠᠨ ᠠᠵᠢᠯᠴᠢᠨ ᠢ ᠬᠦᠴᠢᠷᠳᠡᠯ ᠠᠴᠠ | ᠠᠩᠭᠢᠵᠢᠷᠠᠭᠤᠯᠬᠤ ᠠᠵᠢᠯ ᠢ ᠰᠠᠶᠢᠳᠤᠷ ᠬᠢᠵᠤ᠂ ᠡᠯ᠎ᠡ ᠵᠦᠢᠯ ᠤᠨ ᠰᠢᠯᠳᠠᠭᠠᠨ ᠠᠴᠠ ᠪᠤᠯᠵᠤ ᠲᠠᠬᠢᠨ ᠶᠠᠳᠠᠭᠤᠷᠠᠵᠤ | ᠬᠦᠴᠢᠷᠳᠡᠯᠳᠠᠢ ᠪᠤᠯᠤᠬᠰᠡᠨ ᠠᠵᠢᠯᠳᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢ ᠴᠠᠭ ᠲᠤᠬᠠᠢ ᠳᠤᠨᠢ ᠰᠠᠶᠢᠳᠤᠷ | ᠬᠢᠵᠤ᠂ ᠦᠷᠭᠡᠨ ᠤᠯᠠᠨ ᠠᠵᠢᠯᠳᠠᠨ ᠠᠵᠢᠯᠴᠢᠨ ᠳᠤ ᠠᠵᠢᠯᠴᠢᠨ ᠤ ᠡᠪᠯᠡᠯ ᠤᠨ ᠤᠨᠴᠠᠯᠢᠭ ᠲᠠᠢ ᠲᠦᠭᠡᠮᠡᠯ | ᠬᠠᠷᠠᠭᠠᠯᠵᠡᠯ ᠤᠨ ᠴᠢᠨᠠᠷᠳᠠᠢ᠂ ᠪᠠᠶᠢᠡᠭᠭᠤ ᠶᠢᠨ ᠴᠢᠨᠠᠷᠳᠠᠢ᠂ ᠤᠨᠤᠪᠴᠢᠳᠤ ᠴᠢᠨᠠᠷᠳᠠᠢ ᠦᠢᠯᠡᠴᠢᠯᠡᠭᠡ ᠬᠠᠨᠭ᠍ᠭᠠᠬᠤ | ᠭᠡᠷᠡᠭᠲᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠤ ᠡᠪᠯᠡᠯ ᠤᠨ ᠦᠭᠡᠷᠡᠴᠢᠯᠡᠯᠳᠠ ᠪᠤᠯ ᠦᠭᠡᠷᠡᠴᠢᠯᠡᠯᠳᠠ ᠶᠢ ᠪᠦᠬᠦ ᠲᠠᠯ᠎ᠡ ᠪᠠᠷ | ᠬᠦᠨᠵᠡᠭᠡᠶᠢᠷᠠᠬᠦᠯᠬᠦ ᠴᠢᠬᠤᠯᠠ ᠪᠦᠷᠢᠯᠳᠦᠬᠦᠨ ᠭᠡᠰᠡᠭ ᠪᠤᠯᠤᠨ᠎ᠡ᠃ ᠨᠠᠮ ᠤᠨ ᠠᠷᠪᠡ ᠶᠢᠰᠦᠳᠦᠭᠡᠷ ᠬᠤᠭᠤᠴᠠᠭᠠᠨ ᠤ | ᠲᠦᠪ ᠬᠤᠷᠢᠶᠠᠨ ᠤ ᠭᠤᠷᠪᠡᠳᠤᠭᠠᠷ ᠪᠦᠬᠦᠳᠠ ᠬᠤᠷᠠᠯ ᠠᠴᠠ ᠤᠯᠠᠨ ᠲᠦᠮᠡᠨ ᠤ ᠪᠦᠯᠬᠦᠮ ᠤᠨ ᠵᠤᠬᠢᠶᠠᠨ | ᠪᠠᠶᠢᠭᠤᠯᠤᠯᠳᠠ ᠶᠢᠨ ᠦᠭᠡᠷᠡᠴᠢᠯᠡᠯᠳᠠ ᠳᠤ ᠰᠢᠨ᠎ᠡ ᠱᠠᠭᠠᠷᠳᠠᠯᠭ᠎ᠠ ᠲᠤᠷᠠᠳᠴᠠᠢ᠂ ᠠᠵᠢᠯᠴᠢᠨ ᠤ ᠡᠪᠯᠡᠯ ᠤᠨ ᠬᠢᠨ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠯᠴᠠᠭ᠎ᠠ ᠦᠷᠭᠡᠨ ᠲᠠᠯᠭᠡᠷ᠂ ᠠᠵᠢᠯᠳᠠᠨ | ᠠᠵᠢᠯᠴᠢᠨ ᠳᠤ ᠦᠢᠯᠡᠴᠢᠯᠡᠬᠦ ᠠᠵᠢᠯᠴᠢᠨ ᠤ ᠡᠪᠯᠡᠯ ᠤᠨ ᠠᠵᠢᠯ ᠤᠨ ᠰᠢᠰᠲ᠋ᠧᠮ ᠢ ᠪᠠᠶᠢᠭᠤᠯᠬᠤ ᠭᠡᠷᠡᠭᠲᠠᠢ᠃ | ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠲᠤᠳᠤ ᠤᠳᠤᠷᠢᠳᠤᠮᠵᠢ ᠶᠢ ᠪᠠᠶᠢᠭᠤᠯᠵᠤ᠂ ᠦᠨᠳᠦᠰᠦᠨ | ᠱᠠᠳᠤᠨ ᠳᠤ ᠬᠠᠨᠳᠤᠭᠤᠯᠬᠤ ᠶᠢ ᠪᠠᠷᠢᠮᠳᠠᠯᠠᠵᠤ᠂ ᠬᠦᠴᠦᠨ ᠴᠢᠳᠠᠯ ᠪᠠ ᠡᠬᠢ ᠪᠠᠶᠠᠯᠢᠭ ᠢ ᠦᠨᠳᠦᠰᠦᠨ ᠱᠠᠳᠤ ᠲᠠᠶᠢᠰᠢ | ᠬᠡᠯᠪᠠᠶᠢᠯᠭᠡᠵᠤ᠂ ᠦᠷᠭᠡᠨ ᠤᠯᠠᠨ ᠠᠵᠢᠯᠳᠠᠨ ᠠᠵᠢᠯᠴᠢᠨ ᠢ ᠨᠠᠮ ᠤᠨ ᠲᠤᠭᠤᠷᠢᠨ ᠳᠤ ᠨᠢᠬᠳᠠᠷᠠᠭᠤᠯᠬᠤ ᠭᠡᠷᠡᠭᠲᠠᠢ᠃ | ᠠᠵᠢᠯᠴᠢᠨ ᠤ ᠡᠪᠯᠡᠯ ᠤᠨ ᠺᠠᠳ᠋ᠷ ᠤᠨ ᠬᠦᠮᠦᠵᠢᠯ᠂ ᠬᠠᠮᠢᠶᠠᠷᠤᠯᠳᠠ᠂ ᠬᠢᠨᠠᠯᠳᠠ ᠶᠢ ᠴᠢᠩᠭᠠᠳᠬᠠᠵᠤ᠂ ᠠᠵᠢᠯᠳᠠᠨ | ᠠᠵᠢᠯᠴᠢᠨ ᠲᠠᠢ ᠬᠠᠷᠢᠯᠴᠠᠬᠤ ᠲᠦᠷᠢᠮ ᠤᠨ ᠲᠤᠬᠳᠠᠴᠠ ᠶᠢ ᠲᠡᠬᠦᠯᠳᠡᠷᠵᠢᠬᠦᠯᠵᠤ᠂ ᠦᠨᠳᠦᠰᠦᠨ ᠱᠠᠳᠤᠨ ᠤ ᠡᠮᠦᠨ᠎ᠡ | ᠹᠷᠤᠨᠲ ᠲᠤ ᠬᠦᠨᠵᠡᠭᠡᠶᠢᠷᠠᠨ᠂ ᠪᠠᠶᠢᠴᠠᠭᠠᠨ ᠰᠤᠳᠤᠯᠤᠯᠳᠠ ᠬᠢᠬᠦ ᠶᠢ ᠴᠢᠩᠭᠠᠳᠬᠠᠵᠤ᠂ ︽ᠲᠦᠷᠪᠡᠨ ᠰᠤᠷᠳᠠᠯ︾ | ᠢᠯᠠᠩᠭᠤᠶ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠰᠠᠷᠬᠡᠶᠢᠯᠡᠨ ᠵᠤᠬᠰᠤᠭᠠᠵᠤ᠂ ᠠᠵᠢᠯᠳᠠᠨ ᠠᠵᠢᠯᠴᠢᠨ | ᠤᠯᠠᠨ ᠲᠦᠮᠡᠨ ᠢ ᠠᠵᠢᠯᠴᠢᠨ ᠤ ᠡᠪᠯᠡᠯ ᠪᠤᠯ ᠠᠵᠢᠯᠳᠠᠨ ᠠᠵᠢᠯᠴᠢᠨ ᠤ ᠭᠡᠷ ᠮᠦᠨ᠂ ᠠᠵᠢᠯᠴᠢᠨ ᠤ ᠡᠪᠯᠡᠯ ᠤᠨ ᠺᠠᠳ᠋ᠷ | ᠪᠤᠯ ᠬᠠᠮᠤᠭ ᠤᠨ ᠢᠳᠡᠭᠡᠯ ᠨᠠᠶᠢᠳᠠᠪᠤᠷᠢᠳᠠᠢ ᠲᠦᠷᠬᠦᠮ ᠤᠨ ᠬᠦᠮᠦᠨ᠂ ᠰᠡᠳᠬᠢᠯ ᠢ ᠮᠡᠳᠡᠭᠴᠢ ᠭᠡᠳᠡᠭ ᠢ ᠦᠨᠡᠨ ᠬᠦ | ᠮᠡᠳᠡᠬᠦᠯᠬᠦ ᠭᠡᠷᠡᠭᠲᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠨᠠᠮ ᠤᠨ ᠪᠦᠬᠦ ᠰᠡᠳᠬᠢᠯ | ᠪᠦᠬᠦ ᠵᠤᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠴᠢᠭᠯᠡᠯᠳᠠ ᠶᠢ ᠲᠤᠭᠤᠰᠢᠯᠠᠭᠤᠯᠵᠤ᠂ ᠠᠵᠢᠯᠴᠢᠨ | ᠠᠩᠬᠢ ᠶᠢᠨ ᠬᠢᠨ ᠤ ᠡᠵᠡᠨ ᠬᠦᠮᠦᠨ ᠤ ᠪᠠᠶᠢᠷᠢ ᠰᠠᠭᠤᠷᠢ ᠶᠢ ᠪᠠᠳᠤᠯᠠᠬᠤ ᠭᠡᠷᠡᠭᠲᠠᠢ᠃ ᠨᠠᠮ ᠤᠨ ᠠᠵᠢᠯᠴᠢᠨ ᠤ | ᠡᠪᠯᠡᠯ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ | ᠲᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠵᠤ᠂ ᠦᠨᠳᠦᠷ ᠬᠡᠪ ᠴᠢᠨᠠᠷ ᠪᠦᠬᠦᠢ | ᠲᠤᠰᠬᠠᠶᠢᠵᠢᠬᠰᠡᠨ ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠠᠵᠢᠯᠴᠢᠨ ᠤ ᠡᠪᠯᠡᠯ ᠤᠨ ᠬᠢᠨ ᠤ | ᠬᠠᠤᠯᠢ ᠲᠦᠷᠢᠮ ᠶᠤᠰᠤᠭᠠᠷ ᠪᠦᠳᠦᠭᠡᠯᠴᠢ ᠴᠢᠨᠠᠷᠳᠠᠢ ᠪᠠᠷ ᠠᠵᠢᠯ ᠢᠶᠠᠨ ᠦᠷᠨᠢᠬᠦᠯᠬᠦ ᠶᠢ ᠲᠠᠮᠵᠢᠬᠦ ᠭᠡᠷᠡᠭᠲᠠᠢ ᠭᠡᠵᠤ | ᠵᠢᠭᠠᠵᠤ ᠭᠠᠷᠭᠠᠪᠠ᠃ | ᠲᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠠᠷᠤᠩᠭᠡᠢ ᠡᠪᠯᠡᠯ ᠤᠨ ᠲᠡᠷᠢᠬᠦᠯᠡᠭᠴᠢ ᠸᠠᠩ ᠳ᠋ᠦᠩ ᠮᠢᠩ | ᠲᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠡᠪᠯᠡᠯ ᠤᠨ ᠰᠢᠨ᠎ᠡ ᠨᠢᠭᠡᠨ ᠬᠤᠭᠤᠴᠠᠭᠠᠨ ᠤ ᠤᠳᠤᠷᠢᠳᠬᠤ | ᠪᠠᠭ ᠤᠨ ᠡᠮᠤᠨ᠎ᠡ ᠠᠴᠠ ᠲᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠲᠤᠯᠤᠳᠤᠭᠠᠷ ᠶᠡᠭᠡ ᠬᠤᠷᠠᠯ ᠤᠨ | ᠬᠤᠷᠠᠯᠳᠤᠬᠰᠡᠨ ᠪᠠᠶᠢᠳᠠᠯ ᠪᠠ ᠠᠵᠢᠯᠴᠢᠨ ᠤ ᠡᠪᠯᠡᠯ ᠤᠨ ᠠᠵᠢᠯ ᠢ ᠰᠠᠶᠢᠳᠤᠷ ᠬᠢᠬᠦ ᠪᠤᠳᠤᠯᠬᠢᠯᠠᠯ ᠤᠨ ᠲᠤᠬᠠᠢ ᠬᠠᠷᠢᠭᠤ | ᠮᠡᠳᠡᠬᠦᠯᠦᠯᠳᠠ ᠬᠢᠪᠠ᠃ ᠪᠦᠬᠦ ᠤᠯᠤᠰ ᠤᠨ ᠠᠵᠢᠯᠴᠢᠨ ᠤ ᠶᠡᠷᠤᠩᠭᠡᠢ ᠡᠪᠯᠡᠯ ᠤᠨ ᠲᠡᠳ᠋ ᠲᠡᠷᠢᠬᠦᠯᠡᠭᠴᠢ ᠯᠢ ᠢᠦᠢ | ᠪᠢᠨ᠂ ᠵᠠᠩ ᠬᠦᠩ᠂ ᠵᠢᠦᠢ ᠰᠢᠶᠤᠤ ᠯᠢᠨ ᠦᠭᠡ ᠶᠠᠷᠢᠪᠠ᠃ | ᠳ᠋ᠢᠩ ᠰᠢᠦᠸᠠᠢ ᠰᠢᠶᠠᠩ᠂ ᠶᠠᠩ ᠰᠢᠶᠤᠤ ᠳ᠋ᠦ᠋᠂ ᠴᠧᠨ ᠰᠢ᠂ ᠬᠦᠸᠧ ᠱᠧᠩ ᠺᠦᠨ᠂ ᠬᠤᠸᠠᠩ ᠺᠦᠨ ᠮᠢᠩ | ᠬᠠᠮᠳᠤ ᠶᠢᠨ ᠶᠠᠷᠢᠯᠴᠠᠭ᠎ᠠ ᠳᠤ ᠤᠷᠤᠯᠴᠠᠪᠠ᠃ | |