ᠰᠢᠨᠬᠤᠸᠠ ᠬᠤᠷᠢᠶᠠᠨ ᠤ ᠱᠠᠩᠬᠠᠢ ᠶᠢᠨ 11 ᠰᠠᠷ᠎ᠠ ᠶᠢᠨ 7 ᠤ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ | ᠲᠡᠷᠢᠬᠦᠯᠡᠭᠴᠢ ᠰᠢ ᠶᠢᠨ ᠫᠢᠩ ᠤᠶᠢᠷ᠎ᠠ ᠶᠢᠨ ᠡᠳᠤᠷ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠵᠤ᠂ ᠦᠬᠡᠷᠡᠴᠢᠯᠡᠯᠳᠡ ᠨᠡᠬᠡᠬᠡᠯᠳᠡ ᠶᠢᠨ ᠠᠶᠠᠨ ᠳᠤ ᠠᠬᠢᠨ ᠮᠤᠷᠳᠠᠬᠤ ᠢᠳᠡᠬᠡᠯ ᠵᠤᠷᠢᠭ ᠢᠶᠠᠨ | ᠪᠠᠳᠤᠳᠬᠠᠵᠥ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ | ᠪᠠᠷᠢᠮᠳᠠᠯᠠᠨ᠂ ᠰᠢᠨ᠎ᠡ ᠬᠦᠭᠵᠢᠯᠳᠡ ᠶᠢᠨ ᠤᠶᠢᠯᠠᠭᠠᠬᠳᠠᠬᠤᠨ ᠢ ᠪᠦᠬᠦ ᠲᠡᠯ᠎ᠡ ᠪᠠᠷ ᠲᠤᠭᠤᠰᠢᠯᠠᠭᠤᠯᠵᠥ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠱᠤᠭᠤᠮ ᠢᠶᠠᠨ ᠪᠤᠯᠭᠠᠬᠤ ᠶᠢ | ᠪᠠᠷᠢᠮᠳᠠᠯᠠᠨ᠂ ᠤᠳᠤᠬᠢᠴᠢᠯᠠᠭᠰᠠᠠ ᠠᠵᠥ ᠠᠬᠤᠢ ᠶᠢᠨ ᠰᠢᠰᠲ᠋ᠧᠮ ᠢ ᠲᠦᠷᠬᠡᠳᠬᠡᠨ ᠪᠠᠶᠢᠭᠤᠯᠵᠥ᠂ ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠥ᠂ ᠬᠤᠳᠠ ᠶᠢᠨ ᠴᠢᠳᠠᠪᠬᠢ ᠲᠡᠰ ᠪᠤᠯᠤᠨ ᠭᠤᠤᠯᠯᠠᠭᠴᠢ | ᠦᠷᠢᠰᠦᠯᠳᠦᠬᠦ ᠬᠦᠴᠦᠨ ᠢ ᠲᠦᠷᠬᠡᠳᠬᠡᠨ ᠲᠡᠭᠡᠭᠰᠢᠯᠡᠬᠦᠯᠵᠥ᠂ ᠪᠦᠬᠦ ᠤᠯᠤᠰ ᠤᠨ ᠦᠬᠡᠷᠡᠴᠢᠯᠡᠯᠳᠡ ᠬᠦᠭᠵᠢᠯᠳᠡ ᠶᠢᠨ | ᠶᠡᠭᠡ ᠲᠠᠯ᠎ᠠ ᠳᠤ ᠨᠡᠩ ᠰᠠᠶᠢᠳᠤᠷ ᠦᠢᠯᠡᠴᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃ | 11 ᠰᠠᠷ᠎ᠠ ᠶᠢᠨ 6 ᠤ ᠡᠳᠤᠷ ᠠᠴᠠ 7 ᠤ ᠡᠳᠤᠷ ᠪᠤᠯᠳᠠᠯ᠎ᠠ᠂ ᠰᠢ ᠶᠢᠨ ᠫᠢᠩ ᠠᠩᠬᠠᠳᠤᠭᠠᠷ ᠬᠤᠭᠤᠴᠠᠭᠠᠨ ᠤ | ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ | ᠡᠬᠢᠯᠡᠯᠳᠡ ᠶᠢᠨ ᠶᠤᠰᠤᠯᠠᠯ ᠪᠤᠯᠤᠨ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠭᠰᠠᠠ ᠤ ᠲᠠᠷᠠᠭ᠎ᠠ᠂ ᠨᠠᠮ ᠤᠨ ᠲᠦᠪ | ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ | ᠱᠦᠵᠢ ᠯᠢ ᠴᠢᠶᠠᠩ ᠪᠤᠯᠤᠨ ᠬᠤᠳᠠ ᠶᠢᠨ ᠲᠠᠷᠤᠭ᠎ᠠ ᠶᠢᠩ ᠶᠦᠩ ᠤᠨ ᠪᠠᠷ᠎ᠠ ᠪᠤᠯᠤᠯᠭ᠎ᠠ ᠪᠠᠷ ᠱᠠᠩᠬᠠᠢ ᠶᠢᠨ ᠠᠵᠥ | ᠠᠬᠤᠶᠢᠯᠠᠯ᠂ ᠨᠡᠶᠢᠬᠡᠮ ᠲᠤᠭᠤᠷᠢᠭ᠂ ᠬᠤᠳᠠ ᠶᠢᠨ ᠠᠵᠢᠯᠯᠠᠭᠠᠨ ᠤ ᠶᠡᠷᠤᠩᠬᠡᠶᠢᠯᠡᠭᠰᠡᠡ ᠬᠠᠮᠢᠶᠠᠷᠤᠯᠳᠠ ᠶᠢᠨ ᠲᠦᠪ᠂ | ᠲᠡᠬᠡᠳᠤ ᠰᠢᠨ᠎ᠡ ᠮᠡᠷᠬᠡᠵᠢᠯ ᠤᠨ ᠬᠦᠷᠢᠶᠡᠯᠡᠩ ᠲᠤᠭᠤᠷᠢᠭ ᠲᠤ ᠬᠦᠨᠵᠡᠬᠡᠶᠢᠷᠡᠵᠥ᠂ ᠨᠠᠮ ᠤᠨ ᠠᠷᠪᠠ ᠶᠢᠰᠦᠳᠦᠬᠡᠷ ᠶᠡᠭᠡ | ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠠ ᠪᠠᠶᠢᠲᠠᠯ ᠪᠤᠯᠤᠨ ᠤᠳᠤᠬᠠᠨ ᠤ ᠠᠵᠥ | ᠠᠬᠤᠢ ᠶᠢᠨ ᠪᠠᠶᠢᠳᠠᠯ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠶᠢ ᠠᠬᠢᠭᠤᠯᠤᠭᠰᠠᠠ᠂ ᠬᠤᠳᠠ ᠶᠢᠨ | ᠬᠠᠮᠢᠶᠠᠷᠤᠯᠳᠡ ᠪᠤᠯᠤᠨ ᠨᠡᠶᠢᠬᠡᠮ ᠲᠤᠭᠤᠷᠢᠭ ᠤᠨ ᠵᠠᠰᠠᠯᠳᠠ ᠶᠢ ᠴᠢᠩᠭᠠᠳᠬᠠᠭᠰᠠᠠ ᠲᠤᠬᠠᠢ ᠪᠠᠶᠢᠴᠠᠭᠠᠨ ᠰᠤᠳᠤᠯᠤᠯᠳᠡ | ᠬᠢᠪᠡ᠃ | | | | | | | 11 ᠰᠠᠷ᠎ᠠ ᠶᠢᠨ 6 ᠤ ᠡᠳᠤᠷ ᠠᠴᠠ 7 ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠡᠨ ᠤ ᠶᠡᠷᠤᠩᠬᠡᠢ | ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ | ᠫᠢᠩ ᠱᠠᠩᠬᠠᠢ ᠳᠤ ᠰᠢᠨᠵᠢᠯᠡᠨ ᠪᠠᠶᠢᠴᠠᠭᠠᠯᠳᠠ ᠬᠢᠪᠡ᠃ ᠵᠢᠷᠤᠭ ᠪᠤᠯ 6 ᠤ ᠦᠳᠡ ᠶᠢᠨ ᠬᠤᠶᠢᠨ᠎ᠠ᠂ ᠰᠢ ᠶᠢᠨ ᠫᠢᠩ | ᠵᠠᠩ ᠵᠢᠶᠠᠩ ᠰᠢᠨᠵᠢᠯᠡᠬᠦ ᠤᠬᠠᠭᠠᠨ ᠤ ᠬᠤᠳᠠ ᠶᠢᠨ ᠦᠵᠡᠬᠦᠯᠬᠡ ᠶᠢᠨ ᠲᠢᠩᠬᠢᠮ ᠳᠤ ᠰᠢᠨᠵᠢᠯᠡᠨ ᠪᠠᠶᠢᠴᠠᠭᠠᠵᠤ᠂ | ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠪᠤᠯᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠠ ᠪᠦᠳᠦᠬᠡᠯ ᠢ ᠤᠨᠳᠤᠤᠰᠢᠭᠤᠯᠬᠤ ᠪᠠᠶᠢᠳᠠᠯ ᠢ ᠤᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | | | | | | | 11 ᠰᠠᠷ᠎ᠠ ᠶᠢᠨ 6 ᠤ ᠡᠳᠤᠷ ᠠᠴᠠ 7 ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠡᠨ ᠤ ᠶᠡᠷᠤᠩᠬᠡᠢ | ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ | ᠫᠢᠩ ᠱᠠᠩᠬᠠᠢ ᠳᠤ ᠰᠢᠨᠵᠢᠯᠡᠨ ᠪᠠᠶᠢᠴᠠᠭᠠᠯᠳᠠ ᠬᠢᠪᠡ᠃ ᠵᠢᠷᠤᠭ ᠪᠤᠯ 6 ᠤ ᠦᠳᠡ ᠶᠢᠨ ᠡᠮᠤᠨ᠎ᠠ᠂ ᠰᠢ ᠶᠢᠨ ᠫᠢᠩ | ᠱᠠᠩᠬᠠᠢ ᠶᠢᠨ ᠲᠦᠪ ᠶᠡᠭᠡ ᠠᠰᠠᠷ ᠤᠨ 22 ᠳ᠋ᠤᠭᠠᠷ ᠲᠠᠪᠬᠤᠷᠯᠢᠭ ᠲᠠᠬᠢ ᠯᠥ ᠵᠢᠶᠠ ᠽᠦᠢ ᠶᠢᠨ ᠮᠥᠩᠬᠦᠨ | ᠬᠦᠢᠯᠬᠡᠬᠡᠨ ᠤ ᠬᠤᠳᠠ ᠶᠢᠨ ᠨᠠᠮ ᠤᠨ ᠪᠠᠶᠢᠭᠤᠯᠤᠯᠳᠠ ᠶᠢᠨ ᠦᠢᠯᠡᠴᠢᠯᠡᠬᠡᠨ ᠤ ᠲᠦᠪ ᠲᠤ᠂ ᠶᠠᠭ ᠭᠤᠤᠯ ᠰᠡᠳᠤᠪᠳᠤ | ᠨᠠᠮ ᠤᠨ ᠡᠳᠦᠷᠯᠢᠭ ᠤᠨ ᠠᠵᠢᠯᠯᠠᠭ᠎ᠠ ᠶᠢ ᠬᠠᠮᠳᠤᠷᠠᠨ ᠦᠷᠨᠢᠬᠦᠯᠵᠥ ᠪᠠᠶᠢᠭᠰᠠᠨ ᠠᠵᠤ ᠠᠬᠤᠶᠢᠯᠠᠯ ᠤᠨ ᠨᠠᠮ ᠤᠨ | ᠬᠡᠰᠢᠬᠦᠳ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | | | | ᠯᠥ ᠵᠢᠶᠠ ᠽᠦᠢ ᠳᠤ ᠪᠠᠶᠢᠷᠢᠰᠢᠭ᠎ᠠ ᠱᠠᠩᠬᠠᠢ ᠶᠢᠨ ᠲᠦᠪ ᠶᠡᠭᠡ ᠠᠰᠠᠷ ᠤᠨ ᠪᠠᠷᠢᠯᠭ᠎ᠠ ᠶᠢᠨ ᠦᠨᠳᠤᠷ 632 | ᠮᠧᠲᠷ ᠪᠠᠶᠢᠵᠥ᠂ ᠨᠢᠬᠡᠨᠳᠡ ᠪᠠᠶᠢᠭᠤᠯᠤᠭᠰᠠᠠ ᠲᠤᠮᠳᠠᠳᠤ ᠤᠯᠤᠰ ᠤᠨ ᠨᠢᠬᠡᠳᠤᠭᠡᠷ᠂ ᠲᠡᠯᠡᠬᠡᠢ ᠶᠢᠨ ᠬᠤᠶᠠᠳᠤᠭᠠᠷ | ᠦᠨᠳᠤᠷ ᠠᠰᠠᠷ ᠪᠤᠯᠵᠤ᠂ ᠱᠠᠩᠬᠠᠢ ᠶᠢᠨ ᠪᠡᠯᠬᠡ ᠲᠡᠮᠳᠡᠭ ᠤᠨ ᠴᠢᠨᠠᠷᠳᠠᠢ ᠪᠠᠷᠢᠯᠭ᠎ᠠ ᠪᠤᠯᠵᠠᠢ᠃ 2007 ᠤᠨ ᠳᠤ | ᠰᠢ ᠶᠢᠨ ᠫᠢᠩ ᠱᠠᠩᠬᠠᠢ ᠳᠤ ᠠᠵᠢᠯᠯᠠᠵᠥ ᠪᠠᠶᠢᠬᠤ ᠳᠠᠭᠠᠨ ᠱᠠᠩᠬᠠᠢ ᠶᠢᠨ ᠲᠦᠪ ᠶᠡᠭᠡ ᠠᠰᠠᠷ ᠤᠨ ᠪᠦᠳᠦᠬᠡᠨ | ᠪᠠᠶᠢᠭᠤᠯᠤᠯᠳᠠ ᠶᠢ ᠲᠦᠢᠯ ᠢᠶᠠᠷ ᠴᠢᠬᠤᠯᠠᠴᠢᠯᠠᠨ᠂ ᠤᠯᠠᠨ ᠤᠳᠠᠭ᠎ᠠ ᠯᠥ ᠵᠢᠶᠠ ᠽᠦᠢ ᠤᠷᠤᠨ ᠳᠤ ᠪᠠᠶᠢᠴᠠᠭᠠᠨ | ᠰᠤᠳᠤᠯᠤᠯᠳᠡ ᠬᠢᠵᠥ᠂ ᠯᠥ ᠵᠢᠶᠠ ᠽᠦᠢ ᠤᠷᠤᠨ ᠤ ᠲᠦᠯᠥᠪᠵᠢᠬᠦᠯᠬᠡ ᠶᠢ ᠪᠡᠶ᠎ᠡ ᠪᠠᠷ ᠢᠶᠠᠨ ᠰᠤᠳᠤᠯᠤᠨ᠂ | ᠱᠠᠩᠬᠠᠢ ᠶᠢᠨ ᠲᠦᠪ ᠶᠡᠭᠡ ᠠᠰᠠᠷ ᠤᠨ ᠵᠢᠷᠤᠭ ᠲᠦᠯᠥᠪᠯᠡᠭᠡ ᠶᠢᠨ ᠲᠦᠰᠦᠯ ᠢ ᠪᠡᠶ᠎ᠡ ᠪᠠᠷ ᠢᠶᠠᠨ ᠬᠢᠨᠠᠨ ᠲᠤᠭᠳᠠᠭᠠᠵᠥ᠂ | ᠬᠠᠮᠢᠶ᠎ᠠ ᠪᠦᠬᠦᠢ ᠠᠵᠢᠯ ᠢ ᠠᠬᠢᠭᠤᠯᠵᠥ᠂ ᠱᠠᠩᠬᠠᠢ ᠶᠢᠨ ᠲᠦᠪ ᠶᠡᠭᠡ ᠠᠰᠠᠷ ᠢ ᠪᠤᠬᠢᠷᠳᠤᠯ ᠦᠭᠡᠢ᠂ ᠤᠶᠤᠨᠳᠤ᠂ | ᠰᠤᠶᠤᠯ ᠢᠷᠬᠡᠨᠰᠢᠯ ᠪᠦᠬᠦᠢ ᠲᠡᠯᠡᠬᠡᠢ ᠶᠢᠨ ᠲᠡᠷᠢᠬᠦᠨ ᠵᠡᠷᠬᠡ ᠶᠢᠨ ᠰᠤᠳᠤᠨ ᠪᠠᠷᠢᠯᠭ᠎ᠠ ᠪᠤᠯᠭᠠᠨ ᠪᠦᠳᠦᠬᠡᠨ ᠪᠠᠶᠢᠭᠤᠯᠬᠤ | ᠬᠡᠷᠡᠭᠳᠡᠢ ᠬᠡᠵᠥ ᠱᠠᠭᠠᠷᠳᠠᠵᠠᠢ᠃ ᠶᠡᠭᠡ ᠠᠰᠠᠷ ᠤᠨ 22 ᠳ᠋ᠤᠭᠠᠷ ᠲᠠᠪᠬᠤᠷᠯᠢᠭ ᠲᠠᠬᠢ ᠯᠥ ᠵᠢᠶᠠ ᠽᠦᠢ ᠶᠢᠨ ᠮᠥᠩᠬᠦᠨ | ᠬᠦᠢᠯᠬᠡᠬᠡᠨ ᠤ ᠬᠤᠳᠠ ᠶᠢᠨ ᠨᠠᠮ ᠤᠨ ᠪᠠᠶᠢᠭᠤᠯᠤᠯᠳᠠ ᠶᠢᠨ ᠦᠢᠯᠡᠴᠢᠯᠡᠬᠡᠨ ᠤ ᠲᠦᠪ ᠪᠤᠯ ᠯᠥ ᠵᠢᠶᠠ ᠽᠦᠢ ᠶᠢᠨ | ᠮᠥᠩᠬᠦᠨ ᠬᠦᠢᠯᠬᠡᠬᠡᠨ ᠠᠷᠠᠯᠵᠢᠶᠠᠨ ᠤ ᠲᠤᠭᠤᠷᠢᠭ ᠤᠨ ᠶᠡᠷᠤᠩᠬᠡᠶᠢᠯᠡᠭᠰᠡᠡ ᠨᠠᠮ ᠤᠨ ᠬᠤᠷᠢᠶᠠᠨ ᠠᠴᠠ ᠪᠠᠶᠢᠭᠤᠯᠤᠭᠰᠠᠠ | ᠠᠰᠠᠷ ᠲᠠᠭᠳᠤ ᠳᠠᠬᠢ ᠨᠠᠮ ᠤᠨ ᠪᠠᠶᠢᠭᠤᠯᠤᠯᠳᠠ ᠶᠢᠨ ᠵᠢᠭᠰᠠᠭᠠᠯ ᠤᠨ ᠭᠠᠵᠠᠷ ᠪᠤᠯᠤᠨ᠎ᠠ᠃ 6 ᠤ ᠦᠳᠡ ᠶᠢᠨ ᠡᠮᠤᠨ᠎ᠡ | ᠰᠢ ᠶᠢᠨ ᠫᠢᠩ ᠠᠳᠡ ᠢᠷᠡᠵᠥ᠂ ᠦᠢᠯᠡᠴᠢᠯᠡᠬᠡᠨ ᠤ ᠲᠦᠪ ᠤᠨ ᠨᠠᠮ ᠤᠨ ᠪᠠᠶᠢᠭᠤᠯᠤᠯᠳᠠ ᠶᠢᠨ ᠠᠵᠢᠯ ᠢ | ᠦᠷᠨᠢᠬᠦᠯᠥᠭᠰᠡᠡ ᠵᠡᠷᠬᠡ ᠪᠠᠶᠢᠳᠠᠯ ᠢ ᠨᠠᠷᠢᠨ ᠤᠶᠢᠯᠠᠭᠠᠪᠠ᠃ ᠨᠠᠮ ᠤᠨ ᠪᠠᠶᠢᠭᠤᠯᠤᠯᠳᠠ ᠶᠢᠨ ᠦᠢᠯᠡᠴᠢᠯᠡᠬᠡᠨ ᠤ | ᠲᠦᠪ ᠤᠨ ︽ᠤᠭᠲᠠᠷᠭᠤᠢ ᠶᠢᠨ ᠴᠡᠴᠡᠷᠯᠢᠭ︾ ᠰᠤᠳᠤᠯᠤᠨ ᠶᠠᠷᠢᠯᠴᠠᠵᠥ ᠪᠤᠳᠤᠯ ᠰᠠᠨᠠᠯ ᠢᠶᠠᠨ ᠰᠤᠯᠢᠯᠴᠠᠬᠤ | ᠲᠤᠭᠤᠷᠢᠭ ᠲᠤ 3 ᠠᠵᠥ ᠠᠬᠤᠶᠢᠯᠠᠯ ᠤᠨ ᠨᠠᠮ ᠤᠨ ᠡᠬᠦᠷ ᠤᠨ ᠬᠢᠨ ᠶᠠᠭ ︽ᠪᠢ ᠮᠥᠩᠬᠦᠨ ᠬᠦᠢᠯᠬᠡᠬᠡᠨ ᠤ | ᠬᠤᠳᠠ ᠲᠠᠢ ᠬᠠᠮᠳᠤ ᠪᠠᠷ ᠦᠰᠦᠨ ᠪᠤᠶᠢᠵᠢᠨ᠎ᠠ︾ ᠬᠡᠬᠦ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠶᠢ | ᠬᠠᠮᠳᠤᠷᠠᠨ ᠦᠷᠨᠢᠬᠦᠯᠵᠥ ᠪᠠᠶᠢᠯ᠎ᠠ᠂ ᠰᠢ ᠶᠢᠨ ᠫᠢᠩ ᠲᠡᠳᠡᠨ ᠤ ᠲᠤᠮᠳᠠ ᠬᠦᠷᠴᠦ ᠤᠯᠠᠨ ᠲᠠᠢ ᠲᠤᠳᠤᠨᠤ ᠪᠠᠷ | ᠶᠠᠷᠢᠯᠴᠠᠪᠠ᠃ ᠰᠢ ᠶᠢᠨ ᠫᠢᠩ ᠱᠠᠩᠬᠠᠢ ᠶᠢᠨ ᠬᠢᠨ ᠤ ᠯᠦ ᠵᠢᠶᠠ ᠽᠦᠢ ᠮᠥᠩᠬᠦᠨ ᠬᠦᠢᠯᠬᠡᠬᠡᠨ ᠤ ᠬᠤᠳᠠ ᠳᠤ ᠠᠵᠥ | ᠦᠢᠯᠡᠰ ᠲᠦᠪᠯᠡᠷᠡᠭᠰᠡᠡ᠂ ᠠᠵᠥ ᠠᠬᠤᠶᠢᠯᠠᠯ ᠨᠢᠬᠳᠠᠷᠠᠭᠰᠠᠠ᠂ ᠴᠢᠳᠠᠪᠤᠷᠢᠳᠡᠨ ᠦᠷᠬᠡᠨ ᠢᠶᠠᠷ ᠴᠤᠭᠯᠠᠷᠠᠭᠰᠠᠠ ᠪᠤᠳᠠᠳᠤ | ᠪᠠᠶᠢᠳᠠᠯ ᠠᠴᠠ ᠭᠠᠷᠳᠡᠨ᠂ ᠨᠠᠮ ᠤᠨ ᠪᠠᠶᠢᠭᠤᠯᠤᠯᠳᠠ ᠶᠢᠨ ᠠᠵᠢᠯ ᠤᠨ ᠰᠡᠳᠬᠢᠴᠡ ᠪᠤᠯᠤᠨ ᠵᠠᠭᠪᠤᠷ ᠢᠶᠠᠨ ᠰᠢᠨᠡᠴᠢᠯᠡᠵᠦ | ᠂ ᠠᠰᠠᠷ ᠲᠠᠭᠳᠤ ᠶᠢᠨ ᠲᠤᠳᠤᠷᠠᠬᠢ ᠡᠯ᠎ᠡ ᠵᠦᠢᠯ ᠤᠨ ᠦᠮᠴᠢᠯᠡᠯ ᠤᠨ ᠲᠦᠷᠢᠮᠳᠤ ᠠᠵᠥ ᠠᠬᠤᠶᠢᠯᠠᠯ ᠤᠨ ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠬᠡᠰᠢᠬᠦᠳ ᠲᠤ ᠰᠤᠷᠤᠯᠴᠠᠯᠭ᠎ᠠ ᠶᠢᠨ | ᠵᠢᠯᠤᠭᠤᠳᠤᠯᠭ᠎ᠠ᠂ ᠬᠠᠮᠢᠶᠠᠷᠤᠯᠳᠠ ᠦᠢᠯᠡᠴᠢᠯᠡᠭᠡ᠂ ᠠᠵᠢᠯᠯᠠᠭ᠎ᠠ ᠶᠢᠨ ᠲᠠᠪᠴᠠᠩ ᠬᠠᠩᠭᠠᠭᠰᠠᠠ ᠠᠷᠭ᠎ᠠ ᠪᠠᠷᠢᠯ ᠢ | ᠬᠦᠢᠴᠡᠳ ᠨᠤᠳᠠᠯᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠦᠴᠢᠷᠳᠡᠯ ᠨᠢ ᠦᠨᠳᠦᠰᠦᠨ | ᠱᠠᠳᠤᠨ ᠳᠤ ᠪᠠᠶᠢᠨ᠎ᠠ᠂ ᠬᠢᠯᠠᠰ ᠴᠡᠭ ᠨᠢ ᠴᠦ ᠦᠨᠳᠦᠰᠦᠨ ᠱᠠᠳᠤᠨ ᠳᠤ ᠪᠠᠶᠢᠨ᠎ᠠ᠃ ᠠᠵᠥ ᠠᠬᠤᠢ ᠶᠢᠨ | ᠪᠦᠷᠢᠯᠳᠦᠬᠦᠨ ᠪᠤᠯᠤᠨ ᠠᠵᠢᠯ ᠤᠯᠭᠤᠯᠳᠠ ᠶᠢᠨ ᠠᠷᠭ᠎ᠠ ᠤᠯᠠᠮ ᠠᠴᠠ ᠤᠯᠠᠮ ᠤᠯᠠᠨ ᠶᠠᠩᠵᠤᠵᠢᠬᠤ ᠶᠢ ᠲᠠᠭᠠᠯᠳᠤᠨ | ᠰᠢᠨ᠎ᠡ ᠠᠵᠥ ᠠᠬᠤᠢ ᠶᠢᠨ ᠵᠤᠬᠢᠶᠠᠨ ᠪᠠᠶᠢᠭᠤᠯᠤᠯᠳᠠ᠂ ᠰᠢᠨ᠎ᠡ ᠨᠡᠶᠢᠬᠡᠮ ᠤᠨ ᠵᠤᠬᠢᠶᠠᠨ ᠪᠠᠶᠢᠭᠤᠯᠤᠯᠳᠠ ᠳᠤ ᠠᠵᠢᠯ | ᠤᠯᠬᠤ ᠨᠠᠮ ᠤᠨ ᠬᠡᠰᠢᠬᠦᠨ ᠤᠯᠠᠮ ᠠᠴᠠ ᠤᠯᠠᠮ ᠤᠯᠠᠨ ᠪᠤᠯᠵᠥ ᠪᠠᠶᠢᠨ᠎ᠠ᠂ ᠲᠡᠲᠡᠨ ᠳᠤ ᠨᠠᠮ ᠤᠨ ᠬᠡᠰᠢᠬᠦᠨ ᠤ | ᠬᠦᠮᠥᠵᠢᠯ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠵᠥ᠂ ᠲᠡᠳᠡᠨ ᠤ ᠦᠢᠯᠡᠳᠦᠯ ᠢᠶᠠᠨ ᠢᠳᠡᠪᠬᠢᠳᠡᠢ ᠪᠠᠷ | ᠪᠠᠳᠠᠷᠠᠭᠤᠯᠬᠤ ᠶᠢ ᠲᠠᠭᠠᠭᠤᠯᠬᠤ ᠬᠡᠷᠡᠭᠳᠡᠢ᠃ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠳᠤ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠴᠠᠭ ᠦᠶ᠎ᠡ ᠶᠢ ᠲᠠᠭᠠᠨ ᠪᠦᠬᠦ ᠲᠡᠯ᠎ᠡ ᠪᠠᠷ | ᠤᠷᠤᠭᠰᠢᠯᠠᠵᠥ᠂ ᠰᠢᠨ᠎ᠠ ᠪᠠᠶᠢᠳᠠᠯ ᠳᠤ ᠲᠠᠰᠤᠷᠠᠯᠳᠡ ᠦᠭᠡᠢ ᠵᠤᠬᠢᠴᠠᠵᠥ᠂ ᠦᠨᠳᠦᠰᠦᠨ ᠱᠠᠳᠤᠨ ᠤ ᠨᠠᠮ ᠤᠨ | ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠶᠢ ᠦᠷᠬᠡᠳᠬᠡᠨ᠂ ᠨᠠᠮ ᠤᠨ ᠬᠡᠰᠢᠬᠦᠨ ᠤ ᠠᠵᠢᠯ ᠠᠮᠢᠳᠤᠷᠠᠯ ᠬᠠᠮᠢᠭ᠎ᠠ | ᠪᠠᠶᠢᠪᠠᠯ ᠨᠠᠮ ᠤᠨ ᠵᠤᠬᠢᠶᠠᠨ ᠪᠠᠶᠢᠭᠤᠯᠤᠯᠳᠠ ᠶᠢ ᠲᠡᠨᠳᠡ ᠪᠦᠷᠬᠦᠬᠦᠯᠵᠤ᠂ ᠨᠠᠮ ᠤᠨ ᠬᠡᠰᠢᠬᠦᠨ ᠬᠠᠮᠢᠭ᠎ᠠ ᠪᠠᠶᠢᠭᠰᠠᠠ | ᠴᠦ ᠪᠦᠷ ᠵᠤᠬᠢᠶᠠᠨ ᠪᠠᠶᠢᠭᠤᠯᠤᠯᠳᠠ ᠪᠠᠨ᠂ ᠬᠡᠷ ᠤᠷᠤᠨ ᠢᠶᠠᠨ ᠡᠷᠢᠵᠥ ᠤᠯᠵᠤ ᠲᠡᠶᠢᠯᠬᠦ ᠪᠤᠯᠭᠠᠬᠤ ᠬᠡᠷᠡᠭᠳᠡᠢ᠃ | ᠱᠠᠩᠬᠠᠢ ᠶᠢᠨ ᠬᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠠᠯ᠎ᠠ ᠪᠠᠷ ᠦᠷᠬᠦᠯᠵᠢᠯᠡᠨ | ᠬᠠᠶᠢᠨ ᠰᠦᠪᠡᠭᠴᠢᠯᠡᠯᠳᠡ ᠬᠢᠵᠥ᠂ ᠡᠮᠤᠨ᠎ᠡ ᠡᠩᠨᠡᠬᠡᠨ ᠳᠤ ᠶᠠᠪᠤᠬᠤ ᠶᠢ ᠬᠦᠰᠡᠵᠥ ᠪᠠᠶᠢᠨ᠎ᠠ᠃ ᠪᠢᠳᠠ ᠨᠠᠮ ᠤᠨ | ᠬᠡᠰᠢᠬᠦᠨ ᠲᠠᠢ ᠡᠯ᠎ᠡ ᠲᠦᠷᠦᠯ ᠤᠨ ᠠᠵᠥ ᠠᠬᠤᠶᠢᠯᠠᠯ ᠳᠤ ᠨᠠᠮ ᠤᠨ ᠵᠤᠬᠢᠶᠠᠨ ᠪᠠᠶᠢᠭᠤᠯᠤᠯᠳᠠ ᠶᠢ ᠪᠠᠶᠢᠭᠤᠯᠵᠥ | ᠪᠠᠶᠢᠭ᠎ᠠ ᠶᠢᠨ ᠵᠤᠷᠢᠯᠭ᠎ᠠ ᠪᠤᠯ ᠠᠵᠥ ᠠᠬᠤᠶᠢᠯᠠᠯ ᠤᠨ ᠨᠠᠮ ᠤᠨ ᠬᠡᠰᠢᠬᠦᠳ ᠲᠤ ᠬᠠᠮᠢᠶᠠᠷᠤᠯᠳᠡ ᠬᠢᠵᠤ ᠦᠢᠯᠡᠴᠢᠯᠡᠭᠡ | ᠬᠠᠨᠭ᠍ᠭᠠᠨ᠂ ᠠᠵᠢᠯᠴᠢᠳ ᠢ ᠪᠦᠯᠬᠦᠮᠳᠡᠬᠦᠯᠥᠨ ᠨᠢᠬᠳᠠᠷᠠᠭᠤᠯᠵᠥ ᠪᠠᠶᠢᠭᠠᠳ ᠰᠠᠬᠢᠯᠭ᠎ᠠ ᠪᠠᠳᠤ ᠶᠢ ᠵᠢᠷᠤᠮᠯᠠᠨ ᠬᠠᠤᠯᠢ ᠶᠢ | ᠰᠠᠬᠢᠭᠤᠯᠵᠥ᠂ ᠠᠵᠥ ᠠᠬᠤᠶᠢᠯᠠᠯ ᠤᠨ ᠲᠦᠷᠢᠮ ᠲᠤᠭᠳᠠᠭᠠᠯ ᠢ ᠵᠢᠷᠤᠮᠯᠠᠨ ᠰᠠᠬᠢᠭᠤᠯᠵᠥ᠂ ᠨᠠᠮ ᠤᠨ ᠬᠡᠰᠢᠬᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢᠨ ᠲᠦᠯᠥᠬᠡ ᠶᠤᠮ᠃ ᠡᠨᠡ ᠨᠢ ᠮᠥᠨ ᠴᠦ ᠠᠵᠥ | ᠠᠬᠤᠶᠢᠯᠠᠯ ᠤᠨ ᠬᠢᠨ ᠤ ᠬᠠᠮᠢᠶᠠᠷᠤᠯᠳᠡ ᠪᠠᠨ ᠴᠢᠩᠭᠠᠳᠬᠠᠬᠤ ᠳᠤ ᠠᠰᠢᠬᠳᠠᠢ᠂ ᠠᠵᠥ ᠠᠬᠤᠶᠢᠯᠠᠯ ᠤᠨ ᠡᠷᠡᠬᠦᠯ ᠢᠶᠠᠷ | ᠬᠦᠭᠵᠢᠬᠦ ᠶᠢ ᠠᠬᠢᠭᠤᠯᠬᠤ ᠳᠤ ᠠᠰᠢᠬᠳᠠᠢ ᠶᠤᠮ ᠬᠡᠵᠥ ᠵᠢᠭᠠᠵᠥ ᠭᠠᠷᠭᠠᠵᠠᠢ᠃ | ᠲᠠᠷᠠᠭ᠎ᠠ ᠨᠢ᠂ ᠰᠢ ᠶᠢᠨ ᠫᠢᠩ 119 ᠳ᠋ᠦ᠋ᠭᠡᠷ ᠲᠠᠪᠬᠤᠷᠯᠢᠭ ᠤᠨ ᠦᠵᠡᠮᠵᠢ ᠰᠤᠨᠢᠷᠬᠠᠬᠤ ᠲᠢᠩᠬᠢᠮ ᠳᠤ | ᠬᠦᠷᠴᠦ᠂ ᠱᠠᠩᠬᠠᠢ ᠬᠤᠳᠠ ᠶᠢᠨ ᠦᠵᠡᠮᠵᠢ ᠶᠢ ᠰᠤᠨᠢᠷᠬᠠᠪᠠ᠃ ᠲᠤᠷᠤᠨᠡᠳᠡᠬᠢᠨ ᠤ ᠬᠡᠷᠡᠯᠳᠤ ᠰᠤᠪᠤᠳ᠂ | ᠪᠦᠮᠪᠦᠷᠴᠡᠭ ᠤᠨ ᠮᠥᠩᠬᠦᠨ ᠬᠦᠢᠯᠬᠡᠬᠡᠨ ᠤ ᠲᠦᠪ᠂ ᠶᠢᠨ ᠮᠤᠤ ᠲᠤᠮᠤ ᠠᠰᠠᠷ᠂ ᠶᠠᠩ ᠫᠦ᠋ ᠲᠤᠮᠤ ᠬᠦᠬᠦᠷᠬᠡ᠂ | ᠲᠡᠯᠡᠬᠡᠢ ᠶᠢᠨ ᠦᠵᠡᠰᠬᠦᠯᠡᠩ ᠤᠨ ᠴᠤᠭᠯᠠᠭᠠᠨ ᠤ ᠬᠦᠷᠢᠶᠡᠯᠡᠩ ᠲᠤᠭᠤᠷᠢᠭ ᠁ ᠡᠳᠡᠭᠡᠷ ᠰᠤᠩᠭᠤᠳᠠᠭ | ᠪᠠᠷᠢᠯᠭ᠎ᠠ ᠨᠤᠭᠤᠳ ᠰᠦᠷᠯᠢᠭ ᠦᠵᠡᠰᠬᠦᠯᠡᠩᠳᠤ ᠵᠢᠷᠤᠭ ᠪᠤᠯᠵᠤ ᠬᠠᠷᠠᠭᠳᠠᠨ᠎ᠠ᠃ ᠶᠡᠭᠡ ᠲᠢᠩᠬᠢᠮ ᠳᠠᠬᠢ ᠬᠡᠷᠡᠯ | ᠵᠢᠷᠤᠭ ᠤᠳ ᠨᠢ ᠦᠨᠦᠳᠦᠷ ᠪᠠ ᠦᠩᠬᠡᠷᠡᠭᠰᠡᠡ ᠢ ᠬᠠᠷᠢᠴᠠᠭᠤᠯᠵᠥ᠂ ᠱᠠᠩᠬᠠᠢ ᠶᠢᠨ ᠵᠠᠭᠤᠨ ᠵᠢᠯ ᠤᠨ ᠯᠤᠳᠤ ᠶᠡᠭᠡ | ᠬᠤᠪᠢᠷᠡᠯᠳᠡ ᠶᠢ ᠠᠮᠢᠳᠤᠯᠢᠭ ᠢᠶᠠᠷ ᠲᠡᠯᠬᠡᠨ ᠦᠵᠡᠬᠦᠯᠥᠨ᠎ᠡ᠃ ᠰᠢ ᠶᠢᠨ ᠫᠢᠩ ᠪᠠᠶᠢᠨ ᠪᠠᠶᠢᠨ ᠠᠯᠬᠤᠭ᠎ᠠ ᠪᠠᠨ | ᠵᠤᠭᠰᠤᠨ ᠰᠤᠨᠢᠷᠬᠠᠵᠥ᠂ ᠤᠯᠠᠨ ᠲᠠᠢ ᠪᠤᠳᠤᠯ ᠰᠠᠨᠠᠯ ᠢᠶᠠᠨ ᠰᠤᠯᠢᠯᠴᠠᠨ ᠱᠠᠩᠬᠠᠢ ᠶᠢᠨ ᠬᠤᠳᠠ ᠶᠢᠨ ᠬᠦᠭᠵᠢᠯᠳᠡ ᠶᠢᠨ | ᠶᠠᠪᠤᠴᠠ ᠶᠢ ᠡᠷᠬᠢᠴᠡᠬᠦᠯᠥᠨᠡ᠃ ᠲᠡᠷᠡ᠂ ᠦᠬᠡᠷᠡᠴᠢᠯᠡᠯᠳᠡ ᠨᠡᠬᠡᠬᠡᠯᠳᠡ ᠬᠢᠭᠰᠡᠡ ᠠᠴᠠ ᠨᠠᠭᠠᠰᠢ ᠲᠤᠮᠳᠠᠳᠤ | ᠤᠯᠤᠰ ᠲᠤ ᠲᠡᠭᠷᠢ ᠭᠠᠵᠠᠷ ᠢ ᠲᠤᠩᠰᠤᠯᠭᠠᠮ᠎ᠠ ᠬᠤᠪᠢᠷᠡᠯᠳᠡ ᠭᠠᠷᠪᠠ᠂ ᠱᠠᠩᠬᠠᠢ ᠪᠤᠯ ᠲᠠᠷᠤᠢ ᠠᠮᠢᠳᠤᠯᠢᠭ ᠵᠢᠱᠢᠶ᠎ᠡ | ᠪᠤᠯᠤᠨ᠎ᠠ᠃ ᠱᠠᠩᠬᠠᠢ ᠪᠤᠯ ᠮᠠᠨ ᠤ ᠤᠯᠤᠰ ᠤᠨ ᠬᠠᠮᠤᠭ ᠤᠨ ᠶᠡᠭᠡ ᠠᠵᠥ ᠠᠬᠤᠢ ᠶᠢᠨ ᠲᠦᠪ ᠬᠤᠳᠠ᠂ | ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠭᠠᠵᠠᠷ ᠤᠷᠤᠨ ᠤ ᠬᠠᠮᠳᠤᠷᠠᠯᠴᠠᠭ᠎ᠠ ᠰᠤᠯᠢᠯᠴᠠᠭ᠎ᠠ ᠶᠢᠨ ᠲᠠᠭᠠᠭᠤᠯᠤᠭᠴᠢ | ᠪᠠᠶᠢᠵᠤ᠂ ᠬᠤᠳᠠ ᠶᠢᠨ ᠭᠤᠤᠯᠯᠠᠭᠴᠢ ᠦᠷᠢᠰᠦᠯᠳᠦᠬᠦ ᠬᠦᠴᠦᠨ ᠪᠤᠯᠤᠨ ᠤᠯᠠᠨ ᠤᠯᠤᠰ ᠤᠨ ᠦᠷᠢᠰᠦᠯᠳᠦᠬᠦ | ᠬᠦᠴᠦᠨ ᠢᠶᠠᠨ ᠲᠠᠰᠤᠷᠠᠯᠳᠡ ᠦᠭᠡᠢ ᠲᠡᠭᠡᠭᠰᠢᠯᠡᠬᠦᠯᠬᠦ ᠬᠡᠷᠡᠭᠳᠡᠢ᠃ ︽ᠪᠠᠶᠢᠲᠠᠭ ᠢ ᠠᠪᠴᠤ ᠪᠦᠬᠦᠨ ᠢ ᠪᠠᠭᠲᠠᠭᠠᠬᠤ᠂ | ᠰᠢᠯᠢᠳᠡᠭ ᠤᠨ ᠲᠤᠲᠤᠷᠠᠬᠢ ᠰᠢᠯᠢᠳᠡᠭ ᠢ ᠡᠭᠦᠳᠬᠦ᠂ ᠮᠡᠷᠭᠡᠨ ᠪᠤᠳᠤᠯ ᠬᠤᠯᠠ ᠶᠢᠨ ᠬᠠᠷᠠᠴᠠ ᠲᠠᠢ᠂ ᠪᠠᠭᠲᠠᠭᠠᠮᠵᠢᠲᠠᠢ | ᠪᠦᠭᠡᠳ ᠲᠤᠲᠤᠨᠤᠰᠤᠭ ᠪᠠᠶᠢᠬᠤ︾ ᠱᠠᠩᠬᠠᠢ ᠶᠢᠨ ᠬᠤᠳᠠ ᠶᠢᠨ ᠵᠤᠷᠢᠭ ᠰᠠᠨᠠᠭ᠎ᠠ ᠶᠢ ᠪᠠᠳᠠᠷᠠᠭᠤᠯᠵᠥ᠂ ᠱᠠᠩᠬᠠᠢ ᠶᠢᠨ | ᠪᠤᠳᠠᠳᠤ ᠪᠠᠶᠢᠳᠠᠯ ᠳᠠᠭᠠᠨ ᠰᠠᠭᠤᠷᠢᠯᠠᠨ᠂ ᠲᠡᠯᠡᠬᠡᠢ ᠶᠢᠨ ᠲᠤᠮᠤ ᠬᠤᠳᠠᠳ ᠤᠨ ᠬᠦᠭᠵᠢᠯᠳᠡ ᠶᠢᠨ ᠲᠤᠷᠰᠢᠯᠭ᠎ᠠ ᠪᠠᠷ | ᠲᠤᠯᠢ ᠪᠤᠯᠭᠠᠵᠥ᠂ ᠨᠡᠶᠢᠬᠡᠮ ᠵᠢᠷᠤᠮ ᠤᠨ ᠤᠳᠤᠬᠢᠴᠢᠯᠠᠭᠰᠠᠠ ᠲᠡᠯᠡᠬᠡᠢ ᠶᠢᠨ ᠲᠦᠪ ᠬᠤᠳᠠ ᠶᠢ ᠬᠦᠴᠦᠯᠡᠨ ᠪᠦᠳᠦᠬᠡᠨ | ᠪᠠᠶᠢᠭᠤᠯᠬᠤ ᠬᠡᠷᠡᠭᠳᠡᠢ ᠬᠡᠵᠥ ᠢᠯᠡᠳᠬᠡᠪᠡ᠃ | ᠱᠠᠩᠬᠠᠢ ᠶᠢᠨ ᠬᠤᠩᠺᠸᠥ ᠲᠤᠭᠤᠷᠢᠭ ᠲᠤ ᠬᠦᠮᠥᠨ ᠠᠮᠠ ᠶᠢᠨ ᠨᠢᠬᠳᠠᠴᠠ ᠶᠢᠨ ᠬᠡᠮᠵᠢᠶ᠎ᠡ ᠶᠡᠭᠡ ᠪᠠᠶᠢᠳᠠᠭ᠃ | ᠰᠠᠭᠤᠭᠠᠯᠢ ᠠᠷᠠᠳ ᠤᠨ ᠨᠡᠶᠢᠬᠡᠮ ᠲᠤᠭᠤᠷᠢᠭ ᠤᠨ ᠡᠯ᠎ᠡ ᠲᠡᠯ᠎ᠡ ᠶᠢᠨ ᠬᠡᠷᠡᠭᠴᠡᠭᠡ ᠶᠢ ᠬᠠᠩᠭᠠᠬᠤ ᠶᠢᠨ ᠲᠦᠯᠥᠬᠡ᠂ | ᠬᠤᠩᠺᠸᠥ ᠲᠤᠭᠤᠷᠢᠭ ᠤᠨ ᠬᠢᠨ ᠬᠤᠳᠠ ᠶᠢᠨ ᠠᠷᠠᠳ ᠤᠨ 35 ᠤᠯᠠᠭ᠎ᠠ ᠦᠷᠳᠡᠭᠡ ᠶᠢ ᠪᠠᠶᠢᠭᠤᠯᠵᠥ᠂ ︽15 | ᠮᠢᠨᠦ᠋ᠲ ᠤᠨ ᠨᠡᠶᠢᠭᠡᠮ ᠲᠤᠭᠤᠷᠢᠭ ᠤᠨ ᠠᠮᠢᠳᠤᠷᠠᠯ ᠤᠨ ᠦᠢᠯᠡᠴᠢᠯᠡᠬᠡᠨ ᠤ ᠲᠤᠭᠤᠷᠢᠭ︾ ᠢ ᠴᠢᠷᠮᠡᠶᠢᠨ ᠴᠤᠭᠴᠠᠯᠠᠵᠤ | ᠪᠤᠢ᠃ ᠰᠢ ᠶᠢᠨ ᠫᠢᠩ ᠬᠤᠩᠺᠸᠥ ᠲᠤᠭᠤᠷᠢᠭ ᠤᠨ ᠬᠤᠳᠠ ᠶᠢᠨ ᠠᠷᠠᠳ ᠤᠨ ᠤᠯᠠᠭ᠎ᠠ ᠦᠷᠳᠡᠭᠡ ᠶᠢᠨ ᠵᠢᠶᠠᠰᠢᠩ | ᠵᠡᠬᠡᠯᠢ ᠭᠤᠳᠤᠮᠵᠢ ᠶᠢᠨ ᠨᠢᠬᠡᠳᠤᠭᠡᠷ ᠬᠤᠪᠢᠶᠠᠷᠢ ᠦᠷᠳᠡᠭᠡ ᠳᠤ ᠤᠷᠤᠵᠥ᠂ ᠶᠡᠷᠤᠩᠬᠡᠶᠢᠯᠡᠭᠰᠡᠡ ᠦᠢᠯᠡᠴᠢᠯᠡᠬᠡᠨ ᠤ | ᠴᠤᠩᠬᠤ᠂ ᠨᠠᠰᠤᠳᠠᠨ ᠢ ᠨᠠᠶᠢᠳᠠᠨ ᠠᠰᠠᠷᠠᠭᠤᠯᠬᠤ ᠭᠠᠵᠠᠷ᠂ ᠨᠠᠮ ᠤᠨ ᠪᠠᠶᠢᠭᠤᠯᠤᠯᠳᠠ ᠶᠢᠨ ᠠᠵᠢᠯ ᠤᠨ ᠦᠷᠳᠡᠭᠡ | ᠵᠡᠷᠬᠡ ᠶᠢ ᠪᠠᠶᠢᠴᠠᠭᠠᠨ ᠦᠵᠡᠪᠡ᠃ ᠨᠠᠰᠤᠳᠠᠨ ᠢ ᠨᠠᠶᠢᠳᠠᠨ ᠠᠰᠠᠷᠠᠭᠤᠯᠬᠤ ᠭᠠᠵᠠᠷ ᠲᠤ ᠬᠡᠳᠤᠨ ᠨᠠᠰᠤᠳᠠᠨ ᠭᠠᠷ | ᠤᠷᠠᠯᠠᠯ ᠤᠨ ᠪᠦᠲᠦᠭᠡᠯ ᠬᠢᠵᠥ ᠪᠠᠶᠢᠯ᠎ᠠ᠂ ᠶᠡᠷᠤᠩᠬᠡᠢ ᠱᠦᠵᠢ ᠲᠡᠳᠡᠨᠤᠰ ᠲᠠᠢ ᠲᠤᠳᠤᠨᠤ ᠪᠠᠷ ᠮᠡᠨᠳᠤᠴᠢᠯᠡᠬᠦ ᠳᠤ | ᠨᠠᠰᠤᠳᠠᠳ ᠰᠡᠳᠬᠢᠯ ᠬᠦᠳᠡᠯᠥᠨ ᠶᠡᠷᠤᠩᠬᠡᠢ ᠱᠦᠵᠢ ᠲᠠᠢ ᠭᠠᠷ ᠠᠳᠬᠤᠵᠥ᠂ ᠶᠡᠷᠤᠩᠬᠡᠢ ᠱᠦᠵᠢ ᠳᠤ ᠦᠳᠡᠯᠤᠬᠡ | ᠨᠠᠰᠤᠨ ᠳᠠᠭᠠᠨ ᠵᠤᠯ ᠵᠢᠷᠭᠠᠯ ᠲᠠᠢ ᠠᠮᠢᠳᠤᠷᠠᠵᠤ ᠪᠠᠶᠢᠭ᠎ᠠ ᠪᠠᠨ ᠶᠠᠷᠢᠵᠥ ᠦᠭᠪᠡ᠃ ᠰᠢ ᠶᠢᠨ ᠫᠢᠩ᠂ ᠮᠠᠨ ᠤ ᠤᠯᠤᠰ | ᠨᠢᠬᠡᠨᠳᠡ ᠦᠳᠡᠬᠦᠰ ᠤᠨ ᠨᠡᠶᠢᠬᠡᠮ ᠳᠤ ᠤᠷᠤᠪᠠ᠂ ᠨᠠᠰᠤᠳᠠᠶᠢᠴᠤᠳ ᠢ ᠦᠳᠡᠯᠪᠡᠯ ᠬᠦᠷᠳᠡᠬᠦ ᠠᠰᠠᠷᠠᠮᠵᠢ ᠲᠠᠢ᠂ | ᠠᠮᠢᠳᠤᠷᠠᠯ ᠨᠢ ᠵᠤᠯ ᠵᠢᠷᠭᠠᠯ ᠲᠠᠢ᠂ ᠤᠷᠳᠤ ᠨᠠᠰᠤᠯᠠᠭᠤᠯᠵᠥ ᠤᠳᠠᠭᠠᠨ ᠵᠢᠷᠭᠠᠭᠤᠯᠬᠤ ᠪᠤᠯ ᠪᠢᠳᠡᠨ ᠤ ᠬᠠᠮᠳᠤ ᠶᠢᠨ | ᠬᠦᠰᠡᠯ ᠡᠷᠡᠮᠡᠯᠵᠡᠯ ᠮᠥᠨ᠃ ᠨᠠᠮ ᠤᠨ ᠲᠦᠪ ᠬᠤᠷᠢᠶ᠎ᠠ ᠨᠠᠰᠤᠳᠠᠨ ᠤ ᠠᠰᠠᠷᠠᠮᠵᠢ ᠶᠢᠨ ᠦᠢᠯᠡᠴᠢᠯᠡᠬᠡᠨ ᠤ ᠠᠵᠢᠯ ᠢ | ᠲᠡᠬᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠲᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠥ᠂ | ᠨᠡᠩ ᠤᠯᠠᠨ ᠨᠠᠰᠤᠳᠠᠶᠢᠴᠤᠳ ᠲᠤ ᠠᠰᠢᠬ ᠬᠦᠷᠳᠡᠬᠡᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠬᠤᠳᠠ ᠶᠢᠨ ᠠᠷᠠᠳ ᠤᠨ ᠤᠯᠠᠭ᠎ᠠ ᠦᠷᠳᠡᠭᠡ ᠳᠤ ᠰᠠᠭᠤᠭᠠᠯᠢ ᠠᠷᠠᠳ ᠤᠨ ᠵᠦᠪᠯᠡᠯ ᠪᠤᠯᠤᠨ ᠠᠵᠥ | ᠠᠬᠤᠶᠢᠯᠠᠯ ᠤᠨ ᠬᠡᠳᠤᠨ ᠵᠠᠯᠠᠭᠤ ᠨᠡᠶᠢᠬᠡᠮ ᠲᠤᠭᠤᠷᠢᠭ ᠲᠤ ᠬᠤᠭ ᠨᠤᠪᠰᠢ ᠶᠢ ᠲᠦᠷᠦᠯ ᠬᠤᠪᠢᠶᠠᠬᠤ ᠠᠷᠭ᠎ᠠ ᠬᠢᠳᠠᠯ ᠢ | ᠬᠡᠷᠬᠢᠨ ᠲᠡᠯᠬᠡᠷᠡᠬᠦᠯᠬᠦ ᠲᠤᠬᠠᠢ ᠪᠤᠳᠤᠯ ᠰᠠᠨᠠᠯ ᠢᠶᠠᠨ ᠰᠤᠯᠢᠯᠴᠠᠵᠥ ᠪᠠᠶᠢᠯ᠎ᠠ᠃ ᠰᠢ ᠶᠢᠨ ᠫᠢᠩ ᠰᠤᠨᠢᠷᠬᠠᠯ ᠲᠠᠲᠠᠭᠲᠠᠨ | ᠬᠠᠮᠢᠶ᠎ᠠ ᠪᠦᠬᠦᠢ ᠪᠠᠶᠢᠳᠠᠯ ᠢ ᠨᠠᠷᠢᠨ ᠠᠰᠠᠭᠤᠪᠠ᠃ ᠨᠢᠬᠡ ᠵᠠᠯᠠᠭᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠨᠢ | ᠨᠢᠬᠡᠨᠳᠡ ᠴᠠᠭ ᠤᠨ ᠦᠩᠬᠡ ᠶᠢ ᠲᠠᠭᠠᠭᠰᠠᠠ ᠠᠵᠢᠯᠯᠠᠭ᠎ᠠ ᠪᠤᠯᠵᠠᠢ ᠬᠡᠵᠥ ᠲᠠᠨᠢᠯᠴᠠᠭᠤᠯᠪᠠ᠃ ᠰᠢ ᠶᠢᠨ ᠫᠢᠩ᠂ ᠬᠤᠭ | ᠨᠤᠪᠰᠢ ᠶᠢ ᠲᠦᠷᠦᠯ ᠬᠤᠪᠢᠶᠠᠬᠤ ᠪᠤᠯ ᠲᠠᠷᠤᠢ ᠴᠠᠭ ᠤᠨ ᠦᠩᠬᠡ ᠶᠢ ᠲᠠᠭᠠᠭᠰᠠᠠ ᠠᠵᠢᠯᠯᠠᠭ᠎ᠠ ᠪᠤᠯᠤᠨ᠎ᠠ︕ ᠬᠤᠭ | ᠨᠤᠪᠰᠢ ᠶᠢ ᠶᠡᠷᠤᠩᠬᠡᠶᠢᠯᠡᠨ ᠰᠢᠢᠳᠪᠤᠷᠢᠯᠡᠬᠦ ᠳᠤ ᠪᠦᠬᠦ ᠠᠷᠠᠳ ᠢᠶᠠᠷ ᠢᠶᠠᠨ ᠤᠷᠤᠯᠴᠠᠬᠤ ᠴᠢᠬᠤᠯᠠᠳᠠᠢ᠂ | ᠱᠠᠩᠬᠠᠢ ᠶᠢᠨ ᠬᠢᠨ ᠡᠨᠡ ᠬᠦ ᠠᠵᠢᠯ ᠢ ᠴᠢᠩᠭ᠎ᠠ ᠠᠳᠬᠤᠨ ᠪᠤᠳᠠᠳᠠᠢ ᠠᠳᠬᠤᠵᠥ ᠰᠠᠶᠢᠳᠤᠷ ᠬᠢᠬᠦ ᠬᠡᠷᠡᠭᠳᠡᠢ ᠬᠡᠵᠥ | ᠴᠢᠬᠤᠯᠠᠴᠢᠯᠠᠪᠠ᠃ ᠰᠢ ᠶᠢᠨ ᠫᠢᠩ ᠲᠡᠳᠡᠨ ᠳᠤ᠂ ᠬᠤᠳᠠ ᠶᠢᠨ ᠵᠠᠰᠠᠯᠳᠠ ᠶᠢᠨ ︽ᠡᠴᠤᠰ ᠤᠨ ᠨᠢᠬᠡ ᠺᠢᠯᠥᠮᠧᠲᠷ︾ | ᠨᠢ ᠨᠡᠶᠢᠬᠡᠮ ᠲᠤᠭᠤᠷᠢᠭ ᠲᠤ ᠪᠠᠶᠢᠨ᠎ᠠ᠃ ᠨᠡᠶᠢᠬᠡᠮ ᠲᠤᠭᠤᠷᠢᠭ ᠪᠤᠯ ᠨᠠᠮ ᠤᠨ ᠬᠤᠷᠢᠶ᠎ᠠ ᠪᠤᠯᠤᠨ ᠵᠠᠰᠠᠭ ᠤᠨ | ᠤᠷᠳᠤᠨ ᠤ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠮᠡᠳᠡᠷᠡᠯ ᠤᠨ ᠰᠡᠵᠢᠬᠦᠷ ᠮᠥᠨ᠂ | ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠰᠠᠨᠠᠭ᠎ᠠ ᠵᠤᠪᠠᠵᠤ ᠪᠠᠶᠢᠭ᠎ᠠ ᠤᠴᠢᠷ᠂ ᠲᠤᠷ᠎ᠡ ᠦᠬᠡᠶᠢᠴᠡᠵᠤ | ᠪᠠᠶᠢᠭ᠎ᠠ ᠬᠡᠷᠡᠭ᠂ ᠰᠡᠳᠬᠢᠯ ᠵᠤᠪᠠᠵᠤ ᠪᠠᠶᠢᠭ᠎ᠠ ᠶᠠᠪᠤᠲᠠᠯ ᠢ ᠴᠠᠭ ᠲᠤᠬᠠᠢ ᠳᠤᠨᠢ ᠤᠶᠢᠯᠠᠭᠠᠵᠥ᠂ ᠨᠢᠬᠡ ᠨᠢᠬᠡ | ᠶᠠᠪᠤᠲᠠᠯ ᠢᠶᠠᠷ ᠰᠢᠢᠳᠪᠤᠷᠢᠯᠡᠬᠦ ᠬᠡᠷᠡᠭᠳᠡᠢ᠃ ᠡᠬᠡᠯ ᠠᠷᠠᠳ ᠤᠨ ᠰᠡᠳᠬᠢᠯ ᠳᠤ ᠲᠡᠩᠨᠡᠬᠦᠷ ᠲᠠᠢ ᠪᠠᠶᠢᠳᠠᠭ᠃ ᠪᠢᠳᠠ | ᠡᠬᠡᠯ ᠠᠷᠠᠳ ᠢ ᠰᠡᠳᠬᠢᠯ ᠳᠡᠭᠡᠨ ᠪᠤᠳᠤᠮᠠᠨᠵᠢᠨ ᠡᠬᠡᠯ ᠠᠷᠠᠳ ᠰᠠᠶ᠋ᠢ ᠪᠢᠳᠡ ᠢ ᠰᠡᠳᠬᠢᠯ ᠳᠡᠭᠡᠨ ᠪᠤᠳᠤᠬᠤ ᠶᠤᠮ᠃ | ᠨᠡᠶᠢᠬᠡᠮ ᠲᠤᠭᠤᠷᠢᠭ ᠤᠨ ᠵᠠᠰᠠᠯᠳᠠ ᠶᠢ ᠴᠢᠩᠭᠠᠳᠬᠠᠬᠤ ᠳᠤ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ | ᠦᠪᠡᠷᠳᠡᠭᠡᠨ ᠵᠠᠰᠠᠬᠤ ᠴᠢᠳᠠᠪᠬᠢ ᠶᠢ ᠪᠠᠳᠠᠷᠠᠭᠤᠯᠵᠥ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠢᠳᠡᠪᠬᠢᠵᠢᠯ | ᠪᠤᠯᠤᠨ ᠰᠠᠨᠠᠭᠠᠴᠢᠯᠠᠭᠠᠳᠤ ᠴᠢᠨᠠᠷ ᠢ ᠲᠠᠶᠢᠴᠢᠯᠠᠨ᠂ ᠬᠦᠮᠥᠨ ᠪᠤᠯᠭᠠᠨ ᠤᠷᠤᠯᠴᠠᠬᠤ᠂ ᠬᠦᠮᠥᠨ ᠪᠤᠯᠭᠠᠨ ᠬᠠᠷᠢᠭᠤᠴᠠᠬᠤ | ᠂ ᠬᠦᠮᠥᠨ ᠪᠤᠯᠭᠠᠨ ᠨᠡᠮᠡᠷᠢ ᠬᠠᠨᠳᠢᠪ ᠡᠷᠬᠦᠬᠦ᠂ ᠬᠦᠮᠥᠨ ᠪᠤᠯᠭᠠᠨ ᠬᠠᠮᠲᠦ ᠪᠠᠷ ᠡᠳ᠋ᠯᠡᠬᠦ ᠪᠤᠯᠭᠠᠬᠤ ᠬᠡᠷᠡᠭᠳᠡᠢ ᠬᠡᠵᠥ | ᠵᠠᠬᠢᠪᠠ᠃ ᠠᠶᠠᠷᠯᠠᠨ ᠰᠠᠯᠬᠤ ᠦᠶ᠎ᠡ ᠳᠤ᠂ ᠰᠤᠷᠠᠭ ᠢᠶᠠᠷ ᠬᠦᠷᠦᠯᠴᠡᠨ ᠢᠷᠡᠭᠰᠡᠡ ᠰᠠᠭᠤᠭᠠᠯᠢ ᠠᠷᠠᠳ ᠶᠡᠷᠤᠩᠬᠡᠢ | ᠱᠦᠵᠢ ᠶᠢᠨ ᠲᠡᠷᠬᠡᠳᠡ ᠪᠦᠭᠡᠮᠨᠡᠷᠡᠨ᠂ ᠪᠤᠯᠢᠶᠠᠯᠴᠠᠵᠤ ᠢᠷᠡᠬᠡᠳ ᠶᠡᠷᠤᠩᠬᠡᠢ ᠱᠦᠵᠢ ᠲᠠᠢ ᠭᠠᠷ ᠠᠳᠬᠤᠯᠴᠠᠨᠠ᠃ | 6 ᠤ ᠦᠳᠡ ᠶᠢᠨ ᠬᠤᠶᠢᠨ᠎ᠠ᠂ ᠰᠢ ᠶᠢᠨ ᠫᠢᠩ ᠫᠦᠳᠦᠩ ᠰᠢᠨ᠎ᠠ ᠲᠤᠭᠤᠷᠢᠭ ᠤᠨ ᠬᠤᠳᠠ ᠶᠢᠨ | ᠠᠵᠢᠯᠯᠠᠭᠠᠨ ᠤ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠪ ᠲᠤ ᠢᠷᠡᠵᠦ᠂ ᠶᠡᠭᠡ ᠳᠡᠯᠭᠡᠴᠡ ᠪᠠᠷ ᠱᠠᠩᠬᠠᠢ | ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠪᠠ ᠤᠯᠠᠨ ᠤᠯᠤᠰ ᠤᠨ ᠠᠷᠠᠯᠵᠢᠶᠠᠨ ᠤ ᠳᠠᠩ | ᠴᠤᠩᠬᠤᠪᠴᠢ ᠶᠢᠨ ᠠᠵᠢᠯᠯᠠᠭᠠᠨ ᠤ ᠪᠠᠶᠢᠳᠠᠯ ᠢ ᠤᠶᠢᠯᠠᠭᠠᠪᠠ᠃ ᠰᠢ ᠶᠢᠨ ᠫᠢᠩ᠂ ᠬᠤᠳᠠ ᠶᠢᠨ ᠵᠠᠰᠠᠯᠳᠠ ᠪᠤᠯ | ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠴᠢᠬᠤᠯᠠ | ᠠᠭᠤᠯᠭ᠎ᠠ ᠮᠦᠨ᠃ ᠲᠡᠷᠢᠬᠦᠨ ᠵᠡᠷᠭᠡ ᠶᠢᠨ ᠬᠤᠳᠠ ᠳᠤ ᠲᠡᠷᠢᠬᠦᠨ ᠵᠡᠷᠭᠡ ᠶᠢᠨ ᠵᠠᠰᠠᠯᠳᠠ ᠪᠠᠶᠢᠬᠤ ᠭᠡᠷᠡᠭᠲᠡᠢ᠂ | ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ᠂ ᠤᠶᠤᠨᠴᠢᠯᠠᠬᠤ ᠲᠠᠯ᠎ᠠ ᠪᠠᠷ ᠬᠦᠴᠦ ᠲᠠᠯᠪᠢᠬᠤ ᠭᠡᠷᠡᠭᠲᠡᠢ᠃ ᠤᠳᠤ | ᠦᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠤᠶᠤᠨᠴᠢᠯᠠᠯᠳᠠ ᠶᠢ ᠪᠡᠶᠡᠯᠡᠬᠦᠯᠬᠦ ᠳᠤ | ᠴᠢᠳᠠᠮᠠᠭᠠᠶᠢᠷᠠᠬᠤ ᠪᠠᠷ ᠪᠠᠷᠠᠬᠤ ᠦᠭᠡᠢ ᠪᠠᠰᠠ ᠬᠠᠳᠬᠤᠮᠠᠯ ᠬᠠᠳᠬᠤᠬᠤ ᠰᠢᠬ ᠨᠠᠷᠢᠯᠢᠭ᠂ ᠲᠡᠰᠪᠦᠷᠢᠲᠡᠢ᠂ | ᠤᠷᠠᠯᠢᠭ ᠢᠶᠠᠷ ᠨᠠᠷᠢᠯᠢᠬᠵᠢᠭᠤᠯᠬᠤ ᠲᠦᠪᠰᠢᠨ ᠢᠶᠠᠨ ᠳᠡᠭᠡᠭᠰᠢᠯᠡᠬᠦᠯᠵᠦ᠂ ᠬᠤᠳᠠ ᠶᠢᠨ ᠴᠢᠨᠠᠷ ᠴᠢᠨᠰᠠᠭ᠎ᠠ ᠶᠢᠨ ᠲᠦᠷᠦᠯ | ᠳᠡᠮᠳᠡᠭ ᠢ ᠤᠷᠠᠯᠠᠵᠤ ᠭᠠᠷᠭᠠᠬᠤ ᠭᠡᠷᠡᠭᠲᠡᠢ᠃ ᠱᠠᠩᠬᠠᠢ ᠶᠢᠨ ᠬᠢᠨ ᠦᠷᠬᠦᠯᠵᠢᠯᠡᠨ ᠰᠦᠪᠡᠭᠴᠢᠯᠡᠵᠦ᠂ ᠳᠤᠮᠳᠠᠳᠤ | ᠤᠯᠤᠰ ᠤᠨ ᠤᠨᠴᠠᠯᠢᠭ ᠲᠠᠢ ᠭᠡᠳᠦ ᠶᠡᠭᠡ ᠬᠤᠳᠠ ᠶᠢᠨ ᠬᠠᠮᠢᠶᠠᠷᠤᠯᠳᠠ ᠶᠢᠨ ᠰᠢᠨ᠎ᠠ ᠵᠠᠮ ᠢᠶᠠᠷ ᠵᠠᠮᠨᠠᠵᠦ᠂ ᠬᠤᠳᠠ ᠶᠢᠨ | ᠬᠠᠮᠢᠶᠠᠷᠤᠯᠳᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠶᠠᠩᠱᠠᠨ ᠭᠠᠷᠠᠮ ᠤᠨ ᠪᠦᠳᠦᠭᠡᠨ ᠪᠠᠶᠢᠭᠤᠯᠤᠯᠳᠠ ᠪᠤᠯᠤᠨ ᠬᠦᠭᠵᠢᠯᠳᠠ ᠶᠢ ᠬᠠᠯᠠᠮᠵᠢᠯᠠᠬᠰᠠᠭᠠᠷ | ᠢᠷᠡᠵᠡᠢ᠂ ᠠᠳᠡ ᠸᠢᠳᠢᠣ᠋ ᠪᠠᠷ ᠶᠠᠩᠱᠠᠨ ᠭᠠᠷᠠᠮ ᠤᠨ ᠲᠦᠷᠪᠡᠳᠦᠭᠡᠷ ᠬᠤᠭᠤᠴᠠᠭᠠᠨ ᠤ ᠠᠦ᠋ᠲ᠋ᠤᠴᠢᠯᠠᠬᠰᠠᠨ ᠭᠠᠷᠠᠮ ᠲᠠᠢ | ᠬᠤᠯᠪᠤᠭ᠎ᠠ ᠠᠪᠴᠦ᠂ ᠭᠠᠷᠠᠮ ᠤᠨ ᠪᠦᠳᠦᠭᠡᠨ ᠪᠠᠶᠢᠭᠤᠯᠤᠯᠳᠠ ᠪᠠ ᠠᠵᠢᠯᠯᠠᠭᠠᠨ ᠤ ᠪᠠᠶᠢᠳᠠᠯ ᠤᠨ | ᠲᠠᠨᠢᠯᠴᠠᠭᠤᠯᠭ᠎ᠠ ᠶᠢ ᠨᠢ ᠰᠤᠨᠤᠰᠪᠠ᠃ ᠲᠡᠷᠡ᠂ ᠠᠵᠤ ᠠᠬᠤᠢ ᠶᠢᠨ ᠬᠦᠴᠦᠷᠭᠡᠭ ᠤᠯᠤᠰ ᠨᠢ ᠯᠠᠪᠳᠠᠢ ᠲᠠᠯᠠᠢ | ᠲᠠᠩᠬᠢᠰ ᠤᠨ ᠬᠦᠴᠦᠷᠭᠡᠭ ᠤᠯᠤᠰ᠂ ᠳᠠᠯᠠᠢ ᠶᠢᠨ ᠵᠦᠭᠡᠭᠡᠪᠦᠷᠢ ᠶᠢᠨ ᠬᠦᠴᠦᠷᠭᠡᠭ ᠤᠯᠤᠰ ᠮᠦᠨ᠃ ᠶᠠᠩᠱᠠᠨ | ᠭᠠᠷᠠᠮ ᠢ ᠪᠦᠳᠦᠬᠡᠨ ᠪᠠᠶᠢᠭᠤᠯᠵᠦ ᠠᠰᠢᠬᠯᠠᠯᠳᠠ ᠳᠤ ᠤᠷᠤᠭᠤᠯᠤᠭᠰᠠᠨ ᠨᠢ ᠱᠠᠩᠬᠠᠢ ᠶᠢᠨ ᠤᠯᠠᠨ ᠤᠯᠤᠰ ᠤᠨ | ᠲᠠᠯᠠᠢ ᠶᠢᠨ ᠵᠦᠭᠡᠭᠡᠪᠦᠷᠢ ᠶᠢᠨ ᠲᠦᠪ ᠪᠤᠯᠤᠨ ᠴᠢᠯᠦᠭᠡᠳᠦ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠦᠳᠦᠭᠡᠨ | ᠪᠠᠶᠢᠭᠤᠯᠤᠯᠳᠠ ᠶᠢ ᠲᠦᠷᠭᠡᠳᠭᠡᠬᠦ᠂ ᠭᠠᠳᠠᠭᠠᠳᠦ ᠨᠡᠭᠡᠭᠡᠯᠳᠠ ᠶᠢ ᠦᠷᠭᠡᠳᠭᠡᠬᠦ ᠳᠤ ᠨᠡᠩ ᠰᠠᠶᠢᠨ ᠨᠦᠬᠦᠴᠡᠯ | ᠪᠦᠷᠢᠳᠦᠬᠦᠯᠵᠦ ᠦᠭᠴᠠᠢ᠃ ᠳᠡᠯᠡᠭᠡᠢ ᠶᠢᠨ ᠲᠡᠷᠢᠬᠦᠨ ᠳᠤ ᠤᠷᠤᠬᠤ ᠤᠮᠤᠭ ᠵᠢᠪᠬᠤᠭ᠎ᠠ ᠪᠠ ᠰᠦᠰᠦ ᠵᠤᠷᠢᠭ ᠲᠠᠢ | ᠪᠠᠶᠢᠵᠦ᠂ ᠬᠢᠪᠡᠯ ᠬᠠᠮᠤᠭ ᠰᠠᠶᠢᠨ ᠢ ᠨᠢ ᠬᠢᠵᠦ᠂ ᠨᠡᠩ ᠤᠯᠠᠨ ᠳᠡᠯᠡᠭᠡᠢ ᠶᠢᠨ ᠨᠢᠭᠡᠳᠦᠭᠡᠷ ᠢ ᠴᠢᠷᠮᠠᠶᠢᠨ ᠡᠭᠦᠳᠬᠦ | ᠭᠡᠷᠡᠭᠲᠡᠢ ᠭᠡᠵᠦ ᠵᠢᠭᠠᠵᠦ ᠭᠠᠷᠭᠠᠪᠠ᠃ ᠲᠡᠷᠡ ᠱᠠᠩᠬᠠᠢ ᠶᠢᠨ ᠬᠢᠨ ᠢ ᠶᠠᠩᠱᠠᠨ ᠭᠠᠷᠠᠮ ᠢ ᠰᠠᠶᠢᠳᠤᠷ ᠪᠦᠳᠦᠭᠡᠨ | ᠪᠠᠶᠢᠭᠤᠯᠵᠦ᠂ ᠰᠠᠶᠢᠳᠤᠷ ᠬᠠᠮᠢᠶᠠᠷᠴᠦ᠂ ᠰᠠᠶᠢᠳᠤᠷ ᠬᠦᠭᠵᠢᠬᠦᠯᠵᠦ᠂ ᠵᠦᠭᠡᠯᠡᠨ ᠤᠷᠴᠢᠨ ᠨᠦᠬᠦᠴᠡᠯ ᠤᠨ | ᠪᠠᠶᠢᠭᠤᠯᠤᠯᠳᠠ ᠶᠢ ᠴᠢᠩᠭᠠᠳᠬᠠᠨ᠂ ᠭᠠᠷᠠᠮ ᠤᠨ ᠠᠵᠢᠯᠯᠠᠭᠠᠨ ᠤ ᠬᠠᠮᠢᠶᠠᠷᠤᠯᠳᠠ ᠶᠢᠨ ᠴᠢᠳᠠᠪᠤᠷᠢ᠂ ᠶᠡᠷᠦᠩᠭᠡᠶᠢᠯᠡᠭᠰᠡᠨ | ᠦᠢᠯᠡᠴᠢᠯᠡᠭᠡᠨ ᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠮᠠᠨ ᠤ ᠤᠯᠤᠰ ᠤᠨ ᠨᠡᠭᠡᠭᠡᠯᠳᠠ ᠶᠢ ᠪᠦᠬᠦ | ᠲᠠᠯ᠎ᠠ ᠪᠠᠷ ᠦᠷᠭᠡᠳᠭᠡᠬᠦ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠳᠤᠮᠳᠠ ᠨᠡᠩ | ᠶᠡᠭᠡ ᠦᠢᠯᠡᠳᠦᠯ ᠦᠵᠡᠬᠦᠯᠬᠦ ᠶᠢ ᠬᠦᠰᠡᠵᠡᠢ᠃ | ᠵᠠᠩ ᠵᠢᠶᠠᠩ ᠰᠢᠨᠵᠢᠯᠡᠬᠦ ᠤᠬᠠᠭᠠᠨ ᠤ ᠬᠤᠳᠠ ᠨᠢ ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠠ ᠶᠢ ᠡᠬᠦᠳᠬᠦ ᠲᠦᠪ ᠤᠨ ᠭᠤᠤᠯ ᠲᠤᠭᠤᠷᠢᠭ ᠪᠠ ᠤᠯᠤᠰ ᠤᠨ ᠲᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠨᠳᠦᠷᠯᠢᠭ ᠭᠠᠵᠠᠷ ᠪᠤᠯᠤᠭᠰᠠᠨ ᠤ ᠬᠤᠪᠢ ᠳᠤ᠂ ᠨᠢᠭᠡ ᠪᠦᠯᠦᠭ ᠶᠡᠭᠡ ᠰᠢᠨᠵᠢᠯᠡᠬᠦ ᠤᠬᠠᠭᠠᠨ ᠤ | ᠲᠤᠨᠤᠭ ᠲᠦᠬᠦᠭᠡᠷᠤᠮᠵᠢ᠂ ᠰᠢᠨᠵᠢᠯᠡᠬᠦ ᠤᠬᠠᠭᠠᠨ ᠤ ᠲᠠᠪᠴᠠᠩ ᠪᠤᠯᠤᠨ ᠲᠡᠷᠢᠬᠦᠨ ᠤ ᠰᠢᠨ᠎ᠠ ᠶᠢ ᠡᠬᠦᠳᠬᠦ | ᠬᠡᠯᠪᠡᠷᠢ ᠶᠢᠨ ᠬᠦᠷᠢᠶᠡᠯᠡᠩ ᠭᠠᠵᠠᠷ ᠢ ᠲᠦᠪᠯᠡᠷᠡᠬᠦᠯᠪᠡ᠃ ᠦᠵᠡᠬᠦᠯᠭᠡ ᠶᠢᠨ ᠲᠢᠩᠬᠢᠮ ᠳᠤ᠂ ᠰᠢ ᠶᠢᠨ ᠫᠢᠩ ᠰᠢᠨᠵᠢᠯᠡᠬᠦ | ᠤᠬᠠᠭᠠᠨ ᠤ ᠬᠤᠳᠠ ᠶᠢᠨ ᠬᠦᠭᠵᠢᠯᠳᠠ ᠶᠢᠨ ᠲᠡᠦᠭᠡᠨ ᠠᠬᠢᠴᠠ ᠪᠤᠯᠤᠨ ᠲᠦᠯᠦᠪᠵᠢᠬᠦᠯᠭᠡ ᠪᠦᠳᠦᠭᠡᠨ | ᠪᠠᠶᠢᠭᠤᠯᠤᠯᠳᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠦ᠂ ᠶᠡᠭᠡ ᠰᠢᠨᠵᠢᠯᠡᠬᠦ ᠤᠬᠠᠭᠠᠨ ᠤ ᠲᠤᠨᠤᠭ | ᠲᠦᠬᠦᠭᠡᠷᠤᠮᠵᠢ᠂ ᠬᠤᠷᠠᠮᠠᠯ ᠴᠠᠬᠢᠯᠭᠠᠨ ᠭᠡᠯᠬᠢᠶ᠎ᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠠᠮᠢᠳᠤ ᠪᠤᠳᠠᠰ ᠤᠨ | ᠡᠮ ᠡᠮᠨᠡᠯᠭᠡ ᠵᠡᠷᠭᠡ ᠦᠵᠡᠬᠦᠯᠭᠡ ᠶᠢᠨ ᠲᠤᠭᠤᠷᠢᠭ ᠢᠶᠠᠷ ᠲᠤᠭᠤᠷᠢᠨ ᠦᠵᠡᠪᠡ᠃ ᠰᠢ ᠶᠢᠨ ᠫᠢᠩ ᠲᠤᠬᠠᠢ ᠶᠢᠨ | ᠲᠠᠯᠠᠪᠠᠢ ᠳᠤ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠲᠠᠢ ᠲᠤᠳᠤᠨᠤ ᠪᠠᠷ ᠶᠠᠷᠢᠯᠴᠠᠪᠠ᠃ | ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶᠡᠷᠦ ᠠᠴᠠ ᠦᠨᠦᠳᠦᠷ ᠤᠨ ᠰᠢᠭ ᠤᠯᠤᠰ ᠤᠨ ᠢᠷᠡᠭᠡᠳᠦᠢ ᠬᠤᠪᠢ | ᠵᠠᠶᠠᠭ᠎ᠠ ᠶᠢ ᠡᠶᠢᠨ ᠬᠦ ᠬᠦᠨᠵᠡᠭᠡᠢ ᠨᠦᠯᠦᠭᠡᠯᠡᠵᠦ ᠪᠠᠶᠢᠬᠰᠠᠨ ᠦᠭᠡᠢ᠂ ᠦᠨᠦᠳᠦᠷ ᠤᠨ ᠰᠢᠭ ᠠᠷᠠᠳ ᠲᠦᠮᠡᠨ ᠤ | ᠪᠤᠶᠠᠨ ᠵᠢᠷᠭᠠᠯ ᠢ ᠡᠶᠢᠨ ᠬᠦ ᠨᠦᠯᠦᠭᠡᠯᠡᠵᠦ ᠪᠠᠶᠢᠭᠰᠠᠨ ᠦᠭᠡᠢ᠃ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ | ᠰᠡᠷᠬᠦᠨ ᠮᠠᠨᠳᠤᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠴᠠᠭ ᠮᠦᠴᠡ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠠ ᠶᠢ ᠡᠬᠦᠳᠬᠦ ᠲᠤᠯᠭᠠᠮ ᠰᠡᠳᠬᠢᠯᠭᠡ ᠪᠤᠯᠤᠨ ᠡᠬᠦᠷᠭᠡᠳᠦ ᠪᠤᠳᠤᠯ ᠢᠶᠠᠨ ᠴᠢᠩᠭᠠᠳᠬᠠᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠦ᠂ ︽ | ᠡᠭᠦᠳᠡᠨ ᠳᠤ ᠬᠦᠷᠦᠭᠰᠡᠡ ᠪᠦᠮᠪᠦᠭᠡ︾ ᠶᠢ ᠤᠨᠤᠪᠴᠢᠲᠠᠢ ᠰᠠᠶᠢᠬᠠᠨ ᠢᠰᠬᠦᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠠ ᠡᠬᠦᠳᠦᠯᠳᠠ ᠶᠢ ᠰᠢᠨ᠎ᠠ ᠶᠢ ᠡᠬᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ | ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ᠂ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠬᠳᠠᠯ ᠢ | ᠲᠦᠷᠭᠡᠳᠭᠡᠬᠦ ᠳᠤᠮᠳᠠ ᠴᠢᠬᠤᠯᠠ ᠶᠡᠭᠡ ᠦᠢᠯᠡᠳᠦᠯ ᠦᠵᠡᠬᠦᠯᠬᠦ ᠪᠤᠯᠭᠠᠬᠤ ᠭᠡᠷᠡᠭᠲᠡᠢ᠃ ᠨᠠᠮ ᠤᠨ ᠲᠦᠪ ᠬᠤᠷᠢᠶᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠲᠤᠬᠠᠢ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠪᠤᠯᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ | ᠰᠠᠭᠤᠷᠢ ᠰᠤᠳᠤᠯᠭᠠᠨ ᠪᠠ ᠭᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠳᠬᠠᠵᠦ᠂ ᠠᠩᠬᠠᠨ ᠤ ᠰᠢᠨ᠎ᠠ ᠶᠢ ᠡᠬᠦᠳᠬᠦ | ᠴᠢᠳᠠᠪᠤᠷᠢ ᠶᠢ ᠳᠡᠭᠡᠭᠰᠢᠯᠡᠬᠦᠯᠵᠦ᠂ ᠠᠵᠤ ᠠᠬᠤᠶᠢᠯᠠᠯ ᠤᠨ ᠭᠤᠤᠯ ᠴᠤᠭᠴᠠ ᠶᠢᠨ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠨ᠂ ᠮᠡᠳᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠦ᠂ ᠰᠢᠨ᠎ᠠ ᠶᠢ ᠡᠬᠦᠳᠬᠦ | ᠴᠢᠳᠠᠪᠤᠷᠢᠳᠠᠨ ᠢ ᠬᠦᠨᠳᠦᠳᠭᠡᠨ᠂ ᠰᠢᠨ᠎ᠠ ᠶᠢ ᠡᠬᠦᠳᠬᠦ ᠠᠮᠢᠵᠢᠷᠠᠯ ᠤᠨ ᠬᠦᠴᠦ ᠶᠢ ᠬᠦᠭᠵᠢᠭᠡᠵᠦ᠂ ᠰᠢᠨ᠎ᠠ ᠪᠠᠷ | ᠮᠠᠨᠳᠤᠵᠤ ᠪᠠᠶᠢᠭ᠎ᠠ ᠠᠵᠤ ᠦᠢᠯᠡᠰ ᠪᠤᠯᠤᠨ ᠰᠢᠨ᠎ᠠ ᠶᠢ ᠡᠬᠦᠳᠬᠦ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠤᠨ | ᠪᠤᠵᠠᠭᠠᠶᠢᠷᠠᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ ᠲᠦᠷᠭᠡᠳᠭᠡᠨ | ᠤᠨᠳᠤᠤᠰᠢᠭᠤᠯᠵᠦ᠂ ᠰᠢᠨ᠎ᠠ ᠶᠢ ᠡᠬᠦᠳᠬᠦ ᠰᠢᠰᠲ᠋ᠧᠮ ᠤᠨ ᠪᠦᠬᠦ᠋ᠢᠯᠡ ᠴᠤᠬᠴᠠ ᠶᠢᠨ ᠦᠷ᠎ᠠ ᠠᠰᠢᠬ ᠢ | ᠳᠡᠭᠡᠭᠰᠢᠯᠡᠬᠦᠯᠬᠦ ᠭᠡᠷᠡᠭᠲᠡᠢ᠃ ᠪᠦᠬᠦ ᠪᠦᠮᠪᠦᠷᠴᠡᠭ ᠤᠨ ᠬᠠᠷᠠᠭᠠᠰᠤ᠂ ᠤᠯᠠᠨ ᠤᠯᠤᠰ ᠤᠨ ᠪᠠᠷᠢᠮᠵᠢᠶ᠎ᠠ ᠪᠠᠷ ᠵᠠᠩ ᠵᠢᠶᠠᠩ | ᠶᠡᠷᠦᠩᠭᠡᠶᠢᠯᠡᠭᠰᠡᠨ ᠴᠢᠨᠠᠷᠳᠠᠢ ᠤᠯᠤᠰ ᠤᠨ ᠰᠢᠨᠵᠢᠯᠡᠬᠦ ᠤᠬᠠᠭᠠᠨ ᠤ ᠲᠦᠪ ᠤᠨ ᠪᠦᠳᠦᠭᠡᠨ ᠪᠠᠶᠢᠭᠤᠯᠤᠯᠳᠠ ᠶᠢ | ᠠᠬᠢᠭᠤᠯᠵᠦ᠂ ᠤᠯᠠᠨ ᠤᠯᠤᠰ ᠤᠨ ᠲᠡᠷᠢᠬᠦᠨ ᠤ ᠲᠦᠪᠰᠢᠨ ᠲᠠᠢ ᠲᠤᠷᠰᠢᠯᠳᠠ ᠶᠢᠨ ᠲᠠᠰᠤᠭ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠰᠤᠳᠤᠯᠭᠠᠨ ᠤ | ᠬᠡᠯᠪᠡᠷᠢ ᠶᠢᠨ ᠶᠡᠭᠡ ᠰᠤᠷᠭᠠᠭᠤᠯᠢ ᠶᠢ ᠲᠦᠪᠯᠡᠷᠡᠬᠦᠯᠦᠨ ᠪᠦᠳᠦᠭᠡᠨ ᠪᠠᠶᠢᠭᠤᠯᠵᠦ᠂ ᠳᠡᠯᠡᠭᠡᠢ ᠶᠢᠨ ᠲᠡᠷᠢᠬᠦᠨ ᠵᠡᠷᠭᠡ ᠶᠢᠨ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠦᠬᠦᠭᠡᠷᠤᠮᠵᠢ ᠶᠢᠨ ᠪᠦᠯᠦᠭᠵᠢᠯ ᠢ | ᠲᠦᠷᠭᠡᠳᠭᠡᠨ ᠪᠦᠳᠦᠬᠡᠨ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃ | 7 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠩᠬᠠᠢ ᠬᠤᠳᠠ ᠶᠢᠨ ᠨᠠᠮ ᠤᠨ ᠬᠤᠷᠢᠶ᠎ᠠ ᠪᠠ ᠵᠠᠰᠠᠭ ᠤᠨ | ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠦ᠂ ᠱᠠᠩᠬᠠᠢ ᠶᠢᠨ ᠡᠯ᠎ᠠ ᠲᠠᠯ᠎ᠠ ᠶᠢᠨ ᠠᠵᠢᠯ ᠳᠤ | ᠬᠦᠢᠴᠡᠳ ᠨᠤᠳᠠᠯᠠᠯᠳᠠ ᠦᠭᠴᠠᠢ᠃ ᠲᠡᠷᠡ ᠱᠠᠩᠬᠠᠢ ᠶᠢᠨ ᠬᠢᠨ ᠦᠷᠬᠦᠯᠵᠢᠯᠡᠨ ᠪᠦᠬᠦ ᠤᠯᠤᠰ ᠤᠨ ᠦᠭᠡᠷᠡᠴᠢᠯᠡᠯᠳᠠ | ᠨᠡᠭᠡᠭᠡᠯᠳᠠ ᠶᠢᠨ ᠬᠤᠰᠢᠭᠤᠴᠢ᠂ ᠰᠢᠨ᠎ᠠ ᠶᠢ ᠡᠬᠦᠳᠬᠦ ᠬᠦᠭᠵᠢᠯᠳᠠ ᠶᠢᠨ ᠤᠷᠢᠳ ᠢᠶᠠᠷ ᠭᠡᠷᠡᠭᠵᠢᠬᠦᠯᠦᠭᠴᠢ ᠪᠤᠯᠵᠦ᠂ | ᠬᠠᠮᠤᠭ ᠤᠨ ᠬᠦᠨᠳᠦ ᠡᠬᠦᠷᠭᠡ ᠶᠢ ᠵᠤᠷᠢᠭᠳᠠᠢ ᠪᠠᠷ ᠡᠬᠦᠷᠭᠡᠯᠡᠨ᠂ ᠬᠠᠮᠤᠭ ᠤᠨ ᠬᠦᠴᠢᠷ ᠠᠰᠠᠭᠤᠳᠠᠯ ᠢ ᠰᠢᠢᠳᠪᠤᠷᠢᠯᠡᠵᠦ | ᠂ ᠵᠠᠮ ᠨᠡᠭᠡᠭᠡᠨ ᠬᠤᠰᠢᠭᠤᠴᠢᠯᠠᠬᠤ᠂ ᠵᠢᠱᠢᠶ᠎ᠠ ᠦᠵᠡᠬᠦᠯᠦᠨ ᠳᠠᠭᠠᠭᠤᠯᠬᠤ᠂ ᠪᠡᠷᠭᠡ ᠶᠢ ᠳᠠᠪᠠᠨ ᠪᠤᠭᠤᠮᠳᠠ ᠰᠢᠪᠳᠤᠯᠬᠤ | ᠦᠢᠯᠡᠳᠦᠯ ᠢ ᠪᠠᠳᠠᠷᠠᠭᠤᠯᠵᠦ᠂ ᠪᠦᠬᠦ ᠤᠯᠤᠰ ᠤᠨ ᠦᠭᠡᠷᠡᠴᠢᠯᠡᠯᠳᠠ ᠬᠦᠭᠵᠢᠯᠳᠠ ᠳᠤ ᠨᠡᠩ ᠶᠡᠭᠡ ᠬᠤᠪᠢ ᠨᠡᠮᠡᠷᠢ | ᠦᠵᠡᠬᠦᠯᠦᠭᠡᠷᠡᠢ ᠭᠡᠵᠦ ᠬᠦᠰᠡᠪᠡ᠃ | ᠰᠢ ᠶᠢᠨ ᠫᠢᠩ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠠ ᠮᠠᠠᠲᠤᠯᠲᠠ ᠶᠢ ᠲᠡᠶᠢᠮᠦ | ᠬᠢᠯᠪᠠᠷᠬᠠᠠ ᠢᠶᠠᠷ᠂ ᠬᠡᠩᠭᠡᠷᠭᠡ ᠴᠠᠩ ᠴᠤᠬᠢᠵᠦ ᠪᠠᠶᠢᠭᠠᠳ ᠪᠡᠶᠡᠯᠡᠭᠦᠯᠴᠢᠭᠡᠲᠡᠭ ᠤᠴᠢᠷ ᠪᠢᠰᠢ᠂ ᠡᠷᠭᠡᠪᠰᠢ ᠮᠠᠰᠢ ᠤᠯᠠᠠ | ᠰᠢᠨ᠎ᠠ ᠲᠡᠤᠬᠡ ᠶᠢᠨ ᠤᠨᠴᠠᠯᠢᠭ ᠲᠠᠢ ᠠᠭᠤᠤ ᠶᠡᠭᠡ ᠲᠡᠮᠡᠴᠡᠯ ᠬᠢᠬᠦ ᠭᠡᠷᠡᠭᠲᠡᠢ᠃ ᠪᠢᠲᠠ ᠲᠤᠩ ᠡᠷᠡᠮᠡᠯᠵᠡᠯ ᠲᠠᠢ | ᠲᠡᠤᠭᠡᠲᠦ ᠠᠵᠠ ᠲᠤᠬᠢᠶᠠᠯ ᠤᠨ ᠬᠤᠭᠤᠴᠠᠭ᠎ᠠ ᠳᠤ ᠤᠷᠤᠰᠢᠵᠦ ᠪᠠᠶᠢᠨ᠎ᠠ᠂ ᠠᠯᠤᠰ ᠢᠷᠡᠭᠡᠲᠦᠢ ᠭᠡᠭᠡᠡ ᠰᠠᠷᠠᠭᠤᠯ | ᠪᠠᠶᠢᠨ᠎ᠠ᠂ ᠦᠷᠢᠰᠦᠯᠲᠦᠭᠡᠡ ᠴᠤ ᠭᠡᠴᠡᠭᠦᠦ ᠪᠠᠶᠢᠨ᠎ᠠ᠃ ᠤᠲᠤ᠂ ᠮᠠᠠ ᠤ ᠤᠯᠤᠰ ᠤᠨ ᠬᠦᠭᠵᠢᠯᠲᠠ ᠶᠢᠨ ᠭᠠᠲᠠᠨᠠᠬᠢ | ᠤᠷᠴᠢᠨ ᠨᠦᠬᠦᠴᠡᠯ ᠳᠤ ᠮᠡᠲᠡᠭᠲᠡᠮ᠎ᠠ ᠬᠤᠪᠢᠷᠠᠯᠲᠠ ᠭᠠᠷᠴᠤ᠂ ᠮᠠᠠ ᠤ ᠤᠯᠤᠰ ᠤᠨ ᠠᠵᠦ ᠠᠬᠤᠢ ᠨᠢᠭᠡᠨᠲᠡ ᠲᠦᠷᠭᠡᠡ | ᠬᠤᠷᠲᠤᠴᠠᠲᠦ ᠨᠡᠮᠡᠭᠲᠡᠯ ᠤᠨ ᠱᠠᠲᠤᠨ ᠠᠴᠠ ᠴᠢᠨᠠᠷ ᠰᠠᠶᠢᠲᠠᠢ ᠬᠦᠭᠵᠢᠯᠲᠠ ᠶᠢᠨ ᠱᠠᠲᠤ ᠲᠡᠶᠢᠰᠢ ᠰᠢᠯᠵᠢᠵᠦ᠂ | ᠬᠦᠭᠵᠢᠯᠲᠠ ᠲᠡᠩᠴᠡᠬᠦᠷᠢ ᠦᠭᠡᠢ ᠪᠠᠶᠢᠬᠤ ᠬᠦᠢᠴᠡᠳ ᠦᠭᠡᠢ ᠪᠠᠶᠢᠬᠤ ᠠᠰᠠᠭᠤᠲᠠᠯ ᠪᠠ ᠡᠯ᠎ᠠ ᠵᠦᠢᠯ ᠤᠨ | ᠦᠶᠡᠯᠡᠯ ᠤᠨ ᠬᠤᠭᠤᠴᠠᠭᠠᠲᠦ ᠴᠢᠨᠠᠷ᠂ ᠪᠦᠲᠦᠴᠡᠲᠦ ᠴᠢᠨᠠᠷ᠂ ᠪᠠᠶᠢᠭᠤᠯᠤᠮᠵᠢ ᠶᠢᠨ ᠴᠢᠨᠠᠷ ᠲᠠᠢ ᠡᠯᠧᠮᠧᠨ᠋ᠲ | ᠲᠠᠪᠬᠤᠴᠠᠵᠦ᠂ ᠠᠵᠢᠯ ᠤᠨ ᠬᠦᠴᠢᠷᠲᠡᠯ ᠢ ᠨᠡᠮᠡᠭᠲᠡᠭᠦᠯᠦᠭᠰᠡᠡ ᠪᠠᠶᠢᠨ᠎ᠠ᠃ ᠭᠡᠪᠡᠴᠤ ᠪᠠᠶᠢᠯᠲᠤᠬᠤ ᠪᠤᠲᠤᠯᠭ᠎ᠠ ᠶᠢᠨ | ᠲᠤᠭᠲᠠᠯ ᠬᠦᠴᠤ ᠪᠠᠨ ᠪᠠᠲᠤᠯᠠᠵᠤ᠂ ᠤᠶᠤᠨ ᠤᠬᠠᠭᠠᠠ ᠢᠶᠠᠨ ᠲᠦᠪᠯᠡᠷᠡᠭᠦᠯᠦᠨ ᠦᠪᠡᠷ ᠤᠨ ᠤᠴᠢᠷ ᠶᠠᠪᠤᠲᠠᠯ ᠢᠶᠠᠨ | ᠰᠠᠶᠢᠲᠤᠷ ᠬᠢᠲᠡᠭ ᠯᠡ ᠪᠤᠯ ᠪᠢᠲᠠ ᠯᠠᠪᠳᠠᠢ ᠨᠢᠭᠡᠨᠲᠡ ᠲᠤᠭᠲᠠᠭᠠᠭᠰᠠᠠ ᠬᠠᠷᠠᠯᠲᠠ ᠪᠠᠨ ᠪᠡᠶᠡᠯᠡᠭᠦᠯᠵᠦ ᠴᠢᠲᠠᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠱᠠᠩᠬᠠᠢ ᠨᠢ ᠨᠠᠮ ᠪᠠ ᠤᠯᠤᠰ ᠤᠨ ᠠᠵᠢᠯ ᠤᠨ ᠪᠦᠬᠦ ᠲᠠᠯ᠎ᠠ ᠳᠤ ᠮᠠᠰᠢ ᠴᠢᠬᠤᠯᠠ ᠪᠠᠶᠢᠷᠢ | ᠰᠠᠭᠤᠷᠢ ᠶᠢ ᠡᠵᠡᠯᠡᠵᠦ ᠪᠤᠢ᠂ ᠱᠠᠩᠬᠠᠢ ᠶᠢᠨ ᠠᠵᠢᠯ ᠢ ᠰᠠᠶᠢᠲᠤᠷ ᠬᠢᠬᠦ ᠳᠤ ᠶᠡᠭᠡ ᠲᠠᠯ᠎ᠠ ᠶᠢᠨ ᠤᠬᠠᠮᠰᠠᠷ᠂ ᠪᠦᠬᠦ | ᠲᠠᠯ᠎ᠠ ᠶᠢᠨ ᠦᠵᠡᠯᠲᠡ ᠲᠠᠢ ᠪᠠᠶᠢᠵᠦ᠂ ᠪᠦᠬᠦ ᠤᠯᠤᠰ ᠲᠤ ᠦᠢᠯᠡᠴᠢᠯᠡᠬᠦ ᠲᠤᠮᠲᠠ ᠱᠠᠩᠬᠠᠢ ᠶᠢ ᠬᠦᠭᠵᠢᠭᠦᠯᠬᠦ ᠭᠡᠷᠡᠭᠲᠡᠢ | ᠭᠡᠵᠦ ᠴᠢᠬᠤᠯᠠᠴᠢᠯᠠᠪᠠ᠃ ᠰᠢ ᠶᠢᠨ ᠫᠢᠩ ᠱᠠᠩᠬᠠᠢ ᠳᠤ 5 ᠲᠠᠯ᠎ᠠ ᠶᠢᠨ ᠠᠵᠢᠯ ᠤᠨ ᠱᠠᠭᠠᠷᠲᠠᠯᠭ᠎ᠠ ᠲᠤᠷᠠᠳᠴᠠᠢ᠃ | ᠨᠢᠭᠡ ᠳᠤ᠂ ᠪᠦᠬᠦ ᠤᠯᠤᠰ ᠤᠨ ᠦᠭᠡᠷᠡᠴᠢᠯᠡᠯᠲᠡ ᠨᠡᠭᠡᠭᠡᠯᠲᠡ ᠶᠢᠨ ᠶᠡᠭᠡ ᠲᠠᠯ᠎ᠠ ᠳᠤ ᠨᠡᠩ ᠰᠠᠶᠢᠨ | ᠦᠢᠯᠡᠴᠢᠯᠡᠬᠦ ᠬᠡᠷᠡᠭᠲᠡᠢ᠃ ᠱᠠᠩᠬᠠᠢ ᠶᠢᠨ ᠴᠢᠯᠦᠬᠡᠳᠦ ᠠᠷᠠᠯᠵᠢᠶᠠᠨ ᠤ ᠳᠤᠷᠰᠢᠯᠳᠠ ᠶᠢᠨ ᠤᠷᠤᠨ ᠤ ᠰᠢᠨ᠎ᠠ ᠬᠡᠰᠡᠭ | ᠳᠤᠭᠤᠷᠢᠬ ᠢ ᠨᠡᠮᠡᠵᠦ ᠪᠦᠳᠦᠬᠡᠨ ᠪᠠᠶᠢᠭᠤᠯᠬᠤ᠂ ᠱᠠᠩᠬᠠᠢ ᠶᠢᠨ ᠦᠨᠡᠳᠦ ᠳᠡᠮᠳᠡᠭᠳᠦ ᠠᠷᠠᠯᠵᠢᠶᠠᠯᠠᠬᠤ ᠭᠠᠵᠠᠷ ᠲᠤ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠰᠢᠰᠲ᠋ᠧᠮ ᠢ ᠭᠠᠷᠭᠠᠬᠤ ᠪᠦᠬᠡᠳ ᠳᠠᠩᠰᠠᠯᠠᠬᠤ | ᠳᠦᠷᠢᠮ ᠢ ᠳᠤᠷᠰᠢᠨ ᠬᠡᠷᠡᠭᠵᠢᠬᠦᠯᠬᠦ᠂ ᠬᠦᠬᠡᠮᠦ᠋ᠷᠡᠨ ᠤ ᠭᠤᠷᠪᠠᠯᠵᠢᠨ ᠬᠤᠶᠢᠬ ᠤᠨ ᠤᠷᠤᠨ ᠪᠦᠰᠡ ᠶᠢ ᠨᠢᠬᠡ | ᠴᠤᠬᠴᠠᠵᠢᠭᠤᠯᠤᠨ ᠬᠦᠭᠵᠢᠬᠦᠯᠬᠦ ᠤᠯᠤᠰ ᠤᠨ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠬᠦ ᠡᠨᠡ ᠬᠦ ᠭᠤᠷᠪᠠᠠ | ᠵᠦᠢᠯ ᠤᠨ ᠰᠢᠨ᠎ᠠ ᠴᠢᠬᠤᠯᠠ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ᠴᠢᠨᠠᠷ ᠰᠠᠶᠢᠲᠠᠢ ᠬᠦᠭᠵᠢᠯᠲᠠ ᠶᠢ | ᠠᠬᠢᠭᠤᠯᠬᠤ ᠱᠠᠭᠠᠷᠲᠠᠯᠭ᠎ᠠ ᠶᠢ ᠪᠠᠷᠢᠮᠲᠠᠯᠠᠠ᠂ ᠰᠢᠨ᠎ᠠ ᠴᠠᠭ ᠦᠶ᠎ᠠ ᠶᠢᠨ ᠱᠠᠩᠬᠠᠢ ᠶᠢᠨ ᠬᠦᠭᠵᠢᠭᠦᠯᠦᠯᠲᠠ ᠶᠢᠨ | ᠪᠠᠶᠢᠯᠲᠤᠬᠤ ᠪᠤᠲᠤᠯᠭ᠎ᠠ ᠶᠢᠨ ᠲᠠᠪᠠᠭᠤᠯᠢᠭ ᠢ ᠪᠤᠢ ᠪᠤᠯᠭᠠᠬᠤ ᠭᠡᠷᠡᠭᠲᠡᠢ᠃ ᠤᠯᠤᠰ ᠤᠨ ᠨᠢᠭᠡᠲᠦᠯᠲᠡᠢ ᠲᠦᠯᠦᠪᠵᠢᠭᠦᠯᠭᠡ | ᠂ ᠨᠢᠭᠡᠲᠦᠯᠲᠠᠢ ᠪᠠᠶᠢᠷᠢᠯᠠᠭᠤᠯᠤᠯᠲᠠ ᠶᠤᠰᠤᠭᠠᠷ ︽ᠨᠢᠭᠡ ᠪᠦᠰᠡ ᠨᠢᠭᠡ ᠵᠠᠮ︾ ᠤᠨ ᠪᠦᠳᠦᠬᠡᠨ ᠪᠠᠶᠢᠭᠤᠯᠤᠯᠲᠠ᠂ | ᠬᠦᠬᠡᠮᠦ᠋ᠷᠠᠠ ᠤ ᠠᠵᠦ ᠠᠬᠤᠢ ᠶᠢᠨ ᠪᠦᠰᠡ ᠶᠢᠨ ᠬᠦᠭᠵᠢᠭᠦᠯᠦᠯᠲᠠ ᠵᠡᠷᠭᠡ ᠤᠯᠤᠰ ᠤᠨ ᠪᠠᠶᠢᠯᠲᠤᠬᠤ ᠪᠤᠲᠤᠯᠭ᠎ᠠ ᠳᠤ | ᠪᠦᠬᠦ ᠬᠦᠴᠤᠨ ᠢᠶᠠᠷ ᠢᠶᠠᠨ ᠦᠢᠯᠡᠴᠢᠯᠡᠬᠦ ᠬᠡᠷᠡᠭᠲᠡᠢ᠃ ᠬᠦᠬᠡᠮᠦ᠋ᠷᠠᠠ ᠤ ᠭᠤᠷᠪᠠᠯᠵᠢᠠ ᠬᠤᠶᠢᠭ ᠢ ᠨᠡᠩ ᠴᠢᠨᠠᠷ ᠰᠠᠶᠢᠲᠠᠢ | ᠨᠢᠭᠡ ᠴᠤᠭᠴᠠᠵᠢᠭᠤᠯᠤᠨ ᠬᠦᠭᠵᠢᠭᠦᠯᠬᠦ ᠲᠤᠮᠲᠠ ᠲᠠᠭᠠᠭᠤᠯᠤᠭᠴᠢ ᠶᠢᠨ ᠦᠢᠯᠡᠲᠦᠯ ᠢᠶᠠᠨ ᠴᠢᠨᠠᠭᠰᠢᠲᠠ ᠪᠠᠲᠠᠷᠠᠭᠤᠯᠵᠤ᠂ | ᠬᠦᠬᠡᠮᠦ᠋ᠷᠠᠠ ᠤ ᠭᠤᠷᠪᠠᠯᠵᠢᠨ ᠬᠤᠶᠢᠭ ᠢ ᠨᠢᠭᠡ ᠴᠤᠭᠴᠠᠵᠢᠭᠤᠯᠤᠨ ᠬᠦᠭᠵᠢᠭᠦᠯᠬᠦ ᠠᠵᠢᠯ ᠢ ᠰᠠᠶᠢᠲᠤᠷ ᠬᠢᠵᠦ᠂ | ᠡᠭᠦᠨ ᠢ ᠮᠠᠠ ᠤ ᠤᠯᠤᠰ ᠤᠨ ᠬᠦᠭᠵᠢᠯᠲᠠ ᠶᠢᠨ ᠴᠢᠩᠭ᠎ᠠ ᠡᠷᠴᠢᠮ ᠲᠠᠢ ᠠᠮᠢᠲᠤᠯᠢᠭ ᠬᠦᠭᠵᠢᠶᠡᠨᠲᠡᠢ ᠨᠡᠮᠡᠭᠲᠡᠯ ᠤᠨ | ᠲᠦᠢᠯ ᠪᠤᠯᠭᠠᠬᠤ ᠭᠡᠷᠡᠭᠲᠡᠢ᠃ | ᠬᠤᠶᠠᠷ ᠲᠤ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠭᠡᠷᠡᠭᠲᠡᠢ᠃ ᠶᠠᠰᠦ | ᠴᠢᠨᠠᠷ ᠤᠨ ᠬᠤᠪᠢᠰᠤᠯᠲᠠ᠂ ᠦᠷ᠎ᠠ ᠠᠰᠢᠭ ᠤᠨ ᠬᠤᠪᠢᠰᠤᠯᠲᠠ᠂ ᠬᠦᠲᠡᠯᠭᠡᠬᠦ ᠬᠦᠴᠤᠨ ᠤ ᠬᠤᠪᠢᠰᠤᠯᠲᠠ ᠶᠢ | ᠰᠠᠨᠠᠭᠠᠴᠢᠯᠠᠭ᠎ᠠ ᠲᠠᠢ ᠠᠬᠢᠭᠤᠯᠵᠦ᠂ ᠬᠤᠲᠠ ᠶᠢᠨ ᠠᠵᠦ ᠠᠬᠤᠢ ᠶᠢᠨ ᠨᠢᠭᠲᠠᠴᠠ ᠶᠢ ᠲᠡᠭᠡᠭᠰᠢᠯᠡᠭᠦᠯᠬᠦ᠂ | ᠤᠷᠤᠭᠤᠯᠤᠯᠲᠠ ᠭᠠᠷᠭᠠᠯᠲᠠ ᠶᠢᠨ ᠦᠷ᠎ᠠ ᠠᠰᠢᠭ ᠢ ᠲᠡᠭᠡᠭᠰᠢᠯᠡᠭᠦᠯᠬᠦ ᠲᠡᠭᠡᠷ᠎ᠡ ᠬᠦᠴᠤ ᠤᠷᠤᠭᠤᠯᠤᠨ᠂ ᠪᠦᠬᠦ | ᠲᠡᠯᠡᠭᠡᠢ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠲᠡᠭᠡᠭᠰᠢᠯᠡᠭᠦᠯᠬᠦ ᠲᠡᠭᠡᠷ᠎ᠡ ᠬᠦᠴᠤ ᠤᠷᠤᠭᠤᠯᠤᠨ᠂ ᠰᠢᠨ᠎ᠠ ᠶᠢ | ᠡᠭᠦᠳᠬᠦ ᠡᠬᠢ ᠰᠤᠷᠪᠤᠯᠵᠢ ᠶᠢ ᠴᠢᠩᠭᠠᠳᠬᠠᠬᠤ ᠲᠡᠭᠡᠷ᠎ᠡ ᠬᠦᠴᠤ ᠤᠷᠤᠭᠤᠯᠵᠦ᠂ ᠤᠲᠤᠬᠢᠴᠢᠯᠠᠭᠰᠠᠠ ᠠᠵᠦ | ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠭᠡᠷᠡᠭᠲᠡᠢ᠃ ᠲᠡᠯᠡᠭᠡᠢ ᠶᠢᠨ ᠰᠢᠨᠵᠢᠯᠡᠬᠦ ᠤᠠᠬᠭᠠᠠ ᠲᠧᠭᠨᠢᠭ | ᠮᠡᠷᠭᠡᠵᠢᠯ ᠤᠨ ᠡᠮᠦᠨ᠎ᠠ ᠵᠠᠬ᠎ᠠ ᠶᠢ ᠤᠨᠤᠪᠴᠢᠲᠠᠢ ᠪᠠᠷᠠᠯᠠᠵᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ | ᠡᠭᠦᠳᠬᠦ ᠤᠷᠢᠳᠴᠢᠯᠠᠬᠰᠠᠨ ᠪᠠᠶᠢᠷᠢᠰᠢᠯ ᠢ ᠴᠢᠩᠭᠠᠳᠬᠠᠠ᠂ ᠵᠠᠩᠭᠢᠯᠠᠭ᠎ᠠ ᠶᠢᠨ ᠬᠦᠷᠢᠶ᠎ᠠ ᠬᠡᠪᠴᠢᠶᠠᠠ ᠳᠤ | ᠠᠩᠬᠠᠷᠤᠯ ᠢᠶᠠᠨ ᠲᠦᠪᠯᠡᠷᠡᠭᠦᠯᠵᠤ᠂ ᠭᠠᠪᠰᠢᠭᠠᠢ ᠬᠦᠴᠤᠨ ᠢᠶᠠᠨ ᠲᠦᠪᠯᠡᠷᠡᠭᠦᠯᠦᠨ᠂ ᠴᠢᠲᠠᠬᠤ ᠶᠢᠨ ᠬᠢᠷᠢ ᠪᠠᠷ ᠡᠷᠲᠡ | ᠨᠢᠭᠡᠡ ᠡᠲᠦᠷ ᠴᠢᠬᠤᠯᠠ ᠶᠡᠭᠡ ᠲᠠᠪᠠᠯᠲᠠ ᠲᠠᠢ ᠪᠤᠯᠭᠠᠵᠦ᠂ ᠰᠢᠨ᠎ᠠ ᠶᠢ ᠡᠭᠦᠳᠬᠦ ᠶᠢ ᠴᠢᠨᠠᠷ ᠰᠠᠶᠢᠲᠠᠢ | ᠬᠦᠭᠵᠢᠯᠲᠠ ᠶᠢᠨ ᠬᠦᠴᠦᠷᠬᠡᠭ ᠴᠢᠩᠭ᠎ᠠ ᠬᠦᠲᠡᠯᠭᠡᠬᠦ ᠡᠨᠧᠷᠬᠢ ᠪᠤᠯᠭᠠᠬᠤ ᠭᠡᠷᠡᠭᠲᠡᠢ᠃ ᠴᠢᠨᠠᠷ ᠰᠠᠶᠢᠲᠠᠢ | ᠬᠦᠭᠵᠢᠯᠲᠠ ᠶᠢ ᠠᠬᠢᠭᠤᠯᠬᠤ ᠬᠦᠴᠦᠯᠡᠴᠡ ᠪᠠᠨ ᠪᠤᠲᠠᠲᠤ ᠴᠤᠭᠴᠠ ᠶᠢᠨ ᠠᠵᠦ ᠠᠬᠤᠢ ᠲᠡᠭᠡᠷ᠎ᠠ ᠲᠠᠯᠪᠢᠵᠦ᠂ ᠪᠤᠲᠠᠲᠤ | ᠴᠤᠭᠴᠠ ᠶᠢᠨ ᠠᠵᠦ ᠠᠬᠤᠢ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ᠂ ᠤᠲᠤ | ᠦᠶ᠎ᠠ ᠶᠢᠨ ᠮᠦᠩᠭᠦᠨ ᠬᠦᠢᠯᠭᠡᠭᠡᠨ᠂ ᠬᠦᠮᠦᠨ ᠤ ᠬᠦᠴᠤᠨ ᠤ ᠡᠬᠢ ᠪᠠᠶᠠᠯᠢᠭ ᠢ ᠵᠤᠬᠢᠴᠠᠭᠤᠯᠤᠨ ᠬᠦᠭᠵᠢᠭᠦᠯᠬᠦ ᠠᠵᠦ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠦ᠂ ᠱᠠᠩᠬᠠᠢ ᠶᠢᠨ ᠪᠦᠬᠦ ᠲᠡᠯᠡᠭᠡᠢ ᠶᠢᠨ ᠬᠤᠲᠠ ᠶᠢᠨ | ᠰᠢᠰᠲ᠋ᠧᠮ ᠳᠠᠬᠢ ᠨᠦᠯᠦᠭᠡᠯᠡᠬᠦ ᠬᠦᠴᠤᠨ ᠪᠤᠯᠤᠨ ᠦᠷᠢᠰᠦᠯᠲᠦᠬᠦ ᠬᠦᠴᠤᠨ ᠢ ᠪᠦᠬᠦ ᠲᠠᠯ᠎ᠠ ᠪᠠᠷ ᠲᠡᠭᠡᠭᠰᠢᠯᠡᠭᠦᠯᠬᠦ | ᠬᠡᠷᠡᠭᠲᠡᠢ᠃ | ᠭᠤᠷᠪᠠ ᠳᠤ᠂ ᠦᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠭᠦᠯᠦᠨ ᠬᠦᠭᠵᠢᠬᠦᠯᠬᠦ ᠶᠢ ᠠᠬᠢᠭᠤᠯᠬᠤ ᠬᠡᠷᠡᠭᠲᠡᠢ᠃ | ᠦᠵᠡᠯ ᠰᠠᠨᠠᠭ᠎ᠠ ᠪᠠᠨ ᠴᠢᠨᠠᠭᠰᠢᠲᠠ ᠴᠢᠯᠦᠭᠡᠯᠡᠠ᠂ ᠬᠤᠪᠢᠷᠠᠯᠲᠠ ᠶᠢ ᠵᠦᠪ ᠤᠨᠤᠪᠴᠢᠲᠠᠢ ᠲᠠᠨᠢᠵᠦ᠂ ᠰᠢᠨᠵᠢᠯᠡᠬᠦ | ᠤᠬᠠᠭᠠᠠᠴᠢ ᠪᠠᠷ ᠠᠷᠭᠠᠴᠠᠭᠠᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠲᠠᠢ ᠪᠤᠯᠭᠠᠬᠤ ᠪᠠᠷ ᠴᠢᠷᠮᠠᠶᠢᠠ᠂ | ᠭᠡᠪᠰᠢᠭᠰᠡᠡ ᠵᠢᠷᠤᠮ ᠭᠤᠷᠢᠮ᠂ ᠬᠡᠪᠰᠢᠮᠡᠯ ᠰᠡᠳᠬᠢᠬᠦᠢ ᠶᠢᠨ ᠬᠦᠯᠢᠶᠡᠰᠦᠯᠡᠯ ᠢ ᠡᠷᠡᠰ ᠡᠪᠲᠡᠵᠦ᠂ ᠴᠢᠬᠤᠯᠠ ᠬᠦᠷᠢᠶ᠎ᠠ | ᠴᠠᠷᠠᠭ᠎ᠠ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠲᠡ ᠶᠢ ᠬᠦᠨᠵᠡᠭᠡᠢ ᠠᠬᠢᠭᠤᠯᠵᠦ᠂ ᠰᠢᠰᠲ᠋ᠧᠮ ᠤᠨ | ᠨᠢᠭᠡᠳᠭᠡᠯ ᠢ ᠴᠢᠩᠭᠠᠳᠬᠠᠠ᠂ ᠤᠯᠤᠰ ᠤᠨ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠦ ᠠᠬᠤᠶᠢᠯᠠᠯ᠂ | ᠠᠷᠠᠳ ᠤᠨ ᠡᠵᠡᠩᠨᠡᠯᠲᠡ ᠶᠢᠨ ᠠᠵᠦ ᠠᠬᠤᠢ᠂ ᠬᠤᠲᠠᠯᠲᠤᠭᠠᠠ ᠤ ᠶᠠᠪᠤᠳᠠᠯ ᠤᠨ ᠲᠦᠷᠢᠮ᠂ ᠨᠡᠶᠢᠭᠡᠮ ᠤᠨ ᠢᠲᠡᠭᠡᠮᠵᠢ᠂ | ᠴᠢᠲᠠᠪᠤᠷᠢᠲᠠᠠ ᠤ ᠬᠦᠭᠵᠢᠯᠲᠠ᠂ ᠬᠤᠲᠠ ᠶᠢᠨ ᠬᠠᠮᠢᠶᠠᠷᠤᠯᠲᠠ᠂ ᠠᠷᠠᠳ ᠤᠨ ᠠᠮᠢᠲᠤᠷᠠᠯ ᠤᠨ ᠪᠠᠲᠤᠯᠠᠭ᠎ᠠ ᠵᠡᠷᠭᠡ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠲᠡᠭᠦᠯᠲᠡᠷᠵᠢᠭᠦᠯᠦᠨ ᠨᠠᠶᠢᠲᠠᠪᠤᠷᠢᠵᠢᠭᠤᠯᠵᠦ᠂ ᠦᠭᠡᠷᠡᠴᠢᠯᠡᠯᠲᠡ ᠶᠢᠨ | ᠶᠡᠷᠦᠩᠭᠡᠶᠢᠯᠡᠭᠰᠡᠡ ᠦᠷ᠎ᠠ ᠠᠰᠢᠬ ᠢ ᠶᠡᠬᠡᠰᠬᠡᠬᠦ ᠬᠡᠷᠡᠭᠲᠡᠢ᠃ ᠬᠦᠷᠦᠩᠭᠡ ᠶᠢᠨ ᠵᠠᠬ᠎ᠠ ᠳᠡᠯᠭᠡᠭᠦᠷ ᠤᠨ | ᠦᠭᠡᠷᠡᠴᠢᠯᠠᠯᠳᠠ ᠶᠢ ᠭᠦᠨᠵᠡᠭᠡᠶᠢᠷᠡᠭᠦᠯᠵᠤ᠂ ᠨᠡᠩ ᠤᠯᠠᠨ ᠤᠷᠤᠨ ᠨᠤᠳᠤᠭ ᠤᠨ ᠰᠢᠨᠵᠢᠯᠡᠭᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠠ ᠶᠢ ᠡᠭᠦᠳᠭᠦ ᠠᠵᠤ ᠠᠬᠤᠶᠢᠯᠠᠯ ᠢ ᠲᠠᠳᠠᠨ ᠤᠷᠤᠭᠤᠯᠬᠤ ᠪᠠ ᠪᠤᠶᠢᠵᠢᠭᠤᠯᠵᠤ ᠪᠤᠵᠠᠭᠠᠶᠢᠷᠠᠭᠤᠯᠬᠤ | ᠬᠡᠷᠡᠭᠲᠡᠢ᠃ ᠬᠠᠮᠤᠭ ᠤᠨ ᠦᠨᠳᠤᠷ ᠪᠠᠷᠢᠮᠵᠢᠶ᠎ᠠ᠂ ᠬᠠᠮᠤᠭ ᠤᠨ ᠦᠨᠳᠤᠷ ᠲᠦᠪᠰᠢᠨ ᠢ ᠬᠠᠷᠠᠭᠠᠯᠠᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠤ᠂ ᠤᠯᠠᠨ ᠤᠯᠤᠰ ᠤᠨ ᠲᠡᠷᠢᠭᠦᠨ ᠵᠡᠷᠭᠡ ᠶᠢᠨ ᠠᠷᠠᠯᠵᠢᠶ᠎ᠠ | ᠡᠵᠡᠩᠨᠡᠬᠦ ᠤᠷᠴᠢᠨ ᠨᠦᠬᠦᠴᠡᠯ ᠢ ᠡᠭᠦᠳᠬᠦ ᠭᠡᠷᠡᠭᠲᠡᠢ᠃ ᠨᠡᠩ ᠭᠦᠨ ᠲᠠᠪᠬᠤᠷᠭ᠎ᠠ ᠨᠡᠩ ᠦᠷᠭᠡᠨ ᠭᠦᠷᠢᠶ᠎ᠠ ᠳᠤ᠂ ᠨᠡᠩ | ᠶᠡᠭᠡ ᠭᠦᠴᠤᠯᠡᠴᠠ ᠪᠠᠷ ᠪᠦᠬᠦ ᠲᠠᠯ᠎ᠠ ᠶᠢᠨ ᠪᠦᠭᠡᠳ ᠦᠨᠳᠤᠷ ᠲᠦᠪᠰᠢᠨ ᠲᠠᠢ ᠨᠡᠭᠡᠭᠡᠯᠳᠠ ᠶᠢ ᠠᠬᠢᠭᠤᠯᠵᠤ᠂ ᠠᠯᠤᠰ | ᠬᠡᠳᠦ ᠶᠢᠨ ᠭᠦᠭᠵᠢᠯᠳᠠ ᠳᠤ ᠰᠠᠭᠤᠷᠢ ᠶᠢ ᠪᠠᠬᠢᠵᠢᠭᠦᠯᠬᠦ ᠭᠡᠷᠡᠭᠲᠡᠢ᠃ ᠠᠷᠠᠳ ᠤᠨ ᠡᠵᠡᠩᠨᠡᠯᠳᠠ ᠶᠢᠨ ᠠᠵᠤ | ᠠᠬᠤᠶᠢᠯᠠᠯ ᠤᠨ ᠭᠦᠭᠵᠢᠯᠳᠡ ᠶᠢ ᠵᠤᠷᠢᠬᠵᠢᠭᠤᠯᠬᠤ᠂ ᠲᠡᠮᠵᠢᠬᠦ᠂ ᠲᠠᠭᠠᠭᠤᠯᠬᠤ ᠲᠦᠷᠤ ᠶᠢᠨ ᠪᠤᠳᠤᠯᠭ᠎ᠠ ᠠᠷᠭ᠎ᠠ | ᠭᠡᠮᠵᠢᠶ᠎ᠠ ᠶᠢ ᠲᠦᠷᠦᠬᠦᠯᠡᠨ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠭᠦᠭᠵᠢᠯᠳᠠ ᠳᠤ ᠰᠠᠶᠢᠨ ᠰᠠᠶᠢᠬᠠᠨ ᠪᠠᠶᠢᠭᠤᠯᠤᠯ ᠤᠨ ᠤᠷᠴᠢᠨ ᠢ ᠡᠭᠦᠳᠴᠤ ᠦᠭᠬᠦ ᠭᠡᠷᠡᠭᠲᠡᠢ᠃ | ᠲᠦᠷᠪᠡ ᠳᠤ᠂ ᠨᠡᠶᠢᠭᠡᠮ ᠤᠨ ᠵᠠᠰᠠᠯᠳᠠ ᠶᠢᠨ ᠰᠢᠨ᠎ᠠ ᠶᠢ ᠡᠭᠦᠳᠭᠦ ᠶᠢ ᠭᠦᠨᠵᠡᠭᠡᠶᠢᠷᠡᠭᠦᠯᠬᠦ ᠭᠡᠷᠡᠭᠲᠡᠢ᠃ | ᠨᠡᠶᠢᠭᠡᠮ ᠤᠨ ᠵᠠᠰᠠᠯᠳᠠ ᠶᠢᠨ ᠨᠡᠶᠢᠬᠡᠮᠴᠢᠯᠡᠯᠲᠡ᠂ ᠬᠠᠤᠯᠢᠵᠢᠯᠳᠠ᠂ ᠤᠶᠤᠨᠴᠢᠯᠠᠯᠳᠡ᠂ ᠲᠤᠰᠬᠠᠶᠢᠵᠢᠯᠳᠠ ᠶᠢᠨ | ᠲᠦᠪᠰᠢᠨ ᠢ ᠲᠡᠭᠡᠭᠰᠢᠯᠡᠭᠦᠯᠵᠤ᠂ ᠨᠠᠷᠢᠨ ᠵᠦᠢᠯᠡᠰ ᠲᠤ ᠭᠦᠴᠤ ᠤᠷᠤᠭᠤᠯᠬᠤ ᠶᠢ ᠨᠡᠩ ᠴᠢᠬᠤᠯᠠᠴᠢᠯᠠᠵᠤ᠂ ᠦᠷ᠎ᠠ | ᠪᠦᠳᠤᠮᠵᠢ ᠭᠠᠷᠭᠠᠬᠤ ᠭᠡᠷᠡᠭᠲᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠠ ᠶᠢᠨ ᠦᠵᠡᠯ ᠰᠠᠨᠠᠭ᠎ᠠ ᠶᠢ | ᠪᠠᠷᠢᠮᠳᠠᠯᠠᠵᠤ᠂ ᠬᠠᠮᠳᠤ ᠪᠠᠷ ᠪᠠᠶᠢᠭᠤᠯᠬᠤ ᠬᠠᠮᠳᠤ ᠪᠠᠷ ᠵᠠᠰᠠᠬᠤ ᠬᠠᠮᠳᠤ ᠪᠠᠷ ᠡᠳ᠋ᠯᠡᠬᠦ ᠶᠢ ᠪᠠᠷᠢᠮᠳᠠᠯᠠᠨ᠂ | ᠭᠤᠤᠯᠳᠠᠯᠭ᠎ᠠ ᠪᠠᠨ ᠦᠨᠳᠤᠰᠤᠨ ᠱᠠᠳᠤᠨ ᠳᠤ ᠲᠠᠯᠪᠢᠬᠤ᠂ ᠭᠦᠴᠤ ᠪᠠᠨ ᠦᠨᠳᠤᠰᠤᠨ ᠱᠠᠳᠤᠨ ᠳᠤ ᠤᠷᠤᠭᠤᠯᠬᠤ ᠶᠢ | ᠪᠠᠷᠢᠮᠳᠠᠯᠠᠵᠤ᠂ ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠠᠵᠢᠯ ᠤᠯᠭᠤᠯᠳᠠ᠂ ᠰᠤᠷᠭᠠᠨ ᠭᠦᠮᠤᠵᠢᠯ᠂ ᠡᠮ ᠡᠮᠨᠡᠯᠭᠡ | ᠂ ᠨᠠᠰᠤᠳᠠᠨ ᠤ ᠠᠰᠠᠷᠠᠮᠵᠢ ᠵᠡᠷᠭᠡ ᠲᠤᠪᠤᠶᠢᠮ᠎ᠠ ᠠᠰᠠᠭᠤᠳᠠᠯ ᠢ ᠭᠦᠴᠤᠯᠡᠨ ᠰᠠᠶᠢᠳᠤᠷ ᠰᠢᠢᠳᠪᠤᠷᠢᠯᠠᠵᠤ᠂ ᠦᠨᠳᠤᠰᠤᠨ | ᠤᠯᠠᠨ ᠨᠠᠶᠢᠳᠠ ᠶᠢᠨ ᠦᠢᠯᠡᠴᠢᠯᠡᠭᠡᠨ ᠤ ᠲᠦᠪᠰᠢᠨ ᠪᠤᠯᠤᠨ ᠶᠠᠰᠦ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ | ᠤᠯᠠᠨ ᠲᠦᠮᠡᠨ ᠢ ᠨᠡᠩ ᠢᠯᠡᠭᠦᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ ᠪᠤᠯᠤᠨ ᠠᠮᠤᠷ | ᠲᠦᠪᠰᠢᠨ ᠤ ᠲᠦᠷᠦᠭᠳᠡᠯ ᠲᠠᠢ ᠪᠤᠯᠭᠠᠬᠤ ᠭᠡᠷᠡᠭᠳᠠᠢ᠃ | ᠲᠠᠪᠤ ᠳᠤ᠂ ᠨᠠᠮ ᠤᠨ ᠪᠠᠶᠢᠭᠤᠯᠤᠯᠳᠠ ᠶᠢᠨ ᠶᠠᠰᠦ ᠴᠢᠨᠠᠷ ᠪᠤᠯᠤᠨ ᠲᠦᠪᠰᠢᠨ ᠢ ᠲᠡᠭᠡᠭᠰᠢᠯᠡᠭᠦᠯᠬᠦ ᠭᠡᠷᠡᠭᠲᠡᠢ᠃ | ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠨ᠂ | ᠨᠠᠮ ᠤᠨ ᠤᠯᠤᠰ ᠲᠦᠷᠤ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ | ᠪᠠᠶᠢᠭᠤᠯᠤᠯᠳᠠ ᠶᠢᠨ ᠴᠤᠬᠴᠠᠵᠢᠯᠳᠠ᠂ ᠰᠤᠷᠳᠠᠯ ᠤᠨ ᠪᠠᠶᠢᠭᠤᠯᠤᠯᠳᠠ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ | ᠪᠦᠭᠦ ᠲᠠᠯ᠎ᠠ ᠪᠠᠷ ᠠᠬᠢᠭᠤᠯᠬᠤ ᠭᠡᠷᠡᠭᠲᠡᠢ᠃ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ᠂ ᠪᠦᠭᠦ ᠲᠠᠯ᠎ᠠ ᠪᠠᠷ | ᠴᠢᠩᠳᠠᠯᠠᠬᠤ᠂ ᠡᠴᠤᠰ ᠲᠤᠨᠢ ᠲᠤᠯᠳᠠᠯ᠎ᠠ ᠴᠢᠩᠳᠠᠯᠠᠬᠤ ᠶᠢ ᠪᠠᠷᠢᠮᠳᠠᠯᠠᠵᠤ᠂ ᠨᠠᠮ ᠢ ᠬᠠᠮᠢᠶᠠᠷᠬᠤ ᠨᠠᠮ ᠢ ᠵᠠᠰᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ | ᠪᠠᠶᠢᠭᠤᠯᠤᠯᠳᠠ ᠶᠢᠨ ᠱᠤᠭᠤᠮ ᠢ ᠲᠤᠭᠤᠰᠢᠯᠡᠭᠤᠯᠵᠤ᠂ ᠤᠯᠤᠰ ᠲᠦᠷᠤ ᠶᠢᠨ ᠪᠠᠷᠢᠮᠵᠢᠶ᠎ᠠ ᠶᠢ ᠨᠢᠭᠡᠳᠤᠭᠡᠷ ᠪᠠᠷᠢᠮᠵᠢᠶ᠎ᠠ | ᠪᠤᠯᠭᠠᠬᠤ ᠶᠢ ᠪᠠᠷᠢᠮᠳᠠᠯᠠᠨ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠬᠡᠯᠡᠳᠡᠭ ᠦᠨᠳᠤᠷ ᠬᠡᠪ | ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠺᠠᠳ᠋ᠷ ᠤᠨ ᠡᠩᠨᠡᠭᠡ ᠶᠢ ᠤᠯᠤᠰ ᠲᠦᠷᠤ ᠶᠢᠨ ᠲᠠᠯ᠎ᠠ ᠪᠠᠷ | ᠢᠳᠠᠭᠡᠮᠵᠢᠳᠠᠢ᠂ ᠨᠡᠶᠢᠳᠠᠪᠤᠷᠢᠳᠠᠢ᠂ ᠰᠠᠨᠠᠭ᠎ᠠ ᠠᠮᠤᠷ ᠪᠤᠯᠭᠠᠬᠤ ᠬᠡᠷᠡᠭᠲᠡᠢ᠃ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠪᠠᠨ ᠴᠢᠩᠭᠠᠳᠬᠠᠵᠤ᠂ | ᠦᠵᠡᠯ ᠰᠠᠨᠠᠭᠠᠨ ᠤ ᠤᠬᠠᠮᠰᠠᠷ ᠪᠤᠯᠤᠨ ᠤᠨᠤᠯ ᠤᠨ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ | ᠬᠦᠰᠡᠯᠡᠩ ᠢᠳᠡᠭᠡᠯ ᠪᠢᠰᠢᠷᠡᠯ ᠢᠶᠠᠨ ᠪᠠᠳᠤᠵᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ ︽ᠲᠦᠷᠪᠡᠨ | ᠢᠳᠡᠭᠡᠯ︾ ᠢᠶᠠᠨ ᠪᠠᠳᠤᠳᠬᠠᠵᠦ᠂ ᠦᠵᠡᠯ ᠰᠠᠨᠠᠭᠠᠨ ᠤ ᠺᠠᠯᠼ ᠢ ᠭᠦᠢᠴᠡᠳ ᠨᠦᠭᠦᠪᠤᠷᠢᠯᠠᠵᠤ᠂ ᠦᠵᠡᠯ ᠰᠠᠨᠠᠭᠠᠨ ᠤ | ᠵᠠᠯᠠᠭᠤᠷ ᠢᠶᠠᠨ ᠰᠠᠶᠢᠳᠤᠷ ᠡᠵᠡᠮᠳᠠᠭᠦ ᠭᠡᠷᠡᠭᠳᠠᠢ᠃ ᠡᠯ᠎ᠠ ᠭᠦᠷᠢᠶ᠎ᠠ ᠴᠠᠷᠠᠭ᠎ᠠ ᠶᠢᠨ ᠲᠤᠰᠬᠠᠢ ᠮᠡᠷᠭᠡᠵᠢᠯ ᠤᠨ | ᠴᠢᠳᠠᠪᠤᠷᠢᠳᠠᠨ ᠢ ᠲᠦᠷᠭᠡᠪᠴᠢᠯᠡᠨ ᠭᠦᠮᠤᠵᠢᠭᠦᠯᠵᠤ᠂ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠮᠡᠳᠡᠯᠭᠡ ᠪᠠᠨ | ᠰᠢᠨᠡᠴᠢᠯᠡᠨ᠂ ᠴᠢᠳᠠᠪᠤᠷᠢ ᠪᠠᠨ ᠲᠡᠭᠡᠭᠰᠢᠯᠡᠭᠦᠯᠵᠤ᠂ ᠰᠠᠯᠬᠢ ᠪᠤᠷᠤᠭᠠᠨ ᠢ ᠲᠤᠭᠤᠯᠤᠨ᠂ ᠲᠤᠷᠰᠢᠯᠭ᠎ᠠ ᠪᠠᠨ | ᠨᠡᠮᠡᠭᠳᠠᠭᠦᠯᠵᠤ᠂ ᠰᠢᠨᠲᠠᠰᠦ ᠡᠷᠴᠢᠯᠡᠨ ᠰᠢᠷᠪᠤᠰᠦ ᠴᠢᠩᠭᠠᠯᠠᠵᠤ᠂ ᠠᠪᠢᠶᠠᠰ ᠴᠢᠲᠠᠪᠤᠷᠢ ᠪᠠᠨ ᠨᠡᠮᠡᠭᠳᠠᠭᠦᠯᠭᠦ ᠶᠢ | ᠳᠠᠭᠠᠭᠤᠯᠬᠤ ᠭᠡᠷᠡᠭᠲᠡᠢ᠃ ᠴᠢᠳᠠᠪᠤᠷᠢᠳᠠᠨ ᠢ ᠤᠷᠢᠵᠦ ᠠᠪᠴᠢᠷᠠᠬᠤ ᠵᠠᠮ ᠢ ᠦᠷᠭᠡᠳᠭᠡᠨ᠂ ᠡᠯ᠎ᠠ ᠲᠠᠯ᠎ᠠ ᠶᠢᠨ ᠰᠢᠯᠢᠳᠡᠭ | ᠴᠢᠳᠠᠪᠤᠷᠢᠳᠠᠨ ᠢ ᠦᠷᠭᠡᠨ ᠢᠶᠠᠷ ᠴᠤᠭᠯᠠᠷᠠᠭᠤᠯᠬᠤ ᠭᠡᠷᠡᠭᠲᠡᠢ᠃ ᠨᠠᠮ ᠤᠨ ᠦᠨᠳᠤᠰᠤᠨ ᠱᠠᠳᠤᠨ ᠤ ᠵᠤᠬᠢᠶᠠᠨ | ᠪᠠᠶᠢᠭᠤᠯᠤᠯᠳᠠ ᠶᠢᠨ ᠴᠤᠭᠴᠠᠯᠠᠯᠲᠠ ᠶᠢ ᠴᠢᠩᠭᠠᠳᠬᠠᠨ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠳᠠ ᠶᠢ | ᠦᠨᠳᠤᠰᠤᠨ ᠱᠠᠳᠤᠨ ᠳᠤ ᠪᠠᠭᠤᠯᠭᠠᠵᠤ᠂ ᠦᠨᠳᠦᠰᠦᠨ ᠱᠠᠳᠤ ᠶᠢ ᠪᠤᠳᠠᠳᠠᠶᠢᠵᠢᠭᠤᠯᠵᠦ᠂ ᠦᠨᠳᠤᠰᠤᠨ ᠱᠠᠳᠤᠨ ᠤ | ᠵᠤᠬᠢᠶᠠᠨ ᠪᠠᠶᠢᠭᠤᠯᠤᠯᠳᠠ ᠪᠦᠬᠦᠨ ᠢ ᠴᠦᠮ ᠬᠠᠳᠠᠨ ᠪᠠᠳᠤ ᠳᠠᠶᠢᠴᠢᠨ ᠪᠠᠬᠢᠯᠡᠯᠲᠡ ᠪᠤᠯᠭᠠᠨ ᠪᠦᠳᠤᠭᠡᠨ ᠪᠠᠶᠢᠭᠤᠯᠬᠤ | ᠭᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠨᠡᠶᠢᠭᠡᠮ | ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠪᠠᠳᠠᠷᠠᠭᠤᠯᠵᠤ᠂ ᠢᠳᠡᠪᠬᠢ ᠬᠦᠴᠦᠨ ᠢ ᠪᠠᠳᠠᠷᠠᠭᠤᠯᠬᠤ | ᠭᠡᠷᠡᠭᠳᠠᠢ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠰᠢ ᠶᠢᠨ ᠫᠢᠡᠭ ᠱᠠᠩᠬᠠᠢ ᠳᠤ ᠰᠠᠭᠤᠭ᠎ᠠ ᠴᠡᠷᠢᠭ ᠠᠩᠬᠢ ᠶᠢᠨ | ᠲᠡᠳ᠋ ᠳ᠋ᠢᠸᠢᠽᠢ ᠶᠢᠨ ᠲᠤᠰᠢᠶᠠᠯ ᠠᠴᠠ ᠲᠡᠭᠡᠭᠰᠢᠬᠢ ᠤᠳᠤᠷᠢᠳᠬᠤ ᠺᠠᠳ᠋ᠷᠴᠤᠳ ᠪᠤᠯᠤᠨ ᠬᠤᠷᠢᠶ᠎ᠠ ᠶᠢᠨ ᠲᠡᠰ ᠤᠨ | ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠳ ᠢ ᠳᠤᠲᠤᠨᠤ ᠪᠠᠷ ᠬᠦᠯᠢᠶᠡᠨ ᠠᠪᠴᠤ ᠠᠭᠤᠯᠵᠠᠨ᠂ ᠨᠠᠮ ᠤᠨ | ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠦᠯᠤᠭᠡᠯᠡᠨ ᠱᠠᠩᠬᠠᠢ ᠳᠤ ᠰᠠᠭᠤᠭ᠎ᠠ | ᠴᠡᠷᠢᠭ ᠠᠩᠬᠢ ᠶᠢᠨ ᠪᠦᠭᠦ ᠲᠠᠷᠤᠭ᠎ᠠ ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ ᠵᠠᠩ | ᠶᠢᠤ ᠰᠢᠶᠠ ᠪᠠᠷ᠎ᠠ ᠪᠤᠯᠵᠤ ᠠᠭᠤᠯᠵᠠᠪᠠ᠃ | ᠳ᠋ᠢᠩ ᠰᠢᠤᠸᠠᠢ ᠰᠢᠶᠠᠩ᠂ ᠯᠢᠤ ᠾᠧ᠂ ᠾᠧ ᠯᠢ ᠹᠸᠡᠭ ᠪᠤᠯᠤᠨ ᠲᠦᠪ ᠤᠨ ᠬᠠᠮᠢᠶ᠎ᠠ ᠪᠦᠭᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ | |