10 ᠰᠠᠷ᠎ᠠ ᠶᠢᠨ 29 ᠤ ᠡᠳᠦᠷ᠂ ᠪᠥᠭᠦ ᠬᠤᠰᠢᠭᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠠᠵᠢᠯ | ᠤᠨ ᠬᠤᠷᠠᠯ ᠬᠤᠷᠠᠯᠳᠤᠵᠤ᠂ ᠬᠤᠷᠠᠯ ᠲᠡᠭᠡᠷ᠎ᠡ ᠰᠢ ᠶᠢᠨ ᠫᠢᠩ ᠶᠠᠷᠤᠩᠭᠡᠢ ᠱᠥᠵᠢ ᠶᠢᠨ ᠨᠠᠮ ᠤᠨ ᠪᠠᠶᠢᠭᠤᠯᠤᠯᠳᠠ | ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠤᠨ ᠲᠤᠬᠠᠢ ᠴᠢᠬᠤᠯᠠ ᠥᠭᠦᠯᠠᠯᠳᠠ ᠶᠢ ᠭᠥᠨᠵᠡᠭᠡᠢ ᠰᠤᠷᠤᠯᠴᠠᠨ | ᠲᠤᠭᠤᠰᠢᠯᠠᠭᠤᠯᠵᠤ᠂ ᠪᠥᠭᠦ ᠤᠯᠤᠰ᠂ ᠪᠥᠭᠦ ᠤᠷᠤᠨ ᠪᠤᠯᠤᠨ ᠪᠥᠭᠦ ᠬᠤᠳᠠ ᠶᠢᠨ ᠨᠠᠮ ᠤᠨ ᠵᠤᠭᠢᠶᠠᠨ ᠪᠠᠶᠢᠭᠤᠯᠤᠯᠳᠠ | ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠭᠦ ᠬᠤᠰᠢᠭᠤᠨ ᠤ ᠨᠠᠮ ᠤᠨ ᠪᠠᠶᠢᠭᠤᠯᠤᠯᠳᠠ ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠳᠤ | ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ | ᠴᠢᠬᠤᠯᠠ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠤᠷᠤᠯᠠᠭᠴᠢ ᠲᠠᠷᠤᠭ᠎ᠠ | ᠵᠤᠤ ᠹᠸᠢ ᠯᠤ᠋ ᠬᠤᠷᠠᠯ ᠡᠷᠭᠢᠯᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ | ᠪᠠᠶᠢᠭ᠎ᠠ ᠤᠳᠤᠷᠢᠳᠤᠯᠭ᠎ᠠ᠂ ᠰᠢᠭᠦᠭᠦ ᠬᠤᠷᠢᠶ᠎ᠠ ᠪᠠᠶᠢᠴᠠᠭᠠᠬᠤ ᠬᠤᠷᠢᠶᠠᠨ ᠤ ᠲᠠᠷᠤᠭ᠎ᠠ᠂ ᠨᠠᠭᠡᠭᠡᠯᠳᠠ ᠶᠢᠨ ᠤᠷᠤᠨ | ᠭᠥᠷᠢᠶᠠᠯᠠᠩ ᠲᠤᠭᠤᠷᠢᠭ ᠤᠨ ᠭᠤᠤᠯ ᠬᠠᠷᠢᠭᠤᠴᠠᠯᠭᠠᠳᠠᠨ ᠬᠤᠷᠠᠯ ᠳᠤ ᠰᠠᠭᠠᠳᠠᠪᠠ᠃ | | | | | | | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠶᠠᠷᠤᠩᠭᠡᠢ ᠱᠥᠵᠢ ᠶᠢᠨ ᠪᠥᠭᠦ ᠤᠯᠤᠰ ᠤᠨ | ᠨᠠᠮ ᠤᠨ ᠵᠤᠭᠢᠶᠠᠨ ᠪᠠᠶᠢᠭᠤᠯᠤᠯᠳᠠ ᠤᠨ ᠠᠵᠢᠯ ᠤᠨ ᠬᠤᠷᠠᠯ ᠲᠡᠭᠡᠷ᠎ᠡ ᠭᠢᠭᠰᠡᠨ ᠴᠢᠬᠤᠯᠠ ᠶᠠᠷᠢᠶ᠎ᠠ ᠨᠢ ᠰᠢᠨ᠎ᠠ ᠴᠠᠭ | ᠥᠶ᠎ᠠ ᠶᠢᠨ ᠨᠠᠮ ᠤᠨ ᠪᠠᠶᠢᠭᠤᠯᠤᠯᠳᠠ ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠤᠨ ᠪᠠᠶᠢᠷᠢ ᠰᠠᠭᠤᠷᠢ | ᠥᠢᠯᠡᠳᠤᠯ᠂ ᠴᠢᠭᠯᠡᠯ ᠱᠤᠭᠤᠮ᠂ ᠬᠠᠷᠠᠯᠳᠠ ᠡᠭᠦᠷᠭᠡ᠂ ᠥᠢᠯᠡᠳᠤᠯᠭᠡ ᠱᠠᠭᠠᠷᠳᠠᠯᠭ᠎ᠠ ᠶᠢ ᠭᠥᠨᠵᠡᠭᠡᠢ ᠥᠭᠦᠯᠠᠵᠤ᠂ | ᠪᠢᠳᠠᠨ ᠤ ᠨᠠᠮ ᠤᠨ ᠪᠠᠶᠢᠭᠤᠯᠤᠯᠳᠠ ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠢ ᠴᠢᠩᠭ᠎ᠠ ᠠᠳᠬᠤᠬᠤ ᠳᠤ | ᠥᠨᠳᠤᠰᠤᠨ ᠵᠢᠷᠤᠮᠯᠠᠯ ᠬᠠᠩᠭᠠᠭᠰᠠᠨ ᠪᠠᠶᠢᠨ᠎ᠠ᠃ ᠯᠢ ᠵᠢᠢ ᠡᠾᠧᠩ ᠱᠥᠵᠢ ᠶᠢᠨ ᠪᠥᠭᠦ ᠤᠷᠤᠨ ᠤ ᠵᠤᠭᠢᠶᠠᠨ | ᠪᠠᠶᠢᠭᠤᠯᠤᠯᠳᠠ ᠶᠢᠨ ᠠᠵᠢᠯ ᠤᠨ ᠬᠤᠷᠠᠯ ᠲᠡᠭᠡᠷᠡᠭᠢ ᠴᠢᠬᠤᠯᠠ ᠶᠠᠷᠢᠶ᠎ᠠ ᠨᠢ ᠪᠢᠳᠠᠨ ᠤ ᠨᠠᠮ ᠤᠨ ᠪᠠᠶᠢᠭᠤᠯᠤᠯᠳᠠ | ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠢ ᠤᠯᠠᠮ ᠨᠢᠭᠡ ᠠᠯᠬᠤᠮ ᠰᠠᠶᠢᠨ ᠭᠢᠭᠦ ᠳᠤ ᠭᠥᠴᠥᠳᠠᠢ | ᠵᠢᠯᠤᠭᠤᠳᠤᠯᠭ᠎ᠠ ᠶᠢᠨ ᠴᠢᠨᠠᠷ᠂ ᠴᠢᠭᠯᠡᠯᠳᠤ ᠴᠢᠨᠠᠷ ᠪᠤᠯᠤᠨ ᠥᠢᠯᠡᠳᠤᠯᠭᠡ ᠶᠢᠨ ᠴᠢᠨᠠᠷ ᠲᠠᠢ ᠶᠤᠮ᠃ ᠨᠢᠤ ᠵᠢᠶᠦ᠋ᠨ | ᠶᠠᠨ ᠱᠥᠵᠢ ᠪᠥᠭᠦ ᠬᠤᠳᠠ ᠶᠢᠨ ᠨᠠᠮ ᠤᠨ ᠵᠤᠭᠢᠶᠠᠨ ᠪᠠᠶᠢᠭᠤᠯᠤᠯᠳᠠ ᠶᠢᠨ ᠠᠵᠢᠯ ᠤᠨ ᠬᠤᠷᠠᠯ ᠲᠡᠭᠡᠷ᠎ᠡ ᠪᠥᠭᠦ | ᠬᠤᠳᠠ ᠶᠢᠨ ᠨᠠᠮ ᠤᠨ ᠪᠠᠶᠢᠭᠤᠯᠤᠯᠳᠠ ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠳᠤ ᠪᠥᠭᠦ ᠲᠠᠯ᠎ᠠ ᠪᠠᠷ | ᠪᠠᠶᠢᠷᠢᠯᠠᠭᠤᠯᠤᠯᠳᠠ ᠭᠢᠭᠰᠡᠨ ᠪᠠᠶᠢᠨ᠎ᠠ᠃ ᠪᠥᠭᠦ ᠬᠤᠰᠢᠭᠤ ᠪᠠᠷ ᠢᠶᠠᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ | ᠰᠤᠷᠤᠯᠴᠠᠨ ᠭᠥᠨᠵᠡᠭᠡᠢ ᠤᠶᠢᠯᠠᠭᠠᠵᠤ᠂ ᠥᠢᠯᠡᠳᠤᠯᠭᠡ ᠪᠠᠨ ᠵᠢᠯᠤᠭᠤᠳᠤᠯᠤᠨ ᠠᠵᠢᠯ ᠢᠶᠠᠨ ᠠᠭᠢᠭᠤᠯᠵᠤ᠂ ᠰᠢᠨ᠎ᠠ ᠴᠠᠭ | ᠥᠶ᠎ᠠ ᠶᠢᠨ ᠵᠤᠭᠢᠶᠠᠨ ᠪᠠᠶᠢᠭᠤᠯᠤᠯᠳᠠ ᠶᠢᠨ ᠠᠵᠢᠯ ᠢ ᠪᠤᠳᠠᠲᠠᠢ ᠴᠢᠩᠭ᠎ᠠ ᠠᠳᠬᠤᠬᠤ ᠭᠡᠷᠡᠭᠳᠠᠢ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠪᠥᠭᠦ | ᠬᠤᠰᠢᠭᠤᠨ ᠤ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠨᠢ ᠨᠠᠮ ᠤᠨ ᠤᠯᠤᠰ ᠲᠥᠷᠥ ᠶᠢᠨ | ᠪᠠᠶᠢᠭᠤᠯᠤᠯᠳᠠ ᠶᠢ ᠲᠡᠷᠢᠭᠦᠨ ᠳᠤ ᠲᠠᠯᠪᠢᠵᠤ᠂ ᠨᠠᠮ ᠨᠢ ᠨᠠᠮ ᠢᠶᠠᠨ ᠬᠠᠮᠢᠶᠠᠷᠴᠤ ᠨᠠᠮ ᠢ ᠪᠥᠭᠦ ᠲᠠᠯ᠎ᠠ ᠪᠠᠷ ᠴᠢᠩᠭ᠎ᠠ | ᠵᠠᠰᠠᠬᠤ ᠶᠢ ᠴᠢᠩᠭ᠎ᠠ ᠪᠠᠷᠢᠮᠳᠠᠯᠠᠨ᠂ ᠪᠥᠭᠦ ᠬᠤᠰᠢᠭᠤᠨ ᠳᠤ ᠤᠪᠤᠷ ᠲᠥᠪ ᠰᠤᠷᠳᠠᠯ ᠴᠢᠭᠡᠴᠢ ᠤᠯᠤᠰ ᠲᠥᠷᠥ ᠶᠢᠨ | ᠠᠭᠤᠷ ᠠᠮᠢᠰᠬᠤᠯ ᠢ ᠪᠥᠷᠢᠯᠳᠥᠭᠦᠯᠭᠦ ᠳᠤ ᠴᠢᠬᠤᠯᠠ ᠬᠤᠪᠢ ᠨᠠᠮᠠᠷᠢ ᠦᠵᠡᠬᠦᠯᠪᠡ᠃ ᠭᠡᠳᠡᠯ᠎ᠠ ᠨᠠᠮ ᠤᠨ ᠵᠤᠭᠢᠶᠠᠨ | ᠪᠠᠶᠢᠭᠤᠯᠤᠯᠳᠠ ᠶᠢᠨ ᠪᠠᠶᠢᠭᠤᠯᠤᠯᠳᠠ ᠪᠤᠯᠤᠨ ᠭᠥᠮᠤᠨ ᠰᠤᠩᠭᠤᠨ ᠭᠡᠷᠡᠭᠯᠠᠭᠦ ᠵᠡᠷᠭᠡ ᠲᠠᠯ᠎ᠠ ᠳᠤ ᠨᠢᠭᠡ ᠪᠥᠯᠥᠭ | ᠠᠰᠠᠭᠤᠳᠠᠯ ᠤᠷᠤᠰᠢᠵᠤ ᠪᠠᠶᠢᠨ᠎ᠠ᠂ ᠪᠥᠭᠦ ᠬᠤᠰᠢᠭᠤ ᠪᠠᠷ ᠢᠶᠠᠨ ᠡᠭᠦᠷᠭᠡ ᠪᠠᠨ ᠰᠠᠷᠭᠡᠭ ᠢᠶᠠᠷ ᠲᠠᠨᠢᠵᠤ ᠪᠥᠳᠥᠮᠵᠢᠳᠠᠢ | ᠠᠷᠭ᠎ᠠ ᠭᠡᠮᠵᠢᠶ᠎ᠠ ᠠᠪᠴᠤ ᠵᠤᠭᠢᠰᠳᠠᠢ ᠰᠶᠢᠳᠪᠤᠷᠢᠯᠠᠭᠦ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠤᠨ ᠤᠯᠤᠰ ᠲᠥᠷᠥ ᠶᠢᠨ ᠪᠠᠶᠢᠭᠤᠯᠤᠯᠳᠠ ᠶᠢ ᠲᠡᠷᠢᠭᠦᠨ | ᠪᠠᠶᠢᠷᠢᠨ ᠳᠤ ᠲᠠᠯᠪᠢᠵᠤ᠂ ︽ᠲᠥᠷᠪᠡᠨ ᠦᠵᠡᠯ ᠤᠬᠠᠮᠰᠠᠷ︾ ᠢ ᠨᠠᠮᠡᠭᠳᠡᠭᠦᠯᠤᠨ᠂ ︽ᠬᠤᠶᠠᠷ ᠢ ᠡᠷᠡᠰ ᠬᠠᠮᠠᠭᠠᠯᠠᠬᠤ | ︾ ᠶᠢ ᠥᠢᠯᠡᠳᠤᠯᠭᠡᠵᠢᠭᠦᠯᠵᠤ᠂ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠨ᠂ ᠤᠪᠤᠷ ᠲᠥᠪ | ᠰᠤᠷᠳᠠᠯ ᠴᠢᠭᠡᠴᠢ ᠤᠯᠤᠰ ᠲᠥᠷᠥ ᠶᠢᠨ ᠠᠭᠤᠷ ᠠᠮᠢᠰᠬᠤᠯ ᠢ ᠪᠥᠷᠢᠯᠳᠤᠭᠦᠯᠤᠨ᠂ ᠰᠢᠨ᠎ᠠ ᠴᠠᠭ ᠥᠶ᠎ᠠ ᠶᠢᠨ ᠮᠠᠨ ᠤ | ᠬᠤᠰᠢᠭᠤᠨ ᠤ ᠨᠠᠮ ᠤᠨ ᠪᠠᠶᠢᠭᠤᠯᠤᠯᠳᠠ ᠪᠠ ᠵᠤᠭᠢᠶᠠᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠬᠤ ᠭᠡᠷᠡᠭᠳᠠᠢ᠃ | ᠨᠠᠮ ᠤᠨ ᠥᠨᠳᠤᠰᠤᠨ ᠱᠠᠳᠤᠨ ᠤ ᠲᠠᠶᠢᠴᠢᠨ ᠪᠠᠭᠢᠯᠠᠯᠳᠠ ᠶᠢ ᠴᠢᠩᠭᠠᠳᠬᠠᠨ᠂ ᠥᠨᠳᠤᠰᠤᠨ ᠱᠠᠳᠤᠨ ᠤ ᠨᠠᠮ ᠤᠨ | ᠪᠠᠶᠢᠭᠤᠯᠤᠯᠳᠠ ᠶᠢ ᠪᠥᠭᠦ ᠲᠠᠯ᠎ᠠ ᠪᠠᠷ ᠠᠭᠢᠭᠤᠯᠬᠤ ᠭᠡᠷᠡᠭᠳᠠᠢ᠃ ᠥᠨᠠᠠᠴᠢ ᠰᠢᠳᠤᠷᠭᠤ ᠠᠷᠢᠭᠤᠨ ᠴᠢᠭᠡᠴᠢ ᠵᠤᠷᠢᠭᠳᠠᠢ | ᠡᠭᠦᠷᠭᠡᠯᠡᠭᠰᠠᠨ ᠥᠨᠳᠤᠷ ᠭᠡᠪ ᠴᠢᠨᠠᠷ ᠲᠠᠢ ᠺᠠᠳ᠋ᠷ ᠤᠨ ᠡᠩᠨᠡᠭᠡ ᠶᠢ ᠭᠥᠮᠤᠵᠢᠭᠦᠯᠤᠨ ᠴᠢᠳᠠᠪᠤᠷᠢᠳᠠᠨ ᠤ ᠭᠥᠴᠥᠷᠭᠡᠭ | ᠬᠤᠰᠢᠭᠤ ᠶᠢᠨ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠤᠨ᠂ ᠪᠥᠭᠦ ᠬᠤᠰᠢᠭᠤᠨ ᠤ ᠠᠵᠤ ᠠᠬᠤᠢ ᠨᠠᠶᠢᠭᠡᠮ ᠤᠨ | ᠭᠥᠭᠵᠢᠯᠳᠠ ᠳᠤ ᠴᠢᠳᠠᠪᠤᠷᠢᠳᠠᠨ ᠤ ᠪᠠᠲᠤᠯᠠᠭ᠎ᠠ ᠬᠠᠩᠭᠠᠵᠤ᠂ ᠵᠠᠯᠠᠭᠤ ᠰᠢᠯᠢᠳᠡᠭ ᠺᠠᠳ᠋ᠷ ᠢ ᠭᠥᠮᠤᠵᠢᠭᠦᠯᠤᠨ ᠰᠤᠩᠭᠤᠨ | ᠲᠡᠪᠰᠢᠭᠦᠯᠭᠦ ᠭᠡᠷᠡᠭᠳᠠᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠨᠠᠮ ᠢ ᠬᠠᠮᠢᠶᠠᠷᠬᠤ᠂ ᠨᠠᠮ ᠢ ᠵᠠᠰᠠᠬᠤ | ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ᠂ ᠨᠠᠮ ᠤᠨ ᠪᠠᠶᠢᠭᠤᠯᠤᠯᠳᠠ ᠶᠢᠨ ᠠᠵᠢᠯ ᠪᠤᠯᠤᠨ | ᠭᠤᠤᠯᠳᠠᠯᠭ᠎ᠠ ᠲᠠᠢ ᠠᠵᠢᠯ ᠢ ᠭᠥᠨᠵᠡᠭᠡᠢ ᠠᠭᠤᠰᠤᠯᠴᠠᠭᠤᠯᠤᠨ ᠵᠤᠭᠢᠶᠠᠨ ᠪᠠᠶᠢᠭᠤᠯᠤᠯᠳᠠ ᠶᠢᠨ ᠰᠠᠯᠠᠭ᠎ᠠ ᠮᠥᠴᠢᠷ ᠤᠨ | ᠵᠢᠱᠢᠶᠡᠴᠢ ᠥᠢᠯᠡᠳᠤᠯ ᠢ ᠪᠠᠳᠠᠷᠠᠭᠤᠯᠵᠤ ᠪᠥᠭᠦ ᠬᠤᠰᠢᠭᠤ ᠪᠠᠷ ᠢᠶᠠᠨ ᠵᠤᠷᠢᠭᠳᠠᠢ ᠠᠵᠢᠯᠯᠠᠵᠤ ᠴᠢᠷᠮᠠᠶᠢᠨ | ᠤᠷᠤᠭᠰᠢᠯᠠᠵᠤ᠂ ᠪᠥᠭᠦ ᠬᠤᠰᠢᠭᠤᠨ ᠤ ᠨᠠᠮ ᠤᠨ ᠪᠠᠶᠢᠭᠤᠯᠤᠯᠳᠠ ᠪᠤᠯᠤᠨ ᠵᠤᠭᠢᠶᠠᠨ ᠪᠠᠶᠢᠭᠤᠯᠤᠯᠳᠠ ᠶᠢᠨ ᠠᠵᠢᠯ ᠤᠨ | ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠵᠤ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠤ ᠨᠤᠮᠢᠨ | ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠡᠷᠡᠰ ᠴᠢᠩᠭ᠎ᠠ ᠵᠤᠭᠢᠶᠠᠨ ᠪᠠᠶᠢᠭᠤᠯᠤᠯᠳᠠ ᠶᠢᠨ ᠪᠠᠲᠤᠯᠠᠭ᠎ᠠ | ᠬᠠᠩᠭᠠᠬᠤ ᠭᠡᠷᠡᠭᠳᠠᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ | ᠲᠠᠷᠤᠭ᠎ᠠ ᠸᠠᠩ ᠯᠢ ᠫᠢᠩ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠬᠤᠰᠢᠭᠤᠨ ᠤ | ᠵᠤᠬᠢᠶᠠᠨ ᠪᠠᠶᠢᠭᠤᠯᠤᠯᠲᠠ ᠶᠢᠨ ᠠᠵᠢᠯ ᠤᠨ ᠤᠯᠤᠭᠰᠠᠨ ᠦᠷ᠎ᠡ ᠪᠦᠲᠦᠮᠵᠢ ᠠᠮᠵᠢᠯᠲᠠ ᠲᠤᠷᠰᠢᠯᠭ᠎ᠠ ᠶᠢ ᠪᠦᠬᠦ ᠲᠠᠯ᠎ᠠ | ᠪᠠᠷ ᠬᠤᠷᠢᠶᠠᠩᠭᠤᠶᠢᠯᠠᠭᠰᠠᠨ ᠤ ᠬᠠᠮᠲᠦ ᠰᠢᠨ᠎ᠡ ᠴᠠᠭ ᠦᠶ᠎ᠡ ᠳᠠᠬᠢ ᠵᠤᠬᠢᠶᠠᠨ ᠪᠠᠶᠢᠭᠤᠯᠤᠯᠲᠠ ᠶᠢᠨ ᠠᠵᠢᠯ ᠤᠨ ᠡᠯ᠎ᠡ | ᠲᠦᠷᠦᠯ ᠤᠨ ᠭᠤᠤᠯᠳᠠᠯᠭᠠᠲᠠᠢ ᠡᠭᠦᠷᠭᠡ ᠬᠠᠷᠠᠯᠲᠠ ᠳᠤ ᠪᠤᠳᠠᠳᠠᠢ ᠱᠠᠭᠠᠷᠳᠠᠯᠭ᠎ᠠ ᠳᠤᠷᠠᠳᠪᠠ᠃ ᠸᠠᠩ ᠯᠢ ᠫᠢᠩ | ᠴᠢᠬᠤᠯᠠᠴᠢᠯᠠᠬᠤ ᠳᠤ ᠪᠠᠨ᠂ ︽ᠬᠤᠶᠠᠷ ᠢ ᠡᠷᠡᠰ ᠬᠠᠮᠠᠭᠠᠯᠠᠬᠤ︾ ᠳᠡᠭᠡᠷ᠎ᠡ ᠠᠩᠬᠠᠷᠤᠯ ᠲᠠᠯᠪᠢᠨ᠂ ᠤᠯᠤᠰ ᠲᠦᠷᠦ | ᠶᠢᠨ ᠰᠠᠬᠢᠯᠭ᠎ᠠ ᠳᠦᠷᠢᠮ ᠢ ᠴᠢᠩᠭ᠎ᠠ ᠪᠠᠷᠢᠮᠳᠠᠯᠠᠵᠤ᠂ ᠦᠵᠡᠯ ᠰᠠᠨᠠᠭ᠎ᠠ ᠤᠨᠤᠯ ᠤᠨ ᠵᠡᠪᠰᠡᠭᠯᠡᠯ ᠢᠶᠠᠨ ᠰᠠᠶᠢᠲᠤᠷ | ᠠᠳᠬᠤᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠷᠮᠠᠶᠢᠨ ᠴᠢᠩᠭᠠᠳᠬᠠᠬᠤ ᠬᠡᠷᠡᠭᠲᠡᠢ᠃ ᠤᠯᠤᠰ | ᠲᠦᠷᠦ ᠶᠢᠨ ᠴᠢᠳᠠᠪᠬᠢ ᠪᠤᠯᠤᠨ ᠵᠤᠬᠢᠶᠠᠨ ᠪᠠᠶᠢᠭᠤᠯᠬᠤ ᠴᠢᠳᠠᠪᠤᠷᠢ ᠶᠢ ᠴᠢᠬᠤᠯᠠᠴᠢᠯᠠᠵᠤ᠂ ᠵᠤᠬᠢᠶᠠᠨ ᠪᠠᠶᠢᠭᠤᠯᠤᠯᠲᠠ | ᠶᠢᠨ ᠪᠠᠶᠢᠭᠤᠯᠤᠯᠲᠠ ᠶᠢ ᠪᠤᠳᠠᠳᠠᠢ ᠠᠳᠬᠤᠨ᠂ ᠦᠨᠳᠦᠰᠤᠨ ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠪᠠᠷ | ᠠᠳᠬᠤᠵᠤ᠂ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ | ᠶᠢ ᠴᠢᠩᠭᠠᠳᠬᠠᠬᠤ ᠬᠡᠷᠡᠭᠲᠡᠢ᠃ ᠺᠠᠳ᠋ᠷᠴᠤᠳ ᠢ ᠬᠦᠮᠦᠵᠢᠭᠦᠯᠵᠤ ᠪᠤᠯᠪᠠᠰᠤᠷᠠᠭᠤᠯᠬᠤ᠂ ᠬᠦᠮᠦᠨ ᠢ ᠤᠶᠢᠯᠠᠭᠠᠵᠤ | ᠲᠠᠨᠢᠬᠤ᠂ ᠰᠤᠩᠭᠤᠨ ᠲᠤᠮᠢᠯᠠᠬᠤ᠂ ᠴᠢᠩᠭ᠎ᠠ ᠪᠠᠷ ᠬᠠᠮᠢᠶᠠᠷᠬᠤ᠂ ᠰᠢᠯᠢᠳᠡᠭ ᠢ ᠤᠷᠮᠠᠰᠢᠭᠤᠯᠤᠨ ᠵᠤᠷᠢᠭᠵᠢᠭᠤᠯᠬᠤ | ᠵᠡᠷᠭᠡ《ᠲᠠᠪᠤᠨ ᠲᠤᠭᠳᠠᠯᠴᠠᠭ᠎ᠠ》 ᠶᠢ ᠪᠦᠷᠢᠨᠵᠢᠭᠦᠯᠦᠨ ᠪᠠᠶᠢᠭᠤᠯᠵᠤ᠂ ᠦᠨᠳᠦᠷ ᠬᠡᠪ ᠪᠤᠯᠪᠠᠰᠤᠷᠠᠯ ᠲᠠᠢ ᠺᠠᠳ᠋ᠷᠴᠤᠳ | ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠨᠤᠮᠢᠨ ᠲᠠᠩᠰᠤᠭ ᠬᠦᠭᠵᠢᠨ ᠮᠠᠨᠳᠤᠯᠲᠠ ᠶᠢ ᠬᠦᠴᠦᠯᠡᠨ | ᠠᠬᠢᠭᠤᠯᠵᠤ᠂ ᠴᠢᠳᠠᠪᠤᠷᠢᠲᠠᠨ ᠤ ᠬᠦᠭᠵᠢᠯᠲᠡ ᠶᠢᠨ ᠪᠠᠶᠢᠭᠤᠯᠤᠮᠵᠢ ᠲᠤᠭᠳᠠᠯᠴᠠᠭᠠᠨ ᠤ ᠦᠭᠡᠷᠡᠴᠢᠯᠡᠯᠲᠡ᠂ ᠡᠯ᠎ᠡ | ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠤᠵᠠᠭᠠᠶᠢᠷᠠᠯ ᠪᠤᠯᠤᠨ ᠴᠢᠳᠠᠪᠦᠷᠢᠲᠠᠨ ᠤ ᠬᠦᠭᠵᠢᠯᠲᠡ ᠶᠢᠨ ᠤᠷᠴᠢᠨ ᠢ | ᠦᠷᠬᠦᠯᠵᠢᠯᠡᠨ ᠰᠢᠯᠢᠳᠡᠭᠵᠢᠬᠦᠯᠵᠤ᠂ ᠴᠢᠳᠠᠪᠤᠷᠢᠲᠠᠨ ᠢ ᠤᠷᠢᠵᠤ ᠬᠡᠷᠡᠭᠯᠡᠬᠦ ᠪᠠᠨ ᠨᠡᠮᠡᠭᠳᠡᠬᠦᠯᠬᠦ ᠬᠡᠷᠡᠭᠲᠡᠢ᠃ ᠠᠵᠢᠯ | ᠦᠢᠯᠡᠰ ᠤᠨ ᠬᠦᠭᠵᠢᠯᠲᠡ ᠶᠢᠨ ᠬᠡᠷᠡᠭᠴᠡᠭᠡ ᠳᠡᠭᠡᠷ᠎ᠡ ᠠᠩᠬᠠᠷᠤᠯ ᠲᠠᠯᠪᠢᠨ᠂ ᠰᠢᠯᠢᠳᠡᠭ ᠢ ᠰᠤᠩᠭᠤᠵᠤ᠂ ᠦᠷᠭᠦᠯᠵᠢ | ᠬᠦᠮᠦᠵᠢᠭᠦᠯᠦᠨ ᠪᠤᠯᠪᠠᠰᠤᠷᠠᠭᠤᠯᠵᠤ ᠠᠮᠢᠲᠤᠯᠢᠭ ᠢᠶᠠᠷ ᠬᠠᠮᠢᠶᠠᠷᠴᠦ᠂ ᠪᠤᠳᠠᠳᠠᠢ ᠦᠷ᠎ᠡ ᠪᠦᠲᠦᠮᠵᠢ ᠭᠠᠷᠭᠠᠨ ᠵᠠᠯᠠᠭᠤ | ᠰᠢᠯᠢᠳᠡᠭ ᠺᠠᠳ᠋ᠷᠴᠤᠳ ᠢ ᠴᠢᠷᠮᠠᠶᠢᠨ ᠬᠦᠮᠦᠵᠢᠬᠦᠯᠬᠦ ᠬᠡᠷᠡᠭᠲᠡᠢ᠃ ᠦᠨᠳᠦᠷ ᠬᠡᠪ ᠪᠤᠯᠪᠠᠰᠤᠷᠠᠯ ᠲᠠᠢ ᠺᠠᠳ᠋ᠷᠴᠤᠳ ᠤᠨ | ᠡᠩᠨᠡᠭᠡ ᠶᠢ ᠴᠤᠭᠴᠠᠯᠠᠨ ᠪᠠᠶᠢᠭᠤᠯᠵᠤ ᠠᠵᠢᠯ ᠠᠴᠠ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷᠴᠤᠳ ᠲᠤ | ᠢᠯᠡᠭᠦᠬᠡᠨ ᠪᠤᠳᠠᠳᠠᠢ ᠠᠵᠢᠯ ᠬᠢᠵᠤ᠂ ᠰᠢᠨ᠎ᠡ ᠡᠭᠦᠷᠬᠡ ᠬᠠᠷᠢᠭᠤᠴᠠᠯᠭ᠎ᠠ᠂ ᠰᠢᠨ᠎ᠡ ᠵᠢᠳᠭᠦᠯ ᠴᠢᠷᠮᠠᠶᠢᠯᠭ᠎ᠠ ᠪᠠᠷ ᠪᠦᠬᠦ | ᠬᠤᠰᠢᠭᠤᠨ ᠤ ᠵᠤᠬᠢᠶᠠᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠨ᠂ ᠨᠤᠮᠢᠨ ᠲᠠᠩᠰᠤᠭ | ᠦᠦᠰᠢᠨ ᠤ ᠰᠢᠨ᠎ᠡ ᠴᠠᠭ ᠦᠶ᠎ᠡ ᠳᠠᠬᠢ ᠨᠤᠮᠢᠨ ᠲᠠᠩᠰᠤᠭ ᠬᠦᠭᠵᠢᠨ ᠮᠠᠨᠳᠤᠯᠲᠠ ᠶᠢ ᠠᠬᠢᠭᠤᠯᠬᠤ ᠳᠤ ᠪᠠᠲᠦ | ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠬᠡᠪᠡ᠃ | | | | | | | ᠵᠤᠤ ᠹᠸᠢ ᠯᠤ᠋ ᠳ᠋ᠦᠩᠨᠡᠯᠲᠡ ᠬᠢᠵᠤ ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠭᠠᠵᠠᠷ ᠤᠷᠤᠨ | ᠡᠯ᠎ᠡ ᠰᠠᠯᠠᠭ᠎ᠠ ᠮᠦᠴᠢᠷ ᠤᠨ ᠬᠢᠨ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠪᠤᠯᠤᠨ ᠵᠤᠬᠢᠶᠠᠨ | ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠰᠠᠶᠢᠲᠤᠷ ᠰᠤᠷᠤᠯᠴᠠᠨ ᠲᠤᠭᠤᠰᠢᠯᠠᠭᠤᠯᠤᠨ᠂ | ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ ᠤᠯᠤᠰ ᠲᠦᠷᠦ ᠶᠢᠨ ᠴᠢᠭᠯᠡᠯᠲᠡ | ᠪᠠᠨ ᠲᠤᠲᠤᠷᠬᠠᠶᠢᠯᠠᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠵᠤᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ | ᠶᠢ ᠲᠡᠭᠦᠯᠳᠡᠷᠵᠢᠭᠦᠯᠦᠨ᠂ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠢᠶᠠᠨ ᠨᠠᠮ ᠤᠨ ᠪᠠᠶᠢᠭᠤᠯᠤᠯᠲᠠ᠂ | ᠵᠤᠬᠢᠶᠠᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠳᠠᠰᠤᠷᠠᠯᠲᠠ ᠦᠭᠡᠢ ᠲᠡᠭᠡᠭᠰᠢᠯᠡᠬᠦᠯᠵᠤ ᠡᠯ᠎ᠡ ᠱᠠᠲᠤᠨ | ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠤᠯᠤᠨ ᠡᠯ᠎ᠡ ᠱᠠᠲᠤᠨ ᠤ ᠨᠠᠮ | ᠤᠨ ᠭᠡᠰᠢᠭᠦᠳ ᠤᠨ ᠬᠤᠰᠢᠭᠤᠴᠢ ᠲᠠᠭᠤᠷᠢᠶᠠᠯ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠨᠠᠮ ᠤᠨ | ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠠᠵᠢᠯ ᠢ ᠲᠡᠭᠡᠭᠰᠢᠯᠡᠬᠦᠯᠬᠦ ᠪᠠᠷ ᠡᠯ᠎ᠡ ᠲᠦᠷᠦᠯ ᠤᠨ ᠠᠵᠢᠯ ᠤᠨ | ᠪᠦᠬᠦ ᠲᠠᠯ᠎ᠠ ᠶᠢᠨ ᠳᠠᠪᠰᠢᠯᠲᠠ ᠶᠢ ᠳᠠᠶᠢᠴᠢᠯᠠᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ | ᠴᠢᠨᠠᠷ ᠰᠠᠶᠢᠲᠠᠢ ᠬᠦᠭᠵᠢᠯᠲᠡ ᠳᠤ ᠪᠠᠲᠦ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠪᠤᠯᠤᠨ ᠵᠤᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠬᠠᠩᠭᠠᠬᠤ ᠪᠠᠷ ᠴᠢᠷᠮᠠᠶᠢᠬᠤ ᠬᠡᠷᠡᠭᠲᠡᠢ ᠬᠡᠪᠡ᠃ | ᠡᠯ᠎ᠡ ᠦᠨᠳᠦᠰᠦᠨ ᠱᠠᠲᠤᠨ ᠤ ᠨᠠᠮ ᠤᠨ ︵ᠠᠵᠢᠯᠯᠠᠬᠤ︶ ᠬᠤᠷᠢᠶᠠᠨ ᠤ ᠱᠦᠵᠢ᠂ ᠳᠡᠳ᠋ ᠱᠦᠵᠢ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ ᠵᠢᠴᠢ ᠡᠯ᠎ᠡ ᠠᠵᠤ ᠠᠬᠤᠶᠢᠯᠠᠯ᠂ | ᠠᠵᠢᠯ ᠦᠢᠯᠡᠰ ᠤᠨ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ᠂ ᠭᠡᠰᠡᠭ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠡᠯ᠎ᠡ ᠭᠠᠴᠠᠭ᠎ᠠ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠬᠤᠰᠢᠭᠤ ᠨᠠᠮ ᠤᠨ | ᠬᠤᠷᠢᠶᠠᠨ ᠤ ᠵᠤᠬᠢᠶᠠᠨ ᠪᠠᠶᠢᠭᠤᠯᠬᠤ ᠭᠡᠯᠲᠡᠰ᠂ ᠬᠤᠰᠢᠭᠤ ᠳᠠᠭᠠᠭᠠᠴᠢᠯᠠᠨ ᠬᠠᠷᠢᠯᠴᠠᠬᠤ ᠠᠯᠪᠠᠨ ᠭᠡᠷ ᠤᠨ ᠪᠦᠬᠦ ᠺᠠᠳ᠋ᠷ | ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ᠂ ᠬᠤᠷᠠᠯ ᠳᠤ ᠤᠷᠤᠯᠴᠠᠭᠰᠠᠳ ᠲᠤ ︽︿ᠤᠮᠠᠷᠠᠲᠦ ᠬᠢᠯᠢ ᠶᠢᠨ ᠬᠤᠰᠢᠭᠤᠴᠢ﹀ ᠶᠢᠨ | ᠢᠨᠵᠧᠨᠧᠷᠢᠩ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠦᠨᠳᠦᠰᠦᠨ ᠱᠠᠲᠤᠨ ᠤ ᠨᠠᠮ ᠤᠨ | ᠵᠤᠬᠢᠶᠠᠨ ᠪᠠᠶᠢᠭᠤᠯᠤᠯᠲᠠ ᠶᠢᠨ ᠵᠤᠬᠢᠶᠠᠨ ᠪᠠᠶᠢᠭᠤᠯᠬᠤ ᠴᠢᠳᠠᠪᠤᠷᠢ ᠶᠢ ᠦᠨᠡᠨᠬᠦ ᠲᠡᠭᠡᠭᠰᠢᠯᠡᠬᠦᠯᠬᠦ ᠲᠤᠬᠠᠢ ᠰᠠᠨᠠᠯ︾ ︽ | ᠬᠤᠲᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ︾᠂ ︽ | ᠺᠠᠳ᠋ᠷᠴᠤᠳ ᠢ ᠤᠯᠠᠮ ᠨᠢᠭᠡ ᠠᠯᠬᠤᠮ ᠬᠠᠯᠠᠮᠵᠢᠯᠠᠵᠤ ᠬᠠᠶᠢᠷᠠᠯᠠᠬᠤ ᠲᠤᠬᠠᠢ ᠬᠡᠷᠡᠭᠵᠢᠭᠦᠯᠬᠦ ᠰᠠᠨᠠᠯ︾ ᠪᠤᠯᠤᠨ ︽ | ᠦᠦᠰᠢᠨ ᠬᠤᠰᠢᠭᠤᠨ ᠤ ᠴᠢᠳᠠᠪᠤᠷᠢᠲᠠᠨ ᠤ ᠬᠦᠭᠵᠢᠯᠲᠡ ᠶᠢᠨ ᠪᠠᠶᠢᠭᠤᠯᠤᠮᠵᠢ ᠲᠤᠭᠲᠠᠯᠴᠠᠭᠠᠨ ᠤ ᠦᠭᠡᠷᠡᠴᠢᠯᠡᠯᠡᠲᠡ | ᠶᠢ ᠬᠦᠨᠵᠡᠭᠡᠶᠢᠷᠡᠭᠦᠯᠵᠤ᠂ ︿ᠴᠢᠲᠠᠪᠤᠷᠢᠲᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ﹀ ᠪᠠᠶᠢᠯᠳᠤᠬᠤ ᠪᠤᠳᠤᠯᠭ᠎ᠠ ᠶᠢ | ᠬᠦᠨᠵᠡᠭᠡᠢ ᠬᠡᠷᠡᠭᠵᠢᠭᠦᠯᠬᠦ ᠲᠤᠬᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠤᠭᠤᠳ︾ ᠵᠡᠷᠭᠡ ᠳᠦᠷᠪᠡᠨ ᠰᠠᠨᠠᠯ | ᠬᠤᠷᠢᠶᠠᠬᠤ ᠡᠬᠡ ᠪᠢᠴᠢᠭ ᠢ ᠲᠠᠷᠤᠮᠠᠯᠯᠠᠨ ᠲᠠᠷᠬᠠᠭᠠᠪᠠ᠃ | |